home
home

    《ᠦᠭᠡᠷ》 ᠋ ᠨᠠᠷᠠᠮᠵᠢᠳᠦ ᠱᠠᠩᠨᠠᠯ ᠤᠨ ᠮᠦᠡᠭᠭᠦ ᠶᠢᠨ ᠱᠠᠩᠨᠠᠯ ᠤᠯᠭᠤᠬᠤ ᠶᠤᠰᠤᠯᠠᠯ ᠦᠪᠤᠷ ᠮᠤᠩᠭᠤᠯ ᠤᠨ ᠶᠡᠭᠡ ᠰᠤᠷᠭᠠᠭᠤᠯᠢ ᠳᠤ ᠶᠠᠪᠤᠬᠳᠠᠪᠠ

2016-08-29  13:02

12 ᠰᠠᠷ᠎ᠠ ᠶᠢᠨ 3  ᠋  ᠋ ᠤ ᠡᠳᠤᠷ᠂ ᠠᠯᠳᠡᠷᠳᠦ ᠰᠢᠨᠵᠢᠯᠡᠬᠦ ᠤᠬᠠᠭᠠᠨᠳᠠᠨ ᠦᠭᠡᠷ ᠠᠪᠤᠭᠠᠢ ᠶᠢᠨ ᠪᠠᠶᠢᠭᠤᠯᠤᠬᠰᠡᠨ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ 《ᠦᠭᠡᠷ》 ᠋ ᠨᠠᠷᠠᠮᠵᠢᠳᠦ ᠱᠠᠩᠨᠠᠯ ᠤᠨ ᠮᠦᠡᠭᠭᠦ ᠶᠢᠨ ᠱᠠᠩᠨᠠᠯ ᠤᠯᠭᠤᠬᠤ ᠶᠤᠰᠤᠯᠠᠯ ᠦᠪᠤᠷ ᠮᠤᠩᠭᠤᠯ ᠤᠨ ᠶᠡᠭᠡ ᠰᠤᠷᠭᠠᠭᠤᠯᠢ ᠳᠤ ᠶᠠᠪᠤᠬᠳᠠᠪᠠ᠃ ᠦᠭᠡᠷ ᠠᠪᠤᠭᠠᠢ ᠪᠤᠯ ᠮᠠᠨ ᠤ ᠤᠯᠤᠰ ᠤᠨ ᠠᠭᠠᠷ ᠤᠨ ᠠᠶᠠᠯᠠᠯ ᠤᠨ ᠤᠢᠢᠯᠡᠰ ᠲᠤ ᠲᠤᠪᠤᠶᠢᠮ᠎ᠠ ᠬᠤᠪᠢ ᠨᠠᠮᠠᠷᠢ ᠦᠵᠡᠬᠦᠯᠦᠭᠰᠡᠨ ᠮᠤᠩᠭᠤᠯ ᠦᠨᠳᠤᠰᠤᠳᠡᠨ ᠤ ᠠᠯᠳᠡᠷᠳᠦ ᠰᠢᠨᠵᠢᠯᠡᠬᠦ ᠤᠬᠠᠭᠠᠨᠳᠠᠨ᠃ ᠲᠠᠷᠠ ᠤᠷᠭᠠᠨᠢᠭ ᠦᠨᠳᠤᠷ ᠲᠤᠯᠠᠭᠠᠨ ᠳᠤ ᠲᠠᠰᠪᠦᠷᠢᠳᠠᠢ ᠲᠦᠷᠬᠢᠬᠡᠰᠦ ᠶᠢ ᠰᠤᠳᠤᠯᠤᠨ ᠪᠦᠳᠦᠭᠡᠵᠦ᠂ ᠤᠯᠤᠰ ᠤᠨ ᠬᠤᠶᠡᠷ ᠲᠦᠷᠦᠯ ᠤᠨ ᠬᠤᠭᠤᠰᠤᠨ ᠢ ᠨᠦᠬᠦᠪᠦᠷᠢᠯᠡᠪᠠ᠃ ᠲᠤᠰ ᠮᠠᠲ᠋ᠧᠷᠢᠶᠠᠯ ᠢ ᠠᠷᠡᠳ ᠤᠨ ᠶᠡᠭᠡ ᠬᠤᠷᠡᠯ ᠤᠨ ᠲᠠᠩᠬᠢᠮ᠂ ᠲᠢᠶᠡᠨ ᠠᠨ ᠮᠧᠨ ᠵᠡᠷᠭᠡ ᠭᠤᠤᠯᠳᠠᠯᠭ᠎ᠠ ᠲᠠᠢ ᠪᠠᠷᠢᠯᠭ᠎ᠠ ᠶᠢᠨ ᠵᠠᠰᠠᠨ ᠰᠠᠯᠪᠢᠬᠦ ᠢᠨᠵᠧᠨᠧᠷᠢᠩ ᠵᠢᠴᠢ ᠠᠷᠡᠳ ᠤᠨ ᠠᠭᠠᠷ ᠤᠨ ᠠᠶᠠᠯᠠᠯ ᠪᠤᠯᠤᠨ ᠤᠯᠤᠰ ᠤᠨ ᠪᠠᠳᠤᠯᠠᠨ ᠬᠠᠮᠠᠭᠠᠯᠠᠯᠳᠠ ᠳᠤ ᠦᠷᠭᠡᠨ ᠢᠶᠠᠷ ᠠᠰᠢᠬᠯᠠᠵᠦ ᠪᠠᠶᠢᠨ᠎ᠠ᠃ ᠡᠨᠡ ᠵᠢᠯ 84 ᠨᠠᠰᠤᠳᠠᠢ ᠦᠭᠡᠷ ᠠᠪᠤᠭᠠᠢ ᠤᠷᠳᠦ ᠬᠤᠭᠤᠴᠠᠭᠠᠨ ᠤ ᠲᠤᠷᠰᠢ ᠤᠯᠤᠰ ᠤᠨ ᠲᠤᠳᠤᠭᠠᠳᠦ ᠶᠢᠨ ᠲᠤᠰᠬᠠᠢ ᠮᠡᠷᠭᠡᠵᠢᠯ ᠤᠨ ᠰᠢᠨᠵᠢᠯᠡᠬᠦ ᠤᠬᠠᠭᠠᠨ ᠤ ᠴᠢᠳᠡᠪᠦᠷᠢᠳᠡᠨ ᠢ ᠬᠦᠮᠦᠵᠢᠬᠦᠯᠬᠦ ᠵᠢᠴᠢ ᠪᠦᠬᠦ ᠤᠯᠤᠰ ᠤᠨ ᠴᠦᠭᠡᠨ ᠲᠤᠭᠠᠳᠦ ᠦᠨᠳᠤᠰᠤᠳᠡᠨ ᠤ ᠴᠢᠳᠡᠪᠦᠷᠢᠳᠡᠨ ᠢ ᠬᠦᠮᠦᠵᠢᠬᠦᠯᠬᠦ ᠶᠢ ᠬᠦᠨᠳᠤᠳᠭᠡᠭᠰᠡᠬᠡᠷ ᠢᠷᠡᠭᠰᠡᠨ ᠶᠤᠮ᠃ ᠤᠳᠤᠬᠠᠨ ᠳᠤ ᠲᠠᠷᠠ 《ᠦᠭᠡᠷ ᠨᠠᠷᠠᠮᠵᠢᠳᠦ ᠨᠠᠶᠢᠳᠠ ᠶᠢᠨ ᠠᠰᠠᠷᠠᠮᠵᠢ ᠶᠢᠨ ᠰᠠᠭᠤᠷᠢ ᠮᠦᠡᠭᠭᠦᠨ ᠤ ᠨᠡᠶᠢᠭᠡᠮᠯᠢᠭ》 ᠋ ᠢ ᠪᠠᠶᠢᠭᠤᠯᠵᠦ᠂ ᠴᠦᠭᠡᠨ ᠲᠤᠭᠠᠳᠦ ᠦᠨᠳᠤᠰᠤᠳᠡᠨ ᠤ ᠭᠠᠵᠡᠷ ᠤᠷᠤᠨ ᠤ ᠴᠢᠳᠡᠪᠦᠷᠢᠳᠡᠨ ᠢ ᠬᠦᠮᠦᠵᠢᠬᠦᠯᠬᠦ᠂ ᠡᠮ ᠡᠮᠨᠡᠯᠭᠡ ᠶᠢᠨ ᠨᠦᠬᠦᠴᠡᠯ ᠢ ᠰᠠᠶᠢᠵᠢᠷᠠᠭᠤᠯᠬᠤ᠂ ᠴᠦᠭᠡᠨ ᠲᠤᠭᠠᠳᠦ ᠦᠨᠳᠤᠰᠤᠳᠡᠨ ᠤ ᠰᠤᠶᠤᠯ ᠤᠨ ᠤᠯᠠᠮᠵᠢᠯᠠᠯ ᠪᠠ ᠰᠤᠳᠤᠯᠤᠯ ᠵᠢᠴᠢ ᠬᠢᠯᠢ ᠬᠢᠵᠠᠭᠠᠷ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠵᠠᠷᠭᠡ ᠲᠠᠯ᠎ᠠ ᠳᠤ ᠲᠠᠮᠵᠢᠯᠭᠡ ᠤᠯᠭᠤᠬᠤ ᠪᠠᠷ ᠪᠠᠶᠢᠨ᠎ᠠ᠃ ᠤᠢᠢᠯᠠᠭᠠᠬᠰᠡᠨ ᠢᠶᠠᠷ᠂ ᠲᠤᠰ ᠤᠳᠠᠭᠠᠨ ᠤ ᠶᠤᠰᠤᠯᠠᠯ ᠳᠤ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ 13 ᠰᠢᠯᠢᠳᠡᠭ ᠪᠠᠭᠰᠢ ᠰᠤᠷᠤᠬᠴᠢ ᠶᠢ ᠵᠤᠷᠢᠬᠵᠢᠭᠤᠯᠤᠨ ᠨᠠᠶᠢᠳᠠ 32 ᠲᠦᠮᠡᠨ ᠲᠦᠭᠦᠷᠢᠭ ᠢᠶᠠᠷ ᠱᠠᠩᠨᠠᠭᠰᠡᠨ ᠪᠠᠶᠢᠨ᠎ᠠ᠃ ᠬᠤᠶᠢᠰᠢᠳᠠ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠵᠢᠭᠠᠨ ᠰᠤᠷᠭᠠᠯᠳᠠ ᠬᠢᠭᠡᠳ ᠰᠢᠨᠵᠢᠯᠡᠭᠡ ᠮᠡᠷᠭᠡᠵᠢᠯ ᠤᠨ ᠲᠠᠯ᠎ᠠ ᠪᠠᠷ ᠲᠤᠪᠤᠶᠢᠮ᠎ᠠ ᠠᠮᠵᠢᠯᠳᠠ ᠲᠠᠢ ᠵᠠᠯᠠᠭᠤ ᠪᠠᠭᠰᠢ ᠪᠤᠯᠤᠨ ᠬᠢᠴᠢᠶᠡᠯ ᠰᠤᠷᠤᠯᠭ᠎ᠠ ᠳᠠᠭᠠᠨ ᠴᠢᠷᠮᠠᠶᠢᠯᠭ᠎ᠠ ᠲᠠᠢ᠂ ᠰᠢᠨ᠎ᠠ ᠶᠢ ᠡᠬᠦᠳᠬᠦ ᠵᠤᠷᠢᠭ ᠰᠠᠨᠠᠭ᠎ᠠ ᠲᠠᠢ ᠦᠨᠳᠤᠰᠤᠨ ᠠᠩᠬᠢ ᠶᠢᠨ ᠰᠤᠷᠤᠬᠴᠢ ᠬᠢᠭᠡᠳ ᠰᠤᠳᠤᠯᠤᠨ ᠰᠤᠷᠤᠬᠴᠢᠳ ᠢ ᠵᠢᠯ ᠪᠦᠷᠢ ᠨᠢᠭᠡ ᠤᠳᠠᠭ᠎ᠠ ᠱᠠᠩᠨᠠᠨ ᠬᠦᠬᠢᠬᠦᠯᠬᠦ ᠪᠠᠷ ᠲᠤᠬᠳᠠᠪᠠ᠃

 

ᠢᠷᠡᠯᠲᠡ᠄      ᠨᠠᠶᠢᠷᠠᠭᠤᠯᠤᠭᠴᠢ᠄