home
home
ᠪᠠᠶᠢᠭᠤᠯᠭ᠎ᠠ ᠶᠢᠨ ᠲᠤᠢᠮᠤ ᠪᠠᠶᠢᠳᠠᠯ

ᠬᠢᠨᠭᠭᠠᠨ ᠠᠶᠢᠮᠠᠭ ᠎ ᠤᠨ ᠰᠤᠷᠭᠠᠨ ᠬᠦᠮᠥᠵᠢᠯ ᠦᠨ ᠲᠣᠪᠴᠢᠶ᠎ᠠ ᠶᠢᠨ ᠦᠨᠳᠦᠰᠦᠨ ᠪᠠᠶᠢᠳᠠᠯ

ᠬᠢᠨᠭᠭᠠᠨ ᠠᠶᠢᠮᠠᠭ ᠤᠨ ᠰᠤᠷᠭᠠᠨ ᠬᠦᠮᠥᠵᠢᠯ ᠦᠨ ᠲᠣᠪᠴᠢᠶ᠎ᠠ  ᠨᠢ ᠠᠶᠢᠮᠠᠭ ᠤᠨ ᠵᠠᠬᠢᠷᠭ᠎ᠠ ᠰᠤᠷᠭᠠᠨ ᠬᠦᠮᠥᠵᠢᠯ ᠦᠨ ᠠᠵᠢᠯ ᠦᠢᠯᠡᠰ ᠦᠨ ᠠᠵᠢᠯ ᠤᠨ ᠠᠵᠢᠯᠯᠠᠬᠤ ᠭᠠᠵᠠᠷ ᠮᠦᠨ ᠃ ᠡᠭᠦᠨ ᠳᠦ ᠠᠷᠪᠠᠨ ᠨᠢᠭᠡᠨ ᠰᠠᠯᠠᠭ᠎ᠠ ᠲᠠᠰᠤᠭ ᠵᠢᠴᠢ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ( ᠬᠢᠨᠠᠨ ᠪᠠᠶᠢᠴᠠᠭᠠᠬᠤ ᠲᠠᠰᠤᠭ ) ·ᠠᠯᠪᠠᠨ ᠭᠡᠷ ( ᠨᠠᠮ ᠤᠨ ᠬᠤᠷᠢᠶᠠᠨ ᠤ ᠠᠯᠪᠠᠨ ᠭᠡᠷ ) · ᠠᠵᠢᠯᠳᠠᠨ ᠤ ᠶᠠᠪᠤᠳᠠᠯ ᠤᠨ ᠲᠠᠰᠤᠭ ᠪᠣᠯᠤᠨ ᠭᠠᠳᠠᠭᠠᠳᠤ ᠶᠠᠪᠤᠳᠠᠯ ᠤᠨ ᠲᠠᠰᠤᠭ ( ᠠᠶᠢᠮᠠᠭ ᠤᠨ ᠬᠢᠲᠠᠳ ᠬᠡᠯᠡ ᠦᠰᠦᠭ ᠪᠢᠴᠢᠭ ᠦᠨ ᠠᠵᠢᠯ ᠤᠨ ᠵᠥᠪᠯᠡᠯ ᠦᠨ ᠠᠯᠪᠠᠨ ᠭᠡᠷ ) ᠪᠠᠭᠰᠢ ᠶᠢᠨ ᠠᠵᠢᠯ ᠤᠨ ᠬᠠᠮᠢᠶᠠᠷᠤᠯᠲᠠ ᠶᠢᠨ ᠰᠠᠯᠠᠭ᠎ᠠ · ᠡᠳ᠋ ᠦᠨ ᠵᠠᠰᠠᠭ ᠤᠨ ᠲᠥᠰᠥᠪᠯᠡᠯᠲᠡ ᠶᠢᠨ ᠰᠠᠯᠠᠭ᠎ᠠ · ᠰᠠᠭᠤᠷᠢ ᠰᠤᠷᠭᠠᠨ ᠬᠦᠮᠥᠵᠢᠯ ᠦᠨ ᠰᠠᠯᠠᠭ᠎ᠠ · ᠪᠡᠶ᠎ᠡ ᠲᠠᠮᠢᠷ ᠡᠷᠡᠭᠦᠯ ᠬᠠᠮᠠᠭᠠᠯᠠᠯ ᠪᠣᠯᠤᠨ ᠤᠷᠠᠯᠢᠭ ᠤᠨ ᠰᠤᠷᠭᠠᠨ ᠬᠦᠮᠥᠵᠢᠯ ᠦᠨ ᠰᠠᠯᠠᠭ᠎ᠠ · ᠰᠤᠷᠬᠤ ᠠᠴᠠ ᠡᠮᠦᠨᠡᠬᠢ ᠰᠤᠷᠭᠠᠨ ᠬᠦᠮᠥᠵᠢᠯ ᠦᠨ ᠰᠠᠯᠠᠭ᠎ᠠ · ᠲᠤᠰᠬᠠᠢ ᠮᠡᠷᠭᠡᠵᠢᠯ ᠦᠨ ᠰᠤᠷᠭᠠᠨ ᠬᠦᠮᠥᠵᠢᠯ ᠪᠣᠯᠤᠨ ᠨᠠᠰᠤᠨ ᠳᠤ ᠬᠦᠷᠦᠭᠰᠡᠳ ᠦᠨ ᠰᠤᠷᠭᠠᠨ ᠬᠦᠮᠥᠵᠢᠯ ᠦᠨ ᠰᠠᠯᠠᠭ᠎ᠠ · ᠦᠨᠳᠦᠰᠦᠲᠡᠨ ᠦ ᠰᠤᠷᠭᠠᠨ ᠬᠦᠮᠥᠵᠢᠯ ᠦᠨ ᠰᠠᠯᠠᠭ᠎ᠠ · ᠬᠢᠨᠠᠨ ᠵᠢᠯᠣᠭᠣᠳᠬᠤ ᠲᠠᠰᠤᠭ ( ᠠᠶᠢᠮᠠᠭ ᠤᠨ ᠵᠠᠰᠠᠭ ᠵᠠᠬᠢᠷᠭᠠᠨ ᠤ ᠰᠤᠷᠭᠠᠨ ᠬᠦᠮᠥᠵᠢᠯ ᠦᠨ ᠬᠢᠨᠠᠨ ᠵᠢᠯᠣᠭᠣᠳᠬᠤ ᠵᠥᠪᠯᠡᠯ ᠦᠨ ᠠᠯᠪᠠᠨ ᠭᠡᠷ ) · ᠠᠮᠤᠷ ᠲᠦᠪᠰᠢᠨ ᠦ ᠰᠠᠯᠠᠭ᠎ᠠ · ᠬᠢᠨᠠᠨ ᠬᠠᠮᠢᠶᠠᠷᠤᠯᠲᠠ ᠶᠢᠨ ᠳᠤᠭᠤᠶᠢᠯᠠᠩ ( ᠬᠢᠨᠠᠨ ᠪᠠᠶᠢᠴᠠᠭᠠᠬᠤ ᠲᠠᠰᠤᠭ ) ᠢ ᠪᠠᠭᠲᠠᠭᠠᠨ᠎ᠠ ᠃

ᠤᠳᠤᠬᠢ ᠠᠯᠪᠠ ᠬᠠᠭᠠᠵᠤ ᠪᠦᠬᠦᠢ ᠠᠯᠪᠠᠲᠠᠨ 28 ᠨᠡᠷᠡᠰ · ᠡᠭᠦᠨ ᠳᠦ ᠲᠣᠪᠴᠢᠶᠠᠨ ᠳᠠᠷᠤᠭ᠎ᠠ · ᠨᠠᠮ ᠤᠨ ᠡᠭᠦᠷ  ᠦᠨ ᠱᠦᠵᠢ ᠲᠤᠰ ᠲᠤᠰ 1 ᠨᠡᠷᠡᠰ · ᠳᠡᠳ᠋ ᠲᠣᠪᠴᠢᠶᠠᠨ ᠳᠠᠷᠤᠭ᠎ᠠ 3 ᠨᠡᠷᠡᠰ · ᠬᠢᠨᠠᠨ ᠪᠠᠶᠢᠴᠠᠭᠠᠬᠤ ᠲᠠᠰᠤᠭ ᠤᠨ ᠳᠠᠷᠤᠭ᠎ᠠ 1 ᠨᠡᠷᠡᠰ · ᠰᠠᠯᠪᠤᠷᠢ ᠶᠢᠨ ᠳᠠᠷᠤᠭ᠎ᠠ ( ᠡᠷᠬᠢᠯᠡᠭᠴᠢ ) 12 ᠨᠡᠷᠡᠰ · ᠳᠡᠳ᠋ ᠰᠠᠯᠠᠭᠠᠨ ᠳᠠᠷᠤᠭ᠎ᠠ 3 ᠨᠡᠷᠡᠰ · ᠳᠡᠳ᠋ ᠡᠷᠬᠢᠯᠡᠭᠴᠢ ᠶᠢᠨ ᠪᠢᠴᠢᠭᠡᠴᠢ 5 ᠨᠡᠷᠡᠰ · ᠪᠠᠶᠢᠴᠠᠭᠠᠨ ᠰᠤᠳᠤᠯᠤᠭᠴᠢ 1 ᠨᠡᠷᠡᠰ · ᠳᠡᠳ᠋ ᠪᠠᠶᠢᠴᠠᠭᠠᠨ ᠰᠤᠳᠤᠯᠤᠭᠴᠢ 1 ᠨᠡᠷᠡᠰ · ᠪᠢᠴᠢᠭᠡᠴᠢ3 ᠨᠡᠷᠡᠰ ᠪᠣᠯᠤᠨ᠎ᠠ ᠃

ᠬᠢᠨᠭᠭᠠᠨ ᠠᠶᠢᠮᠠᠭ ᠦᠨ ᠰᠤᠷᠭᠠᠨ ᠬᠦᠮᠥᠵᠢᠯ ᠦᠨ ᠲᠣᠪᠴᠢᠶ᠎ᠠ ᠶᠢᠨ ᠭᠣᠣᠯ ᠡᠭᠦᠷᠭᠡ ᠬᠠᠷᠢᠭᠤᠴᠠᠯᠭ᠎ᠠ ᠄

(1) ᠨᠠᠮ ᠪᠡ ᠲᠦᠷᠦ ᠶᠢᠨ ᠰᠤᠷᠭᠠᠨ ᠬᠦᠮᠥᠵᠢᠯ ᠦᠨ ᠠᠵᠢᠯ ᠤᠨ ᠴᠢᠭᠯᠡᠯᠲᠡ · ᠲᠦᠷᠦ ᠶᠢᠨ ᠪᠣᠳᠣᠯᠭ᠎ᠠ · ᠬᠠᠤᠯᠢ ᠴᠠᠭᠠᠵᠠ · ᠬᠠᠤᠯᠢ ᠳᠦᠷᠢᠮ ᠵᠢᠴᠢ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠥᠵᠢᠯ ᠦᠨ ᠬᠥᠭᠵᠢᠯᠲᠡ ᠶᠢᠨ ᠴᠢᠭᠯᠡᠯᠲᠡ · ᠲᠦᠷᠦ ᠶᠢᠨ ᠪᠣᠳᠣᠯᠭ᠎ᠠ · ᠠᠷᠭ᠎ᠠ ᠠᠪᠴᠠᠯ ᠢ ᠲᠤᠤᠰᠯᠠᠭᠤᠯᠵᠤ ᠬᠡᠷᠡᠭᠵᠢᠭᠦᠯᠦᠨ᠎ᠡ ᠃ ᠪᠥᠬᠥ ᠠᠶᠢᠮᠠᠭ ᠤᠨ ᠰᠤᠷᠭᠠᠨ ᠬᠦᠮᠥᠵᠢᠯ ᠦᠨ ᠦᠭᠡᠷᠡᠴᠢᠯᠡᠯᠲᠡ ᠪᠣᠯᠤᠨ ᠬᠥᠭᠵᠢᠯᠲᠡ ᠶᠢᠨ ᠠᠷᠭ᠎ᠠ ᠪᠣᠳᠣᠯᠭ᠎ᠠ ᠪᠡ ᠰᠤᠷᠭᠠᠨ ᠬᠦᠮᠥᠵᠢᠯ ᠦᠨ ᠦᠢᠯᠡᠰ ᠦᠨ ᠬᠥᠭᠵᠢᠯᠲᠡ ᠶᠢᠨ ᠲᠥᠰᠥᠪᠯᠡᠭᠡ ᠶᠢ ᠰᠤᠳᠤᠯᠵᠤ ᠲᠣᠭᠲᠠᠭᠠᠬᠤ · ᠬᠢᠨᠠᠨ ᠬᠠᠮᠢᠶᠠᠷᠬᠤ ᠠᠵᠢᠯ ᠢ ᠶᠠᠪᠤᠭᠳᠠᠭᠤᠯᠤᠨ᠎ᠠ ᠃ ᠪᠥᠬᠥ ᠠᠶᠢᠮᠠᠭ ᠤᠨ ᠰᠤᠷᠭᠠᠨ ᠬᠦᠮᠥᠵᠢᠯ ᠦᠨ ᠰᠢᠰᠲ᠋ᠧᠮ ᠦᠨ ᠰᠤᠷᠭᠠᠨ ᠬᠦᠮᠥᠵᠢᠯ ᠦᠨ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠠᠵᠢᠯ  ᠢ ᠬᠠᠷᠢᠭᠤᠴᠠᠨ᠎ᠠ ᠃

(2) ᠪᠥᠬᠥ ᠠᠶᠢᠮᠠᠭ ᠤᠨ ᠡᠯ᠎ᠡ ᠳᠠᠰ ᠡᠯ᠎ᠡ ᠲᠥᠷᠥᠯ ᠦᠨ ᠰᠤᠷᠭᠠᠨ ᠬᠦᠮᠥᠵᠢᠯ ᠦᠨ ᠵᠣᠬᠢᠰᠲᠠᠢ ᠲᠥᠰᠥᠪᠯᠡᠯᠲᠡ ᠪᠣᠯᠤᠨ ᠬᠠᠮᠢᠶᠠᠷᠤᠯᠲᠠ ᠶᠢᠨ ᠲᠣᠬᠢᠷᠠᠭᠤᠯᠤᠯᠲᠠ ᠶᠢ ᠬᠠᠷᠢᠭᠤᠴᠠᠨ᠎ᠠ · ᠪᠥᠬᠥ ᠠᠶᠢᠮᠠᠭ ᠤᠨ ᠳᠤᠮᠳᠠ ᠵᠡᠷᠭᠡ ᠵᠢᠴᠢ ᠡᠭᠦᠨ ᠡᠴᠡ ᠳᠣᠣᠷᠠᠬᠢ ᠡᠯ᠎ᠡ ᠳᠠᠰ ᠡᠯ᠎ᠡ ᠲᠥᠷᠥᠯ ᠦᠨ ᠰᠤᠷᠭᠠᠭᠤᠯᠢ ᠶᠢᠨ ᠰᠤᠷᠭᠠᠨ ᠬᠦᠮᠥᠵᠢᠯ ᠦᠨ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢ ᠵᠢᠯᠣᠭᠣᠳᠤᠨ᠎ᠠ ᠃ ᠰᠤᠷᠭᠠᠨ ᠬᠦᠮᠥᠵᠢᠯ ᠦᠨ ᠦᠨᠳᠦᠰᠦᠨ ᠪᠠᠶᠢᠳᠠᠯ ᠤᠨ ᠪᠦᠷᠢᠳᠭᠡᠯ · ᠵᠠᠳᠠᠯᠤᠯᠲᠠ ᠪᠣᠯᠤᠨ ᠨᠡᠢᠲᠡᠯᠡᠯᠲᠡ ᠶᠢ ᠬᠠᠷᠢᠭᠤᠴᠠᠨ᠎ᠠ ᠃

(3) ᠠᠯᠪᠠᠨ ᠵᠢᠷᠤᠮ  ᠤᠨ ᠰᠤᠷᠭᠠᠨ ᠬᠦᠮᠥᠵᠢᠯ ᠦᠨ ᠲᠡᠨᠭᠴᠡᠭᠦᠷᠢᠲᠠᠢ ᠬᠥᠭᠵᠢᠯᠲᠡ ᠪᠡ ᠰᠤᠷᠭᠠᠨ ᠬᠦᠮᠥᠵᠢᠯ ᠦᠨ ᠭᠣᠣᠯᠴᠢ  ᠶᠢ ᠲᠦᠯᠬᠢᠨ ᠠᠬᠢᠭᠤᠯᠬᠤ · ᠦᠨᠳᠦᠷ ᠬᠢᠷᠢ ᠲᠦᠪᠰᠢᠨ ᠦᠨᠳᠦᠷ ᠴᠢᠨᠠᠷ ᠴᠢᠨᠰᠠᠭ᠎ᠠ ᠲᠡᠢ ᠶᠢᠰᠦᠨ ᠵᠢᠯ ᠦᠨ ᠠᠯᠪᠠᠨ ᠵᠢᠷᠤᠮ ᠤᠨ ᠰᠤᠷᠭᠠᠨ ᠬᠦᠮᠥᠵᠢᠯ ᠦᠨ ᠠᠵᠢᠯ ᠤᠨ ᠦᠷᠭᠡᠵᠢᠯᠲᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ ᠦᠨᠳᠦᠷ ᠵᠡᠷᠭᠡ ᠶᠢᠨ ᠰᠤᠷᠭᠠᠨ ᠬᠦᠮᠥᠵᠢᠯ · ᠴᠡᠴᠡᠷᠯᠢᠭ ᠦᠨ ᠰᠤᠷᠭᠠᠨ ᠬᠦᠮᠥᠵᠢᠯ · ᠦᠨᠳᠦᠰᠦᠲᠡᠨ ᠦ ᠰᠠᠭᠤᠷᠢ ᠰᠤᠷᠭᠠᠨ ᠬᠦᠮᠥᠵᠢᠯ ᠪᠣᠯᠤᠨ ᠠᠷᠠᠳ ᠠᠴᠠ ᠡᠷᠬᠢᠯᠡᠭᠰᠡᠨ ᠰᠠᠭᠤᠷᠢ ᠰᠤᠷᠭᠠᠨ ᠬᠦᠮᠥᠵᠢᠯ · ᠲᠤᠰᠬᠠᠢ ᠰᠤᠷᠭᠠᠨ ᠬᠦᠮᠥᠵᠢᠯ ᠦᠨ ᠠᠵᠢᠯ ᠢ ᠵᠢᠯᠣᠭᠣᠳᠤᠨ᠎ᠠ ᠃ ᠳᠤᠮᠳᠠ ᠪᠠᠭ᠎ᠠ ᠰᠤᠷᠭᠠᠭᠤᠯᠢ ᠶᠢᠨ ᠰᠤᠷᠭᠠᠭᠤᠯᠢ  ᠶᠢᠨ ᠭᠠᠳᠠᠨᠠᠬᠢ ᠰᠤᠷᠭᠠᠨ ᠬᠦᠮᠥᠵᠢᠯ ᠪᠣᠯᠤᠨ ᠠᠮᠤᠷ ᠲᠦᠪᠰᠢᠨ ᠦ ᠬᠠᠮᠢᠶᠠᠷᠤᠯᠲᠠ  ᠶᠢ ᠵᠢᠯᠣᠭᠣᠳᠴᠤ · ᠪᠥᠬᠥ ᠲᠠᠯ᠎ᠠ ᠪᠠᠷ ᠴᠢᠨᠠᠷ ᠴᠢᠨᠰᠠᠭ᠎ᠠ  ᠶᠢᠨ ᠰᠤᠷᠭᠠᠨ ᠬᠦᠮᠥᠵᠢᠯ ᠢ ᠬᠡᠷᠡᠭᠵᠢᠭᠦᠯᠦᠨ᠎ᠡ ᠃

(4) ᠰᠤᠷᠭᠠᠨ ᠬᠦᠮᠥᠵᠢᠯ  ᠦᠨ ᠬᠢᠨᠠᠨ ᠵᠢᠯᠣᠭᠣᠳᠬᠤ ᠠᠵᠢᠯ  ᠢ ᠵᠢᠯᠣᠭᠣᠳᠬᠤ ᠵᠢᠴᠢ ᠵᠣᠬᠢᠶᠠᠨ ᠪᠠᠶᠢᠭᠤᠯᠤᠨ · ᠶᠢᠰᠦᠨ ᠵᠢᠯ ᠦᠨ ᠠᠯᠪᠠᠨ ᠵᠢᠷᠤᠮ ᠤᠨ ᠰᠤᠷᠭᠠᠨ ᠬᠦᠮᠥᠵᠢᠯ ᠦᠨ ᠦᠷᠭᠡᠵᠢᠯᠲᠡ ᠶᠢ ᠵᠣᠬᠢᠶᠠᠨ ᠪᠠᠶᠢᠭᠤᠯᠵᠤ · ᠵᠠᠯᠠᠭᠤ ᠢᠳᠡᠷᠴᠤᠳ ᠤᠨ ᠰᠣᠶᠣᠯ ᠤᠨ ᠪᠠᠯᠠᠢ ᠶᠢ ᠠᠷᠢᠯᠭᠠᠬᠤ ᠪᠣᠯᠤᠨ ᠳᠤᠮᠳᠠ ᠪᠠᠭ᠎ᠠ ᠰᠤᠷᠭᠠᠭᠤᠯᠢ ᠶᠢᠨ ᠴᠢᠨᠠᠷ ᠴᠢᠨᠰᠠᠭ᠎ᠠ ᠶᠢᠨ ᠰᠤᠷᠭᠠᠨ ᠬᠦᠮᠥᠵᠢᠯ ᠦᠨ ᠠᠵᠢᠯ ᠤᠨ ᠬᠢᠨᠠᠨ ᠵᠢᠯᠣᠭᠣᠳᠬᠤ ᠪᠣᠯᠤᠨ ᠦᠨᠡᠯᠡᠯᠲᠡ · ᠰᠠᠭᠤᠷᠢ ᠰᠤᠷᠭᠠᠨ ᠬᠦᠮᠥᠵᠢᠯ ᠦᠨ ᠬᠥᠭᠵᠢᠯᠲᠡ ᠶᠢᠨ ᠬᠢᠷᠢ ᠲᠦᠪᠰᠢᠨ ᠪᠡ ᠴᠢᠨᠠᠷ ᠴᠢᠨᠰᠠᠭ᠎ᠠ ᠶᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠡᠷᠬᠢᠯᠡᠨ ᠰᠤᠷᠭᠠᠨ ᠬᠦᠮᠥᠵᠢᠯ ᠦᠨ ᠬᠢᠨᠠᠨ ᠵᠢᠯᠣᠭᠣᠳᠬᠤ ᠮᠡᠳᠡᠭᠦᠯᠦᠯᠲᠡ ᠶᠢ ᠨᠡᠶᠢᠲᠡᠯᠡᠨ᠎ᠡ ᠃

(5) ᠠᠵᠢᠯ ᠤᠯᠭᠤᠯᠲᠠ ᠪᠠᠷ ᠤᠳᠤᠷᠢᠳᠤᠮᠵᠢ ᠪᠣᠯᠭᠠᠵᠤ ᠲᠤᠰᠬᠠᠢ ᠮᠡᠷᠭᠡᠵᠢᠯ ᠦᠨ ᠰᠤᠷᠭᠠᠨ ᠬᠦᠮᠥᠵᠢᠯ ᠦᠨ ᠬᠥᠭᠵᠢᠯᠲᠡ ᠪᠣᠯᠤᠨ ᠦᠭᠡᠷᠡᠴᠢᠯᠡᠯᠲᠡ ᠶᠢ ᠵᠢᠯᠣᠭᠣᠳᠴᠤ · ᠲᠤᠰᠬᠠᠢ ᠮᠡᠷᠭᠡᠵᠢᠯ ᠦᠨ ᠵᠢᠯᠣᠭᠣᠳᠬᠤ ᠠᠵᠢᠯ ᠢ ᠡᠷᠬᠢᠯᠡᠨ᠎ᠡ ᠃ ᠦᠨᠳᠦᠰᠦᠲᠡᠨ ᠦ ᠳᠤᠮᠳᠠ ᠵᠡᠷᠭᠡ ᠶᠢᠨ ᠲᠤᠰᠬᠠᠢ ᠮᠡᠷᠭᠡᠵᠢᠯ ᠦᠨ ᠰᠤᠷᠭᠠᠨ ᠬᠦᠮᠥᠵᠢᠯ · ᠠᠷᠠᠳ ᠠᠴᠠ ᠡᠷᠬᠢᠯᠡᠭᠰᠡᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠦᠨ ᠰᠤᠷᠭᠠᠨ ᠬᠦᠮᠥᠵᠢᠯ · ᠠᠵᠢᠯᠲᠠᠨ ᠠᠵᠢᠯᠴᠢᠨ ᠤ ᠰᠤᠷᠭᠠᠨ ᠬᠦᠮᠥᠵᠢᠯ · ᠲᠠᠷᠢᠶᠠᠴᠢᠨ ᠮᠠᠯᠴᠢᠨ ᠤ ᠰᠤᠷᠭᠠᠨ ᠬᠦᠮᠥᠵᠢᠯ · ᠨᠡᠶᠢᠭᠡᠮ ᠲᠣᠭᠣᠷᠢᠭ ᠤᠨ ᠰᠤᠷᠭᠠᠨ ᠬᠦᠮᠥᠵᠢᠯ ᠵᠢᠴᠢ ᠡᠯ᠎ᠡ ᠲᠥᠷᠥᠯ ᠦᠨ ᠨᠠᠰᠤᠨ ᠳᠤ ᠬᠦᠷᠦᠭᠰᠡᠳ ᠦᠨ ᠰᠤᠷᠭᠠᠨ ᠬᠦᠮᠥᠵᠢᠯ ᠢ ᠵᠢᠯᠣᠭᠣᠳᠤᠨ᠎ᠠ ᠃

(6) ᠦᠨᠳᠦᠰᠦᠲᠡᠨ ᠦ ᠰᠤᠷᠭᠠᠨ ᠬᠦᠮᠥᠵᠢᠯ ᠦᠨ ᠠᠵᠢᠯ ᠢ ᠵᠣᠬᠢᠰᠲᠠᠢ ᠲᠣᠬᠢᠷᠠᠭᠤᠯᠬᠤ ᠪᠣᠯᠤᠨ ᠵᠢᠯᠣᠭᠣᠳᠴᠤ · ᠦᠨᠳᠦᠰᠦᠲᠡᠨ ᠦ ᠰᠤᠷᠭᠠᠨ ᠬᠦᠮᠥᠵᠢᠯ ᠦᠨ ᠬᠥᠭᠵᠢᠯᠲᠡ ᠶᠢᠨ ᠦᠭᠡᠷᠡᠴᠢᠯᠡᠯᠲᠡ ᠶᠢᠨ ᠲᠦᠷᠦ ᠶᠢᠨ ᠪᠣᠳᠣᠯᠭ᠎ᠠ ᠠᠷᠭ᠎ᠠ ᠠᠪᠴᠠᠯ ᠢ ᠵᠣᠬᠢᠶᠠᠨ ᠪᠠᠶᠢᠭᠤᠯᠵᠤ ᠬᠢᠨᠠᠨ ᠬᠠᠮᠢᠶᠠᠷᠤᠯᠲᠠ ᠶᠢ ᠬᠡᠷᠡᠭᠵᠢᠭᠦᠯᠦᠨ᠎ᠡ ᠃ ᠦᠨᠳᠦᠰᠦᠲᠡᠨ ᠦ ᠰᠤᠷᠭᠠᠨ ᠬᠦᠮᠥᠵᠢᠯ ᠦᠨ ᠵᠢᠭᠠᠨ ᠰᠤᠷᠭᠠᠯᠲᠠ ᠶᠢᠨ ᠠᠵᠢᠯ · ᠪᠠᠭᠰᠢ ᠶᠢᠨ ᠬᠢᠷᠢ ᠲᠦᠪᠰᠢᠨ ᠦ ᠡᠨᠭᠨᠡᠭᠡ ᠶᠢᠨ ᠪᠦᠲᠦᠭᠡᠨ ᠪᠠᠶᠢᠭᠤᠯᠤᠯᠲᠠ ᠶᠢ ᠲᠥᠰᠥᠪᠯᠡᠬᠦ ᠵᠢᠴᠢ ᠵᠢᠯᠣᠭᠣᠳᠤᠨ᠎ᠠ ᠃ ᠰᠤᠷᠭᠠᠨ ᠬᠦᠮᠥᠵᠢᠯ ᠦᠨ ᠰᠢᠰᠲ᠋ᠧᠮ ᠦᠨ ᠦᠨᠳᠦᠰᠦᠲᠡᠨ  ᠦ ᠪᠦᠯᠬᠦᠮᠳᠡᠯ ᠦᠨ ᠰᠤᠷᠭᠠᠨ ᠬᠦᠮᠥᠵᠢᠯ ᠪᠡ ᠴᠦᠬᠡᠨ ᠲᠣᠭᠠᠲᠤ ᠦᠨᠳᠦᠰᠦᠲᠡᠨ ᠦ ᠦᠭᠡ ᠬᠡᠯᠡ ᠦᠰᠦᠭ ᠪᠢᠴᠢᠭ ᠦᠨ ᠳᠦᠷᠢᠮᠵᠢᠭᠦᠯᠦᠯᠲᠡ ᠶᠢᠨ ᠠᠵᠢᠯ ᠤ ᠢ ᠵᠢᠯᠣᠭᠣᠳᠤᠨ᠎ᠠ ᠃

(7)ᠲᠤᠰ ᠰᠠᠯᠠᠭ᠎ᠠ ᠮᠥᠴᠢᠷ ᠦᠨ ᠰᠤᠷᠭᠠᠨ ᠬᠦᠮᠥᠵᠢᠯ ᠦᠨ ᠵᠠᠷᠤᠳᠠᠯ ᠤᠨ ᠵᠣᠬᠢᠰᠲᠠᠢ ᠬᠠᠮᠢᠶᠠᠷᠤᠯᠲᠠ ᠶᠢ ᠬᠠᠷᠢᠭᠤᠴᠠᠵᠤ · ᠰᠤᠷᠭᠠᠨ ᠬᠦᠮᠥᠵᠢᠯ ᠦᠨ ᠵᠠᠷᠤᠳᠠᠯ ᠤᠨ ᠴᠤᠭᠯᠠᠭᠤᠯᠬᠤ · ᠰᠤᠷᠭᠠᠨ ᠬᠦᠮᠥᠵᠢᠯ ᠦᠨ ᠵᠠᠷᠤᠳᠠᠯ ᠢ ᠲᠠᠷᠬᠠᠭᠠᠬᠤ · ᠰᠤᠷᠭᠠᠨ ᠬᠦᠮᠥᠵᠢᠯ ᠦᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠬᠤ ᠲᠦᠷᠦ ᠶᠢᠨ ᠪᠣᠳᠣᠯᠭ᠎ᠠ ᠳᠤ ᠤᠷᠤᠯᠴᠠᠬᠤ · ᠰᠤᠷᠭᠠᠨ ᠬᠦᠮᠥᠵᠢᠯ ᠦᠨ ᠵᠠᠷᠤᠳᠠᠯ ᠤᠨ ᠬᠡᠷᠡᠭᠯᠡᠯᠲᠡ ᠶᠢᠨ ᠪᠠᠶᠢᠳᠠᠯ ᠢ ᠬᠢᠨᠠᠨ ᠪᠠᠶᠢᠴᠠᠭᠠᠬᠤ · ᠰᠤᠷᠭᠠᠨ ᠬᠦᠮᠥᠵᠢᠯ ᠦᠨ ᠵᠠᠷᠤᠳᠠᠯ ᠤᠨ ᠤᠷᠤᠭᠤᠯᠤᠯᠲᠠ ᠶᠢᠨ ᠪᠠᠶᠢᠳᠠᠯ ᠤᠨ ᠪᠦᠷᠢᠳᠭᠡᠯ ᠢ ᠬᠠᠷᠢᠭᠤᠴᠠᠨ᠎ᠠ ᠃

(8) ᠡᠯ᠎ᠡ ᠳᠡᠰ ᠡᠯ᠎ᠡ ᠲᠥᠷᠥᠯ ᠦᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠵᠢᠯᠣᠭᠣᠳᠴᠤ · ᠡᠯ᠎ᠡ ᠳᠡᠰ  ᠡᠯ᠎ᠡ ᠲᠥᠷᠥᠯ ᠦᠨ ᠰᠤᠷᠭᠠᠭᠤᠯᠢ ᠶᠢᠨ ᠶᠣᠰᠤ ᠮᠣᠷᠠᠯ ᠪᠡᠶ᠎ᠡ ᠲᠠᠮᠢᠷ ᠤᠨ ᠰᠤᠷᠭᠠᠨ ᠬᠦᠮᠥᠵᠢᠯ ᠦᠨ ᠠᠵᠢᠯ · ᠪᠡᠶ᠎ᠡ ᠲᠠᠮᠢᠷ ᠡᠷᠡᠭᠦᠯ ᠬᠠᠮᠠᠭᠠᠯᠠᠯ ᠤᠷᠠᠯᠢᠭ ᠤᠨ ᠰᠤᠷᠭᠠᠨ ᠬᠦᠮᠥᠵᠢᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠦᠮᠥᠵᠢᠯ ᠦᠨ ᠠᠵᠢᠯ ᠢ ᠵᠢᠯᠣᠭᠣᠳᠤᠨ᠎ᠠ ᠃

(9) ᠪᠠᠭᠰᠢ ᠶᠢᠨ ᠠᠵᠢᠯ ᠢ ᠶᠡᠷᠤᠨᠭᠬᠡᠢ ᠬᠠᠮᠢᠶᠠᠷᠤᠨ᠎ᠠ · ᠡᠯ᠎ᠡ ᠳᠡᠰ ᠡᠯ᠎ᠡ ᠲᠥᠷᠥᠯ ᠦᠨ ᠰᠤᠷᠭᠠᠭᠤᠯᠢ ᠶᠢᠨ ᠪᠠᠭᠰᠢ · ᠳᠤᠮᠳᠠ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠳᠠᠷᠤᠭ᠎ᠠ ᠪᠡ ᠰᠤᠷᠭᠠᠨ ᠬᠦᠮᠥᠵᠢᠯ ᠦᠨ ᠵᠠᠰᠠᠭ ᠵᠠᠬᠢᠷᠭᠠᠨ ᠤ ᠳᠠᠷᠤᠭ᠎ᠠ ᠶᠢᠨ ᠡᠨᠭᠨᠡᠭᠡ  ᠶᠢᠨ ᠪᠦᠲᠦᠭᠡᠨ ᠪᠠᠶᠢᠭᠤᠯᠤᠯᠲᠠ  ᠶᠢᠨ ᠠᠵᠢᠯ ᠢ ᠵᠢᠯᠣᠭᠣᠳᠤᠨ᠎ᠠ ᠃  ᠪᠠᠭᠰᠢ ᠶᠢᠨ ᠬᠢᠷᠢ ᠬᠡᠮᠵᠢᠶ᠎ᠡ ᠶᠢᠨ ᠳᠦᠷᠢᠮ ᠲᠣᠭᠲᠠᠭᠠᠯ ᠪᠡ ᠪᠠᠭᠰᠢ ᠶᠢᠨ ᠦᠷᠭᠦᠯᠵᠢᠯᠡᠨ ᠰᠤᠷᠭᠠᠨ ᠬᠦᠮᠥᠵᠢᠯ ᠦᠨ ᠠᠵᠢᠯ ᠢ ᠵᠢᠯᠣᠭᠣᠳᠬᠤ ᠪᠣᠯᠤᠨ ᠵᠣᠬᠢᠶᠠᠨ ᠪᠠᠶᠢᠭᠤᠯᠤᠨ᠎ᠠ ᠃ ᠬᠠᠮᠢᠶ᠎ᠠ ᠪᠦᠬᠦᠢ ᠰᠠᠯᠠᠭ᠎ᠠ ᠮᠥᠴᠢᠷ ᠲᠡᠢ ᠬᠠᠮᠲᠤ ᠡᠯ᠎ᠡ ᠳᠡᠰ ᠡᠯ᠎ᠡ ᠲᠥᠷᠥᠯ ᠦᠨ ᠰᠤᠷᠭᠠᠭᠤᠯᠢ ᠶᠢᠨ ᠤᠷᠤᠨ ᠲᠣᠭᠠᠨ ᠤ ᠲᠣᠬᠢᠷᠠᠭᠤᠯᠤᠯᠲᠠ ᠶᠢᠨ ᠪᠠᠶᠢᠳᠠᠯ ᠢ ᠬᠢᠨᠠᠨ ᠪᠠᠶᠢᠴᠠᠭᠠᠨ᠎ᠠ ᠃ ᠪᠠᠭᠰᠢ ᠶᠢᠨ ᠰᠣᠷᠢᠯᠲᠠ ᠶᠢᠨ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠵᠢᠯᠣᠭᠣᠳᠴᠤ ᠪᠠᠶᠢᠴᠠᠭᠠᠨ᠎ᠠ ᠃

(10) ᠪᠥᠬᠥ ᠠᠶᠢᠮᠠᠭ ᠤᠨ ᠡᠯ᠎ᠡ ᠳᠡᠰ  ᠡᠯ᠎ᠡ ᠲᠥᠷᠥᠯ ᠦᠨ ᠰᠤᠷᠭᠠᠭᠤᠯᠢ ᠶᠢᠨ ᠰᠤᠷᠭᠠᠨ ᠬᠦᠮᠥᠵᠢᠯ ᠦᠨ ᠰᠢᠨᠵᠢᠯᠡᠬᠦ ᠤᠬᠠᠭᠠᠨᠴᠢ ᠰᠤᠳᠤᠯᠤᠯᠲᠠ ᠪᠡ ᠵᠢᠭᠠᠨ ᠰᠤᠷᠭᠠᠯᠲᠠ ᠶᠢᠨ ᠰᠤᠳᠤᠯᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠣᠳᠤᠨ᠎ᠠ ᠃

(11) ᠪᠥᠬᠥ ᠠᠶᠢᠮᠠᠭ ᠤᠨ ᠶᠡᠷᠦ ᠶᠢᠨ · ᠨᠠᠰᠤᠨ ᠳᠤ ᠬᠦᠷᠦᠭᠰᠡᠳ ᠦᠨ ᠰᠣᠷᠣᠭᠴᠢ ᠡᠯᠰᠡᠬᠦ ᠰᠢᠯᠭᠠᠯᠲᠠ ᠵᠢᠴᠢ ᠦᠪᠡᠷᠲᠡᠭᠡᠨ ᠰᠤᠷᠴᠤ ᠰᠢᠯᠭᠠᠬᠤ ᠃ ᠦᠨᠳᠦᠷ ᠵᠡᠷᠭᠡ ᠶᠢᠨ ᠰᠢᠯᠭᠠᠯᠲᠠ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ ᠃

(12) ᠤᠯᠤᠰ ᠤᠨ ᠦᠭᠡ ᠬᠡᠯᠡ ᠦᠰᠦᠭ ᠪᠢᠴᠢᠭ ᠦᠨ ᠠᠵᠢᠯ ᠤᠨ ᠴᠢᠭᠯᠡᠯᠲᠡ · ᠲᠦᠷᠦ ᠶᠢᠨ ᠪᠣᠳᠣᠯᠭ᠎ᠠ ᠶᠢ ᠤᠬᠠᠭᠤᠯᠵᠤ ᠲᠤᠤᠰᠯᠠᠭᠤᠯᠵᠤ ᠬᠡᠷᠡᠭᠵᠢᠭᠦᠯᠦᠨ᠎ᠡ ᠃ ᠪᠥᠬᠥ ᠠᠶᠢᠮᠠᠭ ᠤᠨ ᠬᠢᠲᠠᠳ ᠬᠡᠯᠡᠨ ᠦ ᠦᠰᠦᠭ ᠪᠢᠴᠢᠭ ᠦᠨ ᠠᠵᠢᠯ ᠤᠨ ᠳᠤᠮᠳᠠ ᠤᠷᠲᠤ ᠬᠤᠭᠤᠴᠠᠭᠠᠨ ᠤ ᠲᠥᠰᠥᠪᠯᠡᠯᠲᠡ ᠶᠢ ᠲᠣᠬᠢᠷᠠᠭᠤᠯᠤᠨ᠎ᠠ ᠃ ᠰᠠᠯᠠᠭ᠎ᠠ ᠮᠥᠴᠢᠷ · ᠠᠵᠢᠯ ᠲᠥᠷᠥᠯ ᠦᠨ ᠬᠢᠲᠠᠳ ᠬᠡᠯᠡᠨ ᠦ ᠦᠰᠦᠭ ᠪᠢᠴᠢᠭ ᠦᠨ ᠠᠵᠢᠯ ᠢ ᠵᠣᠬᠢᠰᠲᠠᠢ ᠵᠢᠯᠣᠭᠣᠳᠬᠤ ᠪᠡ ᠬᠢᠨᠠᠨ ᠪᠠᠶᠢᠴᠠᠭᠠᠨ᠎ᠠ ᠃ ᠪᠠᠷᠢᠮᠵᠢᠶ᠎ᠠ ᠠᠪᠢᠶ᠎ᠠ ᠶᠢᠨ ᠦᠷᠭᠡᠵᠢᠯᠲᠡ ᠪᠡ ᠪᠠᠷᠢᠮᠵᠢᠶ᠎ᠠ ᠠᠪᠢᠶ᠎ᠠ ᠶᠢᠨ ᠪᠠᠭᠰᠢ ᠶᠢᠨ ᠬᠢᠷᠢ ᠲᠦᠪᠰᠢᠨ ᠦ ᠰᠣᠷᠢᠯᠲᠠ ᠶᠢᠨ ᠠᠵᠢᠯ ᠤᠨ ᠵᠢᠯᠣᠭᠣᠳᠤᠨ᠎ᠠ ᠃

(13) ᠰᠤᠷᠭᠠᠨ ᠬᠦᠮᠥᠵᠢᠯ ᠦᠨ ᠲᠠᠯ᠎ᠠ ᠶᠢᠨ ᠤᠯᠠᠨ ᠤᠯᠤᠰ ᠤᠨ ᠬᠠᠮᠵᠢᠯᠴᠠᠭ᠎ᠠ ᠰᠣᠯᠢᠯᠴᠠᠭ᠎ᠠ ᠪᠣᠯᠤᠨ ᠭᠠᠳᠠᠭᠠᠳᠤ ᠳ᠋ᠠᠬᠢ ᠤᠬᠠᠭᠤᠯᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠣᠳᠤᠨ᠎ᠠ ᠃

(14) ᠠᠶᠢᠮᠠᠭ ᠤᠨ ᠵᠠᠰᠠᠭ ᠵᠠᠬᠢᠷᠭᠠᠨ ᠤ ᠨᠡᠶᠢᠲᠡ ᠶᠢᠨ ᠬᠠᠮᠢᠶᠠᠷᠤᠯᠲᠠ ᠪᠡ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠥᠵᠢᠯ ᠦᠨ ᠲᠢᠨᠭᠬᠢᠮ ᠦᠨ ᠲᠤᠰᠢᠶᠠᠭᠰᠠᠨ ᠪᠤᠰᠤᠳ ᠠᠵᠢᠯ ᠤᠨ ᠭᠦᠢᠴᠡᠳᠭᠡᠬᠦ ᠬᠡᠷᠡᠭᠲᠡᠢ ᠃

ᠬᠢᠨᠭᠭᠠᠨ ᠠᠶᠢᠮᠠᠭ ᠤᠨ ᠰᠤᠷᠭᠠᠨ ᠬᠦᠮᠥᠵᠢᠯ ᠦᠨ ᠲᠣᠪᠴᠢᠶ᠎ᠠ ᠨᠢ17 ᠠᠵᠢᠯ ᠦᠢᠯᠡᠰ ᠦᠨ ᠨᠢᠭᠡᠴᠢ ᠳᠦ ᠰᠢᠭᠤᠳ ᠬᠠᠷᠢᠶᠠᠯᠠᠭᠳᠠᠨ᠎ᠠ ᠃ ᠡᠭᠦᠨ ᠳᠦ ᠄1 ᠌ ᠦᠪᠦᠷ ᠮᠤᠨᠭᠭᠤᠯ ᠤᠨ ᠷᠠᠳᠢᠣ᠋ ᠲᠧᠯᠸᠢᠰ ᠦᠨ ᠶᠡᠬᠡ ᠰᠤᠷᠭᠠᠭᠤᠯᠢ ᠶᠢᠨ ᠬᠢᠨᠭᠭᠠᠨ ᠠᠶᠢᠮᠠᠭ ᠤᠨ ᠬᠤᠪᠢᠶᠠᠷᠢ ᠰᠤᠷᠭᠠᠭᠤᠯᠢ · ᠭᠠᠵᠠᠷ ᠤᠷᠤᠨ ᠤ ᠳᠡᠰ ᠦᠨ ᠠᠵᠢᠯ ᠦᠢᠯᠡᠰ ᠦᠨ ᠨᠢᠭᠡᠴᠢ ᠃2 ᠬᠢᠨᠭᠭᠠᠨ ᠠᠶᠢᠮᠠᠭ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ · ᠳᠡᠳ᠋ ᠭᠠᠵᠠᠷ ᠤᠷᠤᠨ ᠤ ᠳᠡᠰ ᠦᠨ ᠠᠵᠢᠯ ᠦᠢᠯᠡᠰ ᠦᠨ ᠨᠢᠭᠡᠴᠢ ᠃3 ᠤᠯᠠᠭᠠᠨᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ · ᠳᠡᠳ᠋ ᠭᠠᠵᠠᠷ ᠤᠷᠤᠨ ᠤ ᠳᠡᠰ ᠦᠨ ᠠᠵᠢᠯ ᠦᠢᠯᠡᠰ ᠦᠨ ᠨᠢᠭᠡᠴᠢ ᠃4 ᠤᠯᠠᠭᠠᠨᠬᠤᠲᠠ ᠶᠢᠨ ᠬᠣᠶᠠᠳᠤᠭᠠᠷ ᠳᠤᠮᠳᠠᠳᠤ ᠰᠤᠷᠭᠠᠭᠤᠯᠢ · ᠳᠡᠳ᠋ ᠭᠠᠵᠠᠷ ᠤᠷᠤᠨ  ᠤ ᠳᠡᠰ ᠦᠨ ᠠᠵᠢᠯ ᠦᠢᠯᠡᠰ ᠦᠨ ᠨᠢᠭᠡᠴᠢ ᠃5 ᠤᠯᠠᠭᠠᠨᠬᠤᠲᠠ ᠶᠢᠨ ᠰᠤᠯᠤᠨᠭᠭᠤᠰ ᠦᠨᠳᠦᠰᠦᠲᠡᠨ ᠦ ᠰᠤᠷᠭᠠᠭᠤᠯᠢ · ᠳᠡᠳ᠋ ᠭᠠᠵᠠᠷ ᠤᠷᠤᠨ ᠤ ᠳᠡᠰ ᠦᠨ ᠠᠵᠢᠯ ᠦᠢᠯᠡᠰ ᠦᠨ ᠨᠢᠭᠡᠴᠢ ᠃6 ᠬᠢᠨᠭᠭᠠᠨ ᠠᠶᠢᠮᠠᠭ ᠤᠨ ᠮᠡᠷᠭᠡᠵᠢᠯ ᠦᠨ ᠠᠵᠢᠯᠴᠢᠨ ᠤ ᠰᠤᠷᠭᠠᠭᠤᠯᠢ ( ᠬᠢᠨᠭᠭᠠᠨ ᠠᠶᠢᠮᠠᠭ ᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠦᠨ ᠰᠤᠷᠭᠠᠨ ᠬᠦᠮᠥᠵᠢᠯ ᠦᠨ ᠲᠥᠪ · ᠬᠢᠨᠭᠭᠠᠨ ᠠᠶᠢᠮᠠᠭ ᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠦᠨ ᠰᠤᠷᠭᠠᠭᠤᠯᠢ ) · ᠳᠡᠳ᠋ ᠭᠠᠵᠠᠷ  ᠤᠷᠤᠨ ᠤ ᠳᠡᠰ ᠦᠨ ᠠᠵᠢᠯ ᠦᠢᠯᠡᠰ ᠦᠨ ᠨᠢᠭᠡᠴᠢ ᠃7 ᠬᠢᠨᠭᠭᠠᠨ ᠠᠶᠢᠮᠠᠭ ᠤᠨ ᠤᠨᠴᠭᠠᠢ ᠰᠤᠷᠭᠠᠨ ᠬᠦᠮᠥᠵᠢᠯ ᠦᠨ ᠰᠤᠷᠭᠠᠭᠤᠯᠢ · ᠰᠠᠯᠠᠭ᠎ᠠ ᠵᠡᠷᠭᠡ ᠶᠢᠨ ᠠᠵᠢᠯ ᠦᠢᠯᠡᠰ  ᠦᠨ ᠨᠢᠭᠡᠴᠢ ᠃8 ᠬᠢᠨᠭᠭᠠᠨ ᠠᠶᠢᠮᠠᠭ ᠤᠨ ᠴᠡᠴᠡᠷᠯᠢᠭ ᠦᠨ ᠬᠦᠷᠢᠶᠡᠯᠡᠩ · ᠰᠠᠯᠠᠭ᠎ᠠ ᠵᠡᠷᠭᠡ ᠶᠢᠨ ᠠᠵᠢᠯ ᠦᠢᠯᠡᠰ ᠦᠨ ᠨᠢᠭᠡᠴᠢ ᠃9 ᠬᠢᠨᠭᠭᠠᠨ ᠠᠶᠢᠮᠠᠭ ᠤᠨ ᠵᠢᠭᠠᠨ ᠰᠤᠳᠤᠯᠬᠤ ᠲᠠᠰᠤᠭ ( ᠬᠥᠳᠡᠯᠮᠦᠷᠢ ᠮᠡᠷᠭᠡᠵᠢᠯ ᠦᠨ ᠬᠢᠴᠢᠶᠡᠯ ᠪᠣᠯᠪᠠᠰᠤᠷᠠᠯ ᠤᠨ ᠲᠥᠪ · ᠬᠢᠨᠭᠭᠠᠨ ᠠᠶᠢᠮᠠᠭ ᠤᠨ ᠰᠤᠷᠭᠠᠨ ᠬᠦᠮᠥᠵᠢᠯ ᠦᠨ ᠰᠢᠨᠵᠢᠯᠡᠬᠦ ᠤᠬᠠᠭᠠᠨ ᠰᠤᠳᠤᠯᠬᠤ ᠭᠠᠵᠠᠷ ᠤᠨ ᠵᠠᠬᠢᠷᠭ᠎ᠠ ᠠᠯᠪᠠᠯᠠᠬᠤ ) ᠰᠠᠯᠠᠭ᠎ᠠ ᠵᠡᠷᠭᠡ ᠶᠢᠨ ᠠᠵᠢᠯ ᠦᠢᠯᠡᠰ ᠦᠨ ᠨᠢᠭᠡᠴᠢ ᠃10 ᠬᠢᠨᠭᠭᠠᠨ ᠠᠶᠢᠮᠠᠭ ᠤᠨ ᠴᠠᠬᠢᠯᠭᠠᠨᠵᠢᠭᠰᠠᠨ ᠬᠦᠮᠥᠵᠢᠯ ᠦᠨ ᠤᠷᠳᠤᠨ · ᠰᠠᠯᠠᠭ᠎ᠠ ᠵᠡᠷᠭᠡ ᠶᠢᠨ ᠠᠵᠢᠯ ᠦᠢᠯᠡᠰ ᠦᠨ ᠨᠢᠭᠡᠴᠢ ᠃11 ᠬᠢᠨᠭᠭᠠᠨ ᠠᠶᠢᠮᠠᠭ ᠤᠨ ᠰᠤᠷᠭᠠᠨ ᠬᠦᠮᠥᠵᠢᠯ ᠦᠨ ᠡᠳ᠋ ᠦᠨ ᠶᠠᠪᠤᠳᠠᠯ ᠤᠨ ᠬᠢᠨᠠᠨ ᠪᠤᠳᠤᠯᠲᠠ ᠶᠢᠨ ᠲᠥᠪ · ᠰᠠᠯᠠᠭ᠎ᠠ ᠵᠡᠷᠭᠡ ᠶᠢᠨ ᠠᠵᠢᠯ ᠦᠢᠯᠡᠰ ᠦᠨ ᠨᠢᠭᠡᠴᠢ ᠃12 ᠬᠢᠨᠭᠭᠠᠨ ᠠᠶᠢᠮᠠᠭ ᠤᠨ ᠰᠤᠷᠭᠠᠨ ᠬᠦᠮᠥᠵᠢᠯ  ᠦᠨ ᠲᠣᠪᠴᠢᠶᠠᠨ ᠤ ᠠᠷᠤ ᠲᠠᠯ᠎ᠠ ᠶᠢᠨ ᠦᠢᠯᠡᠴᠢᠯᠡᠭᠡ ᠶᠢᠨ ᠲᠥᠪ · ᠰᠠᠯᠠᠭ᠎ᠠ ᠵᠡᠷᠭᠡ ᠶᠢᠨ ᠠᠵᠢᠯ ᠦᠢᠯᠡᠰ ᠦᠨ ᠨᠢᠭᠡᠴᠢ ᠃13 ᠬᠢᠨᠭᠭᠠᠨ ᠠᠶᠢᠮᠠᠭ ᠤᠨ ᠰᠤᠷᠭᠠᠨ ᠬᠦᠮᠥᠵᠢᠯ ᠦᠨ ᠵᠢᠭᠠᠨ ᠵᠢᠯᠣᠭᠣᠳᠬᠤ ᠦᠨᠡᠯᠡᠬᠦ ᠲᠥᠪ · ᠰᠠᠯᠠᠭ᠎ᠠ ᠵᠡᠷᠭᠡ ᠶᠢᠨ ᠠᠵᠢᠯ ᠦᠢᠯᠡᠰ ᠦᠨ ᠨᠢᠭᠡᠴᠢ ᠃14 ᠬᠢᠨᠭᠭᠠᠨ ᠠᠶᠢᠮᠠᠭ ᠤᠨ ᠰᠣᠷᠣᠭᠴᠢ ᠲᠤᠰᠠᠯᠠᠬᠤ ᠬᠠᠮᠢᠶᠠᠷᠤᠯᠲᠠ ᠶᠢᠨ ᠲᠥᠪ · ᠰᠠᠯᠠᠭ᠎ᠠ ᠵᠡᠷᠭᠡ ᠶᠢᠨ ᠠᠵᠢᠯ ᠦᠢᠯᠡᠰ ᠦᠨ ᠨᠢᠭᠡᠴᠢ ᠃15 ᠬᠢᠨᠭᠭᠠᠨ ᠠᠶᠢᠮᠠᠭ ᠤᠨ ᠪᠠᠷᠢᠮᠵᠢᠶ᠎ᠠ ᠠᠶᠠᠯᠭᠤ ᠪᠣᠯᠪᠠᠰᠤᠷᠠᠭᠤᠯᠬᠤ ᠰᠢᠯᠭᠠᠬᠤ ᠲᠥᠪ · ᠰᠠᠯᠠᠭ᠎ᠠ ᠵᠡᠷᠭᠡ ᠶᠢᠨ ᠠᠵᠢᠯ ᠦᠢᠯᠡᠰ ᠦᠨ ᠨᠢᠭᠡᠴᠢ ᠃16ᠤᠯᠠᠭᠠᠨᠬᠤᠲᠠ ᠮᠤᠨᠭᠭᠤᠯ ᠦᠨᠳᠦᠰᠦᠲᠡᠨ ᠦ ᠪᠠᠭ᠎ᠠ ᠰᠤᠷᠭᠠᠭᠤᠯᠢ · ᠰᠠᠯᠠᠭ᠎ᠠ ᠵᠡᠷᠭᠡ ᠶᠢᠨ ᠠᠵᠢᠯ ᠦᠢᠯᠡᠰ ᠦᠨ ᠨᠢᠭᠡᠴᠢ ᠃17 ᠤᠯᠠᠭᠠᠨᠬᠤᠲᠠ ᠮᠤᠨᠭᠭᠤᠯ ᠦᠨᠳᠦᠰᠦᠲᠡᠨ ᠦ ᠠᠨᠭᠬ ᠵᠡᠷᠭᠡ ᠶᠢᠨ ᠳᠤᠮᠳᠠᠳᠤ ᠰᠤᠷᠭᠠᠭᠤᠯᠢ · ᠰᠠᠯᠠᠭ᠎ᠠ ᠵᠡᠷᠭᠡ ᠶᠢᠨ ᠠᠵᠢᠯ ᠦᠢᠯᠡᠰ ᠦᠨ ᠨᠢᠭᠡᠴᠢ ᠃᠋