home
home

    ᠵᠠᠯᠰᠠᠨ ᠫᠷᠤᠹᠧᠰᠰᠤᠷ ᠤᠨ ᠡᠷᠳᠡᠮ ᠰᠢᠨᠵᠢᠯᠡᠭᠡᠨ ᠤ ᠦᠵᠠᠯ ᠰᠠᠨᠠᠭ᠎ᠠ ᠶᠢ ᠰᠤᠳᠤᠯᠤᠨ ᠶᠠᠷᠢᠯᠴᠠᠬᠤ ᠬᠤᠷᠡᠯ ᠬᠦᠬᠡᠬᠤᠳᠠ ᠳᠤ ᠪᠤᠯᠪᠠ

2016-08-29  12:51

6 ᠰᠠᠷ᠎ᠠ ᠶᠢᠨ 26  ᠋  ᠋ ᠤ ᠡᠳᠤᠷ᠂ ᠠᠯᠠᠱᠠ ᠪᠠᠷᠠᠭᠤᠨ ᠬᠡᠶᠢᠳ ᠤᠨ ᠯᠠᠮᠠᠳᠡᠨ᠂ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ ᠵᠠᠯᠰᠡᠨ ᠪᠠᠭᠰᠢ ᠶᠢᠨ ᠲᠠᠭᠠᠯᠠᠯ ᠲᠡᠭᠦᠰᠦᠭᠰᠡᠨ 3 ᠵᠢᠯ ᠤᠨ ᠤᠢ ᠶᠢᠨ ᠲᠤᠷᠠᠰᠬᠠᠨ ᠲᠡᠮᠳᠡᠭᠯᠡᠬᠦ 《ᠵᠠᠯᠰᠡᠨ ᠫᠷᠤᠹᠧᠰᠰᠤᠷ ᠤᠨ ᠡᠷᠳᠡᠮ ᠰᠢᠨᠵᠢᠯᠡᠭᠡᠨ ᠤ ᠦᠵᠠᠯ ᠰᠠᠨᠠᠭ᠎ᠠ ᠶᠢ ᠰᠤᠳᠤᠯᠤᠨ ᠶᠠᠷᠢᠯᠴᠠᠬᠤ ᠬᠤᠷᠡᠯ》 ᠋ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ ᠳᠤ ᠶᠠᠪᠤᠬᠳᠠᠪᠠ᠃ ᠵᠠᠯᠰᠡᠨ ᠫᠷᠤᠹᠧᠰᠰᠤᠷ ᠡᠷᠳᠡᠮ ᠰᠢᠨᠵᠢᠯᠡᠭᠡᠨ ᠤ ᠲᠠᠯ᠎ᠠ ᠪᠠᠷ ᠮᠤᠩᠭᠤᠯ ᠬᠡᠯᠡ ᠪᠢᠴᠢᠭ ᠤᠨ ᠤᠬᠠᠭᠠᠨ᠂ ᠰᠤᠷᠪᠤᠯᠵᠢ ᠪᠢᠴᠢᠭ ᠤᠨ ᠤᠬᠠᠭᠠᠨ ᠵᠡᠷᠭᠡ ᠤᠯᠠᠨ ᠰᠤᠳᠤᠯᠭᠠᠨ ᠤ ᠬᠦᠷᠢᠶᠡᠨ ᠳᠤ ᠭᠠᠷᠠᠮᠭᠠᠢᠢᠯᠠᠨ ᠵᠢᠳᠬᠦᠵᠦ᠂ ᠮᠤᠩᠭᠤᠯ ᠰᠤᠳᠤᠯᠤᠯ ᠪᠠ ᠲᠦᠪᠡᠳᠴᠢ ᠰᠤᠳᠤᠯᠤᠯ ᠢ ᠬᠤᠤᠰᠯᠠᠭᠤᠯᠤᠨ ᠠᠵᠢᠯᠯᠠᠵᠦ᠂ ᠮᠤᠩᠭᠤᠯ ᠲᠦᠷᠦᠯ ᠬᠡᠯᠡ ᠰᠤᠳᠤᠯᠭᠠᠨ ᠪᠠ ᠮᠤᠩᠭᠤᠯ ᠬᠡᠯᠡ ᠰᠢᠨᠵᠢᠯᠡᠭᠡᠨ ᠢ ᠡᠨᠡᠳᠭᠡᠭ ᠲᠦᠪᠡᠳ ᠯᠦᠭᠡ ᠬᠠᠷᠢᠴᠠᠭᠤᠯᠤᠨ ᠰᠤᠳᠤᠯᠵᠦ ᠮᠤᠩᠭᠤᠯ ᠰᠤᠳᠤᠯᠤᠯ ᠤᠨ ᠠᠭᠤᠯᠭ᠎ᠠ ᠶᠢ ᠪᠠᠶᠠᠯᠢᠬᠵᠢᠭᠤᠯᠦᠭᠰᠡᠨ ᠮᠦᠷᠳᠡᠭᠡᠨ 20 ᠰᠢᠬᠠᠮ ᠠᠰᠫᠢᠷᠠᠨᠲ᠂ ᠳ᠋ᠤᠺᠲ᠋ᠤᠷᠠᠨᠲ ᠬᠦᠮᠦᠵᠢᠬᠦᠯᠵᠦ ᠰᠤᠷᠭᠠᠨ ᠬᠦᠮᠦᠵᠢᠯ ᠤᠨ ᠤᠢᠢᠯᠡᠰ ᠲᠤ ᠪᠠᠯᠠᠷᠠᠰᠢ ᠦᠭᠡᠢ ᠭᠠᠪᠢᠶ᠎ᠠ ᠵᠢᠳᠬᠦᠯ ᠦᠵᠡᠬᠦᠯᠵᠠᠢ᠃ ᠴᠢᠨᠠᠬᠰᠢᠯᠡᠨ᠂ ᠪᠤᠷᠬᠠᠨ ᠤ ᠱᠠᠰᠢᠨ ᠤ ᠤᠢᠢᠯᠡᠰ ᠢ ᠲᠡᠯᠭᠡᠷᠡᠬᠦᠯᠦᠨ ᠬᠦᠭᠵᠢᠬᠦᠯᠬᠦ ᠳᠤ ᠤᠶᠤᠨ ᠲᠠᠮᠢᠷ ᠪᠠ ᠬᠦᠴᠤᠨ ᠴᠢᠳᠡᠯ ᠢᠶᠠᠨ ᠡᠷᠬᠦᠭᠰᠡᠨ ᠮᠦᠷᠳᠡᠭᠡᠨ 《ᠷᠡᠰᠢᠶᠡᠨ ᠤ ᠲᠤᠰᠤᠯ》 ᠋᠂ 《ᠲᠠᠮᠪᠠᠷᠢᠯᠳᠦ ᠪᠠᠷᠠᠭᠤᠨ ᠬᠡᠶᠢᠳ》 ᠋ ᠵᠡᠷᠭᠡ ᠪᠤᠷᠬᠠᠨ ᠤ ᠱᠠᠰᠢᠨ ᠤ ᠰᠡᠳᠤᠪᠳᠦ ᠪᠦᠳᠦᠭᠡᠯ ᠢᠶᠠᠨ ᠲᠤᠭᠤᠷᠪᠢᠵᠦ ᠬᠡᠪᠯᠡᠬᠦᠯᠵᠠᠢ᠃ ᠨᠠᠩ ᠴᠤ ᠦᠪᠷᠳᠡᠭᠡᠨ ᠵᠠᠰᠠᠬᠤ ᠤᠷᠤᠨ ᠤ ᠪᠤᠷᠬᠠᠨ ᠤ ᠱᠠᠰᠢᠨ ᠤ ᠨᠡᠶᠢᠭᠡᠮᠯᠢᠭ ᠤᠨ ᠲᠠᠷᠤᠭ᠎ᠠ᠂ ᠲᠤᠮᠳᠡᠳᠦ ᠤᠯᠤᠰ ᠤᠨ ᠪᠤᠷᠬᠠᠨ ᠤ ᠱᠠᠰᠢᠨ ᠤ ᠨᠡᠶᠢᠭᠡᠮᠯᠢᠭ ᠤᠨ ᠲᠠᠳ᠋ ᠲᠠᠷᠤᠭ᠎ᠠ ᠶᠢᠨ ᠲᠤᠰᠢᠶᠡᠯ ᠢ ᠬᠠᠷᠢᠭᠤᠴᠠᠵᠦ ᠪᠠᠶᠢᠬᠰᠡᠨ ᠪᠠ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠢᠶᠠᠷ ᠲᠤᠰᠪᠦᠷᠢ ᠭᠤᠷᠪᠡᠨ ᠬᠤᠭᠤᠴᠠᠭ᠎ᠠ ᠰᠤᠩᠭᠤᠳᠠᠨ ᠠᠵᠢᠯᠯᠠᠵᠦ ᠪᠠᠶᠢᠵᠠᠢ᠃ ᠰᠤᠳᠤᠯᠤᠨ ᠶᠠᠷᠢᠯᠴᠠᠬᠤ ᠬᠤᠷᠡᠯ ᠳᠤ᠂ ᠵᠠᠯᠰᠡᠨ ᠫᠷᠤᠹᠧᠰᠰᠤᠷ ᠤᠨ ᠬᠡᠯᠡ ᠰᠢᠨᠵᠢᠯᠡᠯ ᠪᠠ ᠲᠦᠪᠡᠳ ᠤᠨ ᠰᠤᠶᠤᠯ ᠤᠨ ᠬᠠᠷᠢᠴᠠᠭᠠᠨ ᠤ ᠰᠤᠳᠤᠯᠤᠯ ᠳᠤ ᠦᠵᠡᠬᠦᠯᠦᠭᠰᠡᠨ ᠭᠠᠪᠢᠶ᠎ᠠ ᠵᠢᠳᠬᠦᠯ ᠢ ᠡᠷᠬᠢᠴᠡᠬᠦᠯᠦᠨ ᠰᠠᠨᠠᠭᠠᠯᠵᠠᠵᠦ᠂ ᠲᠡᠬᠦᠨ ᠤ ᠰᠤᠷᠴᠦ ᠰᠤᠳᠤᠯᠬᠤ ᠪᠠᠷ ᠵᠢᠷᠭᠠᠯ ᠪᠤᠯᠭᠠᠵᠦ᠂ ᠰᠤᠳᠤᠷ ᠨᠤᠮ ᠢᠶᠠᠷ ᠡᠬᠦᠷᠢᠳᠠ ᠶᠢᠨ ᠬᠠᠨᠢ ᠬᠢᠵᠦ᠂ ᠡᠶᠡᠯᠳᠡᠭ ᠵᠦᠭᠡᠯᠡᠨ ᠵᠠᠩ ᠠᠭᠠᠯᠢ ᠪᠠᠷ ᠢᠶᠠᠨ ᠬᠠᠳᠠᠭᠤ ᠶᠢ ᠤᠶᠠᠷᠠᠭᠤᠯᠵᠦ᠂ ᠡᠷᠬᠢᠮ ᠲᠡᠭᠡᠳᠦ ᠶᠤᠰᠤ ᠮᠤᠷᠡᠯ ᠢᠶᠠᠷ ᠢᠶᠠᠨ ᠬᠦᠮᠦᠨ ᠤᠯᠠᠨ ᠤ ᠲᠠᠭᠤᠷᠢᠶᠡᠯ ᠪᠤᠯᠵᠦ᠂ ᠡᠭᠡᠯ ᠵᠢᠯ ᠤᠨ ᠤᠢᠢᠯᠡ ᠠᠵᠢᠯᠯᠠᠭ᠎ᠠ ᠪᠠᠷ ᠢᠶᠠᠨ ᠤᠢᠢᠯᠡᠰ ᠪᠦᠳᠦᠭᠡᠵᠦ᠂ ᠲᠠᠭᠠᠭᠤᠯᠤᠬᠴᠢ᠂ ᠲᠠᠭᠤᠷᠢᠶᠡᠯ ᠪᠤᠯᠵᠦ ᠶᠠᠪᠤᠬᠰᠡᠨ ᠡᠷᠬᠢᠮ ᠲᠡᠭᠡᠳᠦ ᠤᠢᠢᠯᠡ ᠠᠵᠢᠯᠯᠠᠭ᠎ᠠ ᠶᠢᠨ ᠲᠤᠭᠤᠷᠢᠨ ᠳᠤ ᠶᠡᠷᠢᠯᠴᠠᠭᠠᠨ ᠦᠷᠨᠢᠬᠦᠯᠪᠠ᠃

ᠢᠷᠡᠯᠲᠡ᠄      ᠨᠠᠶᠢᠷᠠᠭᠤᠯᠤᠭᠴᠢ᠄