home
home

    ᠬᠦᠪᠡᠭᠡᠳᠤ ᠰᠢᠷ᠎ᠡ ᠬᠤᠰᠢᠭᠤᠨ ᠤ ᠮᠤᠩᠭᠤᠯ ᠲᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠲᠦᠪᠰᠢᠨ ᠪᠦᠬᠦ ᠠᠶᠢᠮᠠᠭ ᠲᠠᠭᠠᠨ ᠬᠤᠰᠢᠭᠤᠷᠠᠵᠤ ᠪᠠᠶᠢᠨ᠎ᠡ

2016-08-29  12:38

ᠬᠦᠪᠡᠭᠡᠳᠤ ᠰᠢᠷ᠎ᠡ ᠬᠤᠰᠢᠭᠤᠨ ᠤ ᠮᠤᠩᠭᠤᠯ ᠲᠤᠮᠳᠠᠳᠤ ᠰᠤᠷᠭᠠᠭᠤᠯᠢ ᠵᠢᠭᠠᠨ ᠰᠤᠷᠭᠠᠬᠤ ᠴᠢᠳᠠᠪᠤᠷᠢᠳᠡᠨ ᠤ ᠡ᠊ᠩᠨᠡᠭᠡᠨ ᠤ ᠪᠠᠶᠢᠭᠤᠯᠤᠯᠳᠠ ᠶᠢ ᠲᠠᠰᠤᠷᠠᠯᠲᠠ ᠦᠭᠡᠢ ᠴᠢᠩᠭᠠᠳᠬᠠᠭᠠᠳ ᠵᠢᠭᠠᠨ ᠰᠤᠷᠭᠠᠬᠤ ᠶᠠᠰᠦ ᠴᠢᠨᠠᠷ᠂ ᠰᠤᠷᠤᠭᠴᠢᠳ ᠤᠨ ᠰᠤᠷᠭᠠᠭᠤᠯᠢ ᠳᠡᠪᠰᠢᠬᠦ ᠨᠤᠷᠮ᠎ᠠ ᠪᠠᠷ ᠪᠦᠬᠦ ᠠᠶᠢᠮᠠᠭ ᠲᠠᠭᠠᠨ ᠬᠤᠰᠢᠭᠤᠷᠠᠵᠤ ᠪᠤᠢ᠃ ᠦᠢᠷ᠎ᠡ ᠶᠢᠨ ᠵᠢᠯ ᠳᠤ᠂ ᠲᠤᠰ ᠬᠤᠰᠢᠭᠤᠨ ᠤ ᠮᠤᠩᠭᠤᠯ ᠲᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠠᠵᠢᠯ ᠯᠤᠳᠤ ᠶᠡᠭᠡ ᠠᠮᠵᠢᠯᠳᠡ ᠤᠯᠵᠤ᠂ ᠪᠦᠬᠦ ᠠᠶᠢᠮᠠᠭ ᠤᠨ ᠵᠢᠭᠠᠨ ᠰᠤᠷᠭᠠᠯᠳᠠ ᠶᠢᠨ ᠲᠦᠪᠰᠢᠨ ᠤ ᠲᠦᠷᠦᠬᠦᠦ 3 ᠨᠡᠷ᠎ᠡ ᠶᠢ ᠪᠠᠳᠤᠯᠠᠵᠤ ᠢᠷᠡᠯ᠎ᠡ᠃ 2012 ᠤᠨ ᠤ ᠨᠢᠭᠡᠳᠤᠯᠳᠡᠢ ᠰᠢᠯᠭᠠᠯᠳᠠ ᠳᠤ ᠠᠶᠢᠮᠠᠭ ᠤᠷᠤᠨ ᠤ ᠭᠤᠤᠯᠳᠠᠯᠭ᠎ᠠ ᠲᠠᠢ ᠲᠤᠮᠳᠠᠳᠤ ᠰᠤᠷᠭᠠᠭᠤᠯᠢ ᠳᠤ ᠲᠠᠪᠰᠢᠨ ᠤᠷᠤᠭᠰᠠᠨ ᠨᠤᠷᠮ᠎ᠡ ᠨᠢ 72.7% ᠎ ᠲᠤ ᠬᠦᠷᠴᠦ᠂ ᠲᠤᠰ ᠰᠤᠷᠭᠠᠭᠤᠯᠢ ᠶᠢᠨ 4 ᠰᠤᠷᠤᠭᠴᠢ ᠪᠦᠬᠦ ᠠᠶᠢᠮᠠᠭ ᠤᠨ ᠲᠦᠷᠦᠬᠦᠦ 4  ᠋  ᠋ ᠳᠤ ᠤᠷᠤᠵᠤ᠂ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠡᠳᠤ ᠲᠤᠮᠳᠠᠳᠤ ᠰᠤᠷᠭᠠᠭᠤᠯᠢ ᠳᠤ ᠰᠢᠯᠢ ᠶᠢᠨ ᠭᠤᠤᠯ ᠠᠶᠢᠮᠠᠭ ᠠᠴᠠ ᠡᠯᠰᠡᠬᠦ 20 ᠰᠤᠷᠤᠭᠴᠢ ᠶᠢᠨ ᠲᠤᠳᠤᠷ᠎ᠡ ᠲᠤᠰ ᠰᠤᠷᠭᠠᠭᠤᠯᠢ ᠠᠴᠠ 8 ᠰᠤᠷᠤᠭᠴᠢ ᠰᠢᠯᠭᠠᠭᠳᠠᠨ ᠤᠷᠤᠪᠠ᠃ ᠡᠨᠡ ᠵᠢᠯ ᠤᠨ ᠦᠠᠳᠤᠷ ᠲᠤᠮᠳᠠᠳᠤ ᠳᠤ ᠲᠡᠪᠰᠢᠬᠦ ᠨᠢᠭᠡᠳᠤᠯᠳᠡᠢ ᠰᠢᠯᠭᠠᠯᠳᠠ ᠳᠤ ᠲᠤᠰ ᠰᠤᠷᠭᠠᠭᠤᠯᠢ ᠶᠢᠨ 151 ᠰᠤᠷᠤᠭᠴᠢ ᠠᠴᠠ 61 ᠰᠤᠷᠤᠭᠴᠢ ᠨᠢ ᠤᠷᠤᠨ ᠠᠶᠢᠮᠠᠭ ᠤᠨ ᠭᠤᠤᠯᠳᠠᠯᠭ᠎ᠠ ᠲᠠᠢ ᠲᠤᠮᠳᠠᠳᠤ ᠰᠤᠷᠭᠠᠭᠤᠯᠢ ᠳᠤ ᠰᠢᠯᠭᠠᠭᠳᠠᠨ ᠤᠷᠤᠵᠤ᠂ ᠰᠤᠷᠭᠠᠭᠤᠯᠢ ᠲᠠᠪᠰᠢᠭᠰᠡᠨ ᠨᠤᠷᠮ᠎ᠡ 40. 3% ᠎ ᠲᠤ ᠬᠦᠷᠴᠦ᠂ ᠶᠡᠷᠤᠩᠭᠡᠢ ᠬᠤᠪᠢ ᠶᠢᠨ ᠬᠢᠷᠢ ᠪᠦᠳᠤᠮᠵᠢ ᠪᠠᠷ ᠢᠶᠠᠨ ᠪᠦᠬᠦ ᠠᠶᠢᠮᠠᠭ ᠤᠨ ᠡᠯ᠎ᠡ ᠰᠤᠷᠭᠠᠭᠤᠯᠢ ᠶᠢᠨ ᠲᠡᠷᠢᠬᠦᠨ ᠪᠠᠶᠢᠷᠢ ᠶᠢ ᠡᠵᠡᠯᠡᠭᠰᠡᠨ ᠪᠠᠶᠢᠳᠠᠭ᠃ 2010 ᠤᠨ ᠳᠤ ᠴᠢᠩᠬᠤᠸᠠ ᠶᠡᠭᠡ ᠰᠤᠷᠭᠠᠭᠤᠯᠢ ᠶᠢᠨ ᠹᠢᠽᠢᠺ ᠤᠨ ᠢᠨᠵᠧᠨᠧᠷᠢᠩ ᠤᠨ ᠰᠠᠯᠪᠤᠷᠢ ᠶᠢᠨ ᠴᠦᠮ᠎ᠡ ᠶᠢᠨ ᠢᠨᠵᠧᠨᠧᠷᠢᠩ ᠤᠨ ᠲᠤᠰᠬᠠᠢ ᠮᠡᠷᠭᠡᠵᠢᠯ ᠤᠨ ᠠᠩᠬᠢ ᠳᠤ ᠡᠯᠰᠡᠭᠳᠡᠭᠰᠡᠨ ᠰᠤᠷᠤᠭᠴᠢ ᠨᠤᠮᠤᠴᠢᠨ ᠬᠦᠪᠡᠭᠡᠳᠤ ᠰᠢᠷ᠎ᠡ ᠬᠤᠰᠢᠭᠤᠨ ᠤ ᠮᠤᠩᠭᠤᠯ ᠲᠤᠮᠳᠠᠳᠤ ᠰᠤᠷᠭᠠᠭᠤᠯᠢ ᠠᠴᠠ ᠲᠡᠬᠦᠰᠦᠭᠰᠡᠨ ᠪᠠᠶᠢᠳᠠᠬ᠃ ᠲᠤᠰ ᠰᠤᠷᠭᠠᠭᠤᠯᠢ ᠶᠢᠨ ᠵᠢᠭᠠᠨ ᠰᠤᠷᠭᠠᠬᠤ ᠠᠵᠢᠯ ᠰᠢᠯᠢᠳᠡᠭ ᠠᠮᠵᠢᠯᠳᠠ ᠤᠯᠤᠬᠰᠠᠨ ᠭᠤᠤᠯ ᠰᠢᠯᠳᠠᠭᠠᠨ ᠭᠡᠪᠡᠯ᠂ ᠬᠤᠰᠢᠭᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠠᠴᠠ ᠰᠠᠭᠤᠷᠢ ᠰᠤᠷᠭᠠᠨ ᠬᠦᠮᠤᠵᠢᠯ ᠤᠨ ᠠᠵᠢᠯ ᠢ ᠴᠢᠬᠤᠯᠠᠴᠢᠯᠡᠨ᠂ ᠪᠠᠭᠰᠢ ᠶᠢᠨ ᠡ᠊ᠩᠨᠡᠭᠡᠨ ᠤ ᠪᠠᠶᠢᠭᠤᠯᠤᠯᠳᠠ ᠶᠢ ᠴᠢᠩᠭ᠎ᠠ ᠠᠳᠬᠤᠵᠤ᠂ ᠵᠢᠯ ᠪᠦᠷᠢ ᠰᠤᠷᠭᠠᠭᠤᠯᠢ ᠶᠢᠨ ᠤᠳᠤᠷᠢᠳᠤᠯᠭ᠎ᠠ ᠠᠴᠠ ᠠᠪᠤᠭᠠᠳ ᠬᠢᠴᠢᠶᠡᠯᠯᠡᠭᠴᠢ ᠪᠠᠭᠰᠢ ᠶᠢ ᠡᠯ᠎ᠡ ᠱᠠᠳᠤᠨ ᠤ ᠡᠯ᠎ᠡ ᠲᠦᠷᠦᠯ ᠤᠨ ᠪᠤᠯᠪᠠᠰᠤᠷᠠᠯ ᠳᠤ ᠤᠷᠤᠯᠴᠠᠭᠤᠯᠵᠤ᠂ ᠨᠡᠷ᠎ᠡ ᠲᠦᠷᠦ ᠲᠠᠢ ᠲᠤᠰᠬᠠᠢ ᠮᠡᠷᠭᠡᠵᠢᠯᠳᠡᠨ ᠢ ᠤᠷᠢᠨ ᠬᠢᠴᠢᠶᠡᠯ ᠲᠠᠶᠢᠯᠤᠮᠵᠢ ᠬᠢᠯᠭᠡᠬᠦ᠂ ᠭᠠᠳᠠᠭᠰᠢ ᠲᠤᠮᠢᠯᠡᠨ ᠲᠤᠰᠢᠶᠡᠯ ᠬᠠᠷᠢᠭᠤᠴᠠᠭᠤᠯᠤᠨ ᠰᠤᠷᠤᠯᠴᠠᠭᠤᠯᠬᠤ ᠵᠡᠷᠭᠡ ᠤᠯᠠᠨ ᠠᠷᠪᠢᠨ ᠪᠦᠳᠤᠮᠵᠢᠳᠡᠢ ᠠᠷᠭ᠎ᠠ ᠠᠪᠴᠦ᠂ ᠤᠯᠤᠰ᠂ ᠤᠷᠤᠨ᠂ ᠠᠶᠢᠮᠠᠭ ᠤᠨ ᠲᠡᠰ ᠤᠨ ᠨᠢᠭᠡ ᠪᠦᠯᠦᠭ ᠵᠢᠭᠠᠨ ᠰᠤᠷᠭᠠᠬᠤ ᠴᠢᠳᠠᠪᠤᠷᠢᠳᠡᠨ ᠢᠶᠠᠷ ᠴᠤᠯᠠᠯᠠᠭᠳᠠᠭᠰᠠᠨ ᠰᠢᠯᠢᠳᠡᠭ ᠪᠠᠭᠰᠢ ᠶᠢᠨ ᠡ᠊ᠩᠨᠡᠭᠡᠨ ᠤ ᠪᠠᠶᠢᠭᠤᠯᠤᠯᠳᠠ ᠶᠢ ᠲᠡᠬᠦᠯᠳᠡᠷᠵᠢᠬᠦᠯᠦᠭᠰᠡᠨ ᠲᠠᠢ ᠰᠢᠭᠤᠳ ᠬᠤᠯᠪᠤᠭ᠎ᠠ ᠲᠠᠢ ᠶᠤᠮ᠃

ᠢᠷᠡᠯᠲᠡ᠄      ᠨᠠᠶᠢᠷᠠᠭᠤᠯᠤᠭᠴᠢ᠄