home
home

    ᠰᠥᠨᠢᠳ ᠪᠠᠷᠠᠭᠤᠨ ᠬᠤᠰᠢᠭᠤᠨ ᠤ ᠮᠣᠩᠭᠤᠯ ᠥᠨᠳᠣᠰᠣᠳᠡᠨ ᠤ ᠲᠣᠮᠳᠠᠳᠣ ᠰᠣᠷᠭᠠᠭᠤᠯᠢ  ᠳᠤ ᠵᠢᠭᠠᠨ ᠰᠣᠷᠭᠠᠯᠳᠡ ᠶᠢᠨ ᠰᠣᠯᠢᠯᠴᠠᠭᠠᠨ ᠤ ᠭᠥᠳᠡᠯᠭᠡᠭᠡᠨ ᠥᠷᠨᠢᠭᠦᠯᠪᠡ

2016-08-28  18:54

2016-03-22-56bf706a20-2dd4-497d-9587-752786f8fd6e

ᠥᠪᠣᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠮᠣᠩᠭᠤᠯ ᠥᠨᠳᠣᠰᠣᠳᠡᠨ ᠤ ᠲᠣᠮᠳᠠᠳᠣ ᠰᠣᠷᠭᠠᠭᠤᠯᠢ ᠮᠣᠩᠭᠤᠯ ᠣᠯᠣᠰ ᠤᠨ ᠣᠯᠭᠠᠨᠪᠠᠳᠣᠭᠠᠷ ᠬᠤᠳᠡ ᠶᠢᠨ ᠨᠠᠶᠠᠨ ᠲᠥᠷᠪᠡ᠂ ᠲᠥᠴᠢᠨ ᠲᠥᠷᠪᠡᠳᠥᠭᠡᠷ ᠰᠣᠷᠭᠠᠭᠤᠯᠢ ᠲᠠᠢ ᠬᠠᠮᠳᠣᠷᠠᠨ ᠶᠠᠪᠣᠭᠳᠠᠭᠤᠯᠣᠭᠰᠠᠨ ᠮᠣᠩᠭᠤᠯ᠂ ᠠᠩᠭ᠍ᠯᠢ ᠬᠤᠣᠰ ᠬᠡᠯᠡᠨ ᠤ ᠠᠩᠬᠠᠳᠣᠭᠠᠷ ᠣᠳᠠᠭᠠᠨ ᠤ ᠵᠢᠭᠠᠨ ᠰᠣᠷᠭᠠᠯᠳᠡ ᠶᠢᠨ ᠰᠣᠯᠢᠯᠴᠠᠭ᠎ᠠ 3 ᠰᠠᠷ᠎ᠠ ᠶᠢᠨ 14 ᠡᠳᠣᠷ — 3 ᠰᠠᠷ᠎ᠠ ᠶᠢᠨ 17 ᠡᠳᠣᠷ ᠪᠣᠯᠳᠠᠯ᠎ᠠ ᠰᠥᠨᠢᠳ ᠪᠠᠷᠠᠭᠤᠨ ᠬᠤᠰᠢᠭᠤᠨ ᠤ ᠮᠣᠩᠭᠤᠯ ᠥᠨᠳᠣᠰᠣᠳᠡᠨ ᠤ ᠲᠣᠮᠳᠠᠳᠣ ᠰᠣᠷᠭᠠᠭᠤᠯᠢ ᠳᠤ ᠨᠥᠭᠦᠷᠰᠡᠭ ᠠᠭᠤᠷ ᠠᠮᠢᠰᠬᠤᠯ ᠲᠣᠮᠳᠠ ᠠᠮᠵᠢᠯᠳᠡ ᠲᠠᠢ ᠰᠠᠶᠢᠬᠠᠨ ᠶᠠᠪᠣᠭᠳᠠᠪᠠ᠃ ᠣᠯᠣᠰ ᠠᠯᠣᠰᠯᠠᠭᠰᠠᠨ ᠲᠣᠰ ᠣᠳᠠᠭᠠᠨ ᠤ ᠬᠤᠶᠠᠷ ᠣᠯᠣᠰ ᠤᠨ ᠵᠢᠭᠠᠨ ᠰᠣᠷᠭᠠᠯᠳᠡ ᠶᠢᠨ ᠲᠣᠷᠰᠢᠯᠭ᠎ᠠ ᠰᠣᠯᠢᠯᠴᠠᠬᠤ ᠵᠢᠭᠠᠨ ᠰᠣᠷᠭᠠᠯᠳᠡ ᠶᠢᠨ ᠥᠢᠯᠡᠳᠥᠯᠬᠡ ᠶᠢᠨ ᠬᠠᠮᠳᠣᠷᠠᠭᠰᠠᠨ ᠠᠵᠢᠯᠯᠠᠭ᠎ᠠ ᠳᠤ ᠮᠣᠩᠭᠤᠯ ᠣᠯᠣᠰ ᠤᠨ ᠣᠯᠠᠭᠠᠨᠪᠠᠭᠠᠳᠣᠷ ᠬᠤᠳᠡ ᠶᠢᠨ ᠨᠠᠶᠠᠨ ᠲᠥᠷᠪᠡ᠂ ᠲᠥᠴᠢᠨ ᠲᠥᠷᠪᠡᠳᠥᠭᠡᠷ ᠰᠣᠷᠭᠠᠭᠤᠯᠢ ᠶᠢᠨ ᠮᠣᠩᠭᠤᠯ ᠬᠡᠯᠡ᠂ ᠠᠩᠭ᠍ᠯᠢ ᠬᠡᠯᠡᠨ ᠤ ᠪᠠᠭᠰᠢ ᠨᠠᠷ ᠰᠥᠨᠢᠳ ᠪᠠᠷᠠᠭᠤᠨ ᠬᠤᠰᠢᠭᠤᠨ ᠤ ᠮᠣᠩᠭᠤᠯ ᠥᠨᠳᠣᠰᠣᠳᠡᠨ ᠤ ᠲᠣᠮᠳᠠᠳᠣ ᠰᠣᠷᠭᠠᠭᠤᠯᠢ ᠶᠢᠨ ᠪᠠᠭᠰᠢ ᠨᠠᠷ ᠲᠠᠢ ᠬᠠᠮᠳᠣ ᠨᠥᠭᠦᠷᠰᠡᠭ ᠢᠶᠠᠷ ᠬᠢᠴᠢᠶᠡᠯ ᠪᠡᠯᠡᠳᠭᠡᠨ ᠬᠢᠴᠢᠶᠡᠯ ᠪᠡᠯᠡᠳᠭᠡᠭᠦ ᠲᠣᠮᠳᠡ ᠠᠴᠠ ᠢᠯᠡᠷᠡᠭᠦᠯᠥᠭᠰᠡᠨ ᠠᠰᠠᠭᠤᠳᠠᠯ ᠢ ᠬᠠᠮᠳᠣ ᠪᠠᠷ ᠰᠣᠳᠣᠯᠣᠨ ᠶᠠᠷᠢᠯᠴᠠᠵᠣ ᠰᠢᠢᠳᠪᠦᠷᠢᠯᠡᠪᠡ ᠃ ᠡᠭᠦᠨ ᠤ ᠲᠠᠭᠠᠣ ᠮᠣᠩᠭᠤᠯ ᠣᠯᠣᠰ ᠤᠨ ᠣᠯᠠᠭᠠᠨᠪᠠᠭᠠᠳᠣᠷ ᠬᠤᠳᠡ ᠶᠢᠨ ᠨᠠᠶᠠᠨ ᠲᠥᠷᠪᠡ᠂ ᠲᠥᠴᠢᠨ ᠲᠥᠷᠪᠡᠳᠥᠭᠡᠷ ᠰᠣᠷᠭᠠᠭᠤᠯᠢ  ᠶᠢᠨ ᠮᠣᠩᠭᠤᠯ ᠬᠡᠯᠡ᠂ ᠠᠩᠭ᠍ᠯᠢ ᠬᠡᠯᠡᠨ ᠤ ᠪᠠᠭᠰᠢ ᠨᠠᠷ ᠠᠴᠠ ᠥᠵᠡᠭᠦᠯᠥᠯᠭᠡ ᠶᠢᠨ ᠬᠢᠴᠢᠶᠡᠯ ᠣᠷᠣᠵᠣ ᠰᠥᠨᠢᠳ ᠪᠠᠷᠠᠭᠤᠨ ᠬᠤᠰᠢᠭᠤᠨ  ᠤ ᠮᠣᠩᠭᠤᠯ ᠥᠨᠳᠣᠰᠣᠳᠡᠨ ᠤ ᠲᠣᠮᠳᠠᠳᠣ ᠰᠣᠷᠭᠠᠭᠤᠯᠢ ᠶᠢᠨ ᠪᠠᠭᠰᠢ ᠨᠠᠷ ᠲᠠᠢ ᠬᠠᠮᠳᠣ ᠬᠢᠴᠢᠶᠡᠯ ᠥᠨᠡᠯᠡᠵᠣ᠂ ᠰᠢᠨ᠎ᠡ ᠭᠢᠴᠢᠶᠡᠯᠯᠡᠭᠡ  ᠶᠢ ᠬᠡᠷᠭᠢᠨ ᠪᠥᠳᠥᠮᠵᠢᠳᠡᠢ ᠣᠷᠣᠬᠤ᠂ ᠮᠣᠩᠭᠤᠯ ᠬᠡᠥᠭᠡᠳ ᠤᠨ ᠰᠡᠳᠭᠢᠭᠦᠢ ᠶᠢ ᠬᠡᠷᠭᠢᠨ ᠨᠡᠭᠡᠭᠡᠭᠳᠡᠭᠦᠯᠭᠦ ᠵᠡᠷᠭᠡ ᠲᠠᠯ᠎ᠠ ᠠᠴᠠ ᠵᠢᠭᠠᠨ ᠰᠣᠷᠭᠠᠯᠳᠡ ᠶᠢᠨ ᠲᠣᠮᠳᠠᠭᠢ ᠣᠯᠣᠯᠳᠡ ᠲᠥᠷᠥᠭᠳᠡᠯ᠂ ᠲᠣᠩᠭᠠᠯᠳᠡ ᠲᠣᠷᠰᠢᠯᠭ᠎ᠠ ᠪᠠᠨ ᠬᠠᠷᠢᠯᠴᠠᠨ ᠰᠣᠯᠢᠯᠴᠠᠵᠣ ᠬᠠᠮᠳᠣ ᠪᠠᠷ ᠬᠢᠴᠢᠶᠡᠯᠯᠡᠭᠡ ᠶᠢᠨ ᠲᠠᠩᠭᠢᠮ ᠤᠨ ᠵᠢᠭᠠᠨ ᠰᠣᠷᠭᠠᠯᠳᠡ ᠲᠣᠮᠳᠠᠭᠢ ᠥᠵᠡᠭᠳᠡᠯ᠂ ᠵᠢᠮ᠎ᠡ ᠶᠣᠰᠣ ᠶᠢ ᠵᠠᠳᠠᠯᠣᠨ ᠰᠢᠨᠵᠢᠯᠡᠵᠣ ᠪᠣᠳᠠᠳᠣ ᠥᠢᠯᠡᠳᠥᠯᠬᠡ ᠪᠠᠷ ᠲᠠᠮᠵᠢᠨ ᠰᠢᠨ᠎ᠡ ᠴᠠᠭ ᠥᠶ᠎ᠡ ᠶᠢᠨ ᠭᠥᠭᠵᠢᠯᠳᠡ ᠳᠤ ᠲᠣᠭᠢᠷᠠᠭᠰᠠᠨ ᠵᠢᠭᠠᠨ ᠰᠣᠷᠭᠠᠯᠳᠡ ᠶᠢᠨ ᠠᠷᠭ᠎ᠠ ᠠᠪᠴᠠᠯ ᠢ ᠬᠠᠶᠢᠨ ᠰᠥᠪᠡᠭᠴᠢᠯᠡᠪᠡ᠃ ᠡᠭᠦᠨ ᠢᠶᠠᠷ ᠥᠯᠣ ᠪᠠᠷᠠᠨ ᠮᠣᠩᠭᠤᠯ ᠣᠯᠣᠰ ᠤᠨ ᠲᠥᠴᠢᠨ ᠲᠥᠷᠪᠡᠳᠥᠭᠡᠷ ᠰᠣᠷᠭᠠᠭᠤᠯᠢ ᠶᠢᠨ ᠨᠣᠮ ᠤᠨ ᠰᠠᠩᠴᠢ ᠠᠴᠠ ᠨᠣᠮ ᠣᠩᠰᠢᠯᠭ᠎ᠠ ᠶᠢᠨ ᠲᠣᠬᠠᠢ ᠰᠠᠶᠢᠨ ᠰᠠᠶᠢᠬᠠᠨ ᠵᠥᠪᠯᠡᠯᠭᠡ ᠥᠭᠴᠥ ᠰᠥᠨᠢᠳ ᠪᠠᠷᠠᠭᠤᠨ ᠬᠤᠰᠢᠭᠤᠨ ᠤ ᠮᠣᠩᠭᠤᠯ ᠥᠨᠳᠣᠰᠣᠳᠡᠨ ᠤ ᠲᠣᠮᠳᠠᠳᠣ ᠰᠣᠷᠭᠠᠭᠤᠯᠢ ᠶᠢᠨ ᠶᠠᠪᠣᠭᠳᠠᠭᠤᠯᠵᠣ ᠪᠠᠶᠢᠭ᠎ᠠ ᠨᠣᠮ ᠣᠩᠰᠢᠬᠤ ᠭᠥᠳᠡᠯᠭᠡᠭᠡᠨ ᠤ ᠣᠯᠠᠮ ᠡᠷᠴᠢᠮ ᠲᠠᠢ ᠶᠠᠪᠣᠭᠳᠠᠬᠤ ᠳᠤ ᠮᠠᠰᠢ ᠶᠡᠭᠡ ᠲᠣᠰᠠᠯᠠᠮᠵᠢ ᠪᠣᠯᠣᠭᠰᠠᠨ ᠪᠠᠶᠢᠨ᠎ᠠ᠃ ᠣᠯᠣᠰ ᠠᠯᠣᠰᠯᠠᠭᠰᠠᠨ ᠭᠤᠷᠪᠠᠨ ᠰᠣᠷᠭᠠᠭᠤᠯᠢ ᠶᠢᠨ ᠡᠨᠡᠭᠦ ᠪᠥᠳᠥᠭᠡᠯᠴᠢ ᠴᠢᠨᠠᠷ ᠲᠠᠢ ᠵᠢᠭᠠᠨ ᠰᠣᠷᠭᠠᠯᠳᠡ ᠶᠢᠨ ᠬᠠᠮᠳᠣᠷᠠᠭᠰᠠᠨ ᠰᠣᠯᠢᠯᠴᠠᠭᠠᠨ ᠨᠢ ᠪᠠᠭᠰᠢ ᠨᠠᠷ ᠤᠨ ᠬᠢᠴᠢᠶᠡᠯᠯᠡᠭᠡ ᠶᠢᠨ ᠲᠠᠩᠭᠢᠮ ᠳᠤ ᠰᠣᠷᠣᠭᠴᠢ ᠪᠠᠷ ᠭᠤᠣᠯ ᠪᠣᠯᠭᠠᠨ᠂ ᠰᠣᠷᠣᠭᠴᠢᠳ ᠢᠶᠠᠨ ᠬᠠᠷᠢᠯᠴᠠᠨ ᠬᠠᠮᠵᠢᠯᠴᠠᠵᠣ᠂ ᠬᠠᠮᠳᠣ ᠪᠠᠷ ᠲᠠᠪᠰᠢᠬᠤ ᠲᠠᠯ᠎ᠠ ᠪᠠᠷ ᠬᠡᠷᠭᠢᠨ ᠭᠥᠳᠥᠯᠥᠨ ᠵᠢᠯᠣᠭᠤᠳᠬᠤ ᠣᠶᠢᠯᠠᠭᠠᠯᠳᠡ ᠲᠠᠨᠢᠯᠳᠡ ᠶᠢ ᠨᠢ ᠭᠥᠨᠵᠡᠭᠡᠶᠢᠷᠡᠭᠦᠯᠥᠭᠰᠡᠨ ᠪᠥᠭᠡᠳ ᠵᠢᠭᠠᠨ ᠰᠣᠷᠭᠠᠯᠳᠡ ᠶᠢᠨ ᠰᠢᠨ᠎ᠡ ᠨᠢᠭᠡᠨ ᠬᠡᠯᠪᠡᠷᠢ ᠶᠢ ᠬᠠᠶᠢᠨ ᠰᠥᠪᠡᠭᠴᠢᠯᠡᠭᠦ ᠳᠤ ᠲᠥᠯᠬᠢᠴᠡ ᠥᠢᠯᠡᠳᠥᠯ ᠥᠵᠡᠭᠦᠯᠵᠡᠢ᠃ ᠲᠣᠰ ᠣᠳᠠᠭᠠᠨ ᠤ ᠵᠢᠭᠠᠨ ᠰᠣᠷᠭᠠᠯᠳᠡ ᠶᠢᠨ ᠪᠥᠳᠥᠮᠵᠢᠳᠣ ᠰᠣᠯᠢᠯᠴᠠᠭ᠎ᠠ ᠨᠢ ᠭᠤᠷᠪᠠᠨ ᠰᠣᠷᠭᠠᠭᠤᠯᠢ ᠶᠢᠨ ᠨᠥᠭᠦᠷᠰᠡᠭ ᠬᠠᠷᠢᠴᠠᠭ᠎ᠠ ᠶᠢ ᠪᠠᠶᠢᠭᠤᠯᠣᠨ ᠴᠢᠩᠭᠠᠳᠬᠠᠭᠰᠠᠨ ᠮᠠᠰᠢ ᠠᠮᠵᠢᠯᠳᠡ ᠲᠠᠢ ᠭᠥᠳᠡᠯᠭᠡᠭᠡᠨ ᠪᠣᠯᠣᠭᠰᠠᠨ ᠪᠠᠶᠢᠨ᠎ᠠ᠃

ᠢᠷᠡᠯᠲᠡ᠄      ᠨᠠᠶᠢᠷᠠᠭᠤᠯᠤᠭᠴᠢ᠄