home
home

    ᠸᠠᠩ ᠵᠢᠶᠦ᠋ᠨ ᠤᠯᠤᠰ ᠤᠨ ᠪᠠᠳᠤᠯᠠᠨ ᠬᠠᠮᠠᠭᠠᠯᠠᠯᠳᠠ ᠶᠢᠨ ᠶᠡᠭᠡ ᠰᠤᠷᠭᠠᠭᠤᠯᠢ  ᠶᠢᠨ ᠲᠡᠳ᠋ ᠺᠤᠮᠢᠰᠰᠠᠷ ᠡᠦ ᠵᠢᠶᠧ ᠮᠢᠩ ᠲᠠᠢ ᠠᠭᠤᠯᠵᠠᠪᠠ

2016-08-29  16:45

8 ᠰᠠᠷ᠎ᠠ ᠶᠢᠨ 22  ᠋  ᠋ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ   ᠸᠠᠩ ᠵᠢᠶᠦ᠋ᠨ ᠬᠦᠬᠡᠬᠤᠳᠠ ᠳᠤ ᠤᠯᠤᠰ ᠤᠨ ᠪᠠᠳᠤᠯᠠᠨ ᠬᠠᠮᠠᠭᠠᠯᠠᠯᠳᠠ ᠶᠢᠨ ᠶᠡᠭᠡ ᠰᠤᠷᠭᠠᠭᠤᠯᠢ ᠶᠢᠨ ᠲᠡᠳ᠋ ᠺᠤᠮᠢᠰᠰᠠᠷ᠂     ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ ᠡᠦ ᠵᠢᠶᠧ ᠮᠢᠩ ᠨᠠᠷ ᠲᠠᠢ ᠠᠭᠤᠯᠵᠠᠪᠠ᠃

2016-08-24-02c7d1e628-06ec-4d8f-8369-874020b69525

ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠬᠦᠬᠡᠬᠤᠳᠠ ᠳᠤ ᠤᠯᠤᠰ ᠤᠨ ᠪᠠᠳᠤᠯᠠᠨ ᠬᠠᠮᠠᠭᠠᠯᠠᠯᠳᠠ ᠶᠢᠨ ᠶᠡᠭᠡ ᠰᠤᠷᠭᠠᠭᠤᠯᠢ ᠶᠢᠨ ᠲᠡᠳ᠋ ᠺᠤᠮᠢᠰᠰᠠᠷ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ    ᠱᠦᠵᠢ ᠡᠦ ᠵᠢᠶᠧ ᠮᠢᠩ ᠨᠠᠷ ᠲᠠᠢ ᠠᠭᠤᠯᠵᠠᠪᠠ᠃

ᠭᠡᠷᠡᠯ ᠵᠢᠷᠤᠭ ᠢ ᠶᠤᠸᠠᠨ ᠶᠦᠩ ᠬᠤᠩ ᠰᠡᠬᠦᠳᠡᠷᠯᠡᠪᠡ

ᠸᠠᠩ ᠵᠢᠶᠦ᠋ᠨ ᠡᠩ ᠲᠠᠷᠢᠬᠦᠨ ᠳᠤ ᠡᠦ ᠵᠢᠶᠧ ᠮᠢᠩ ᠨᠠᠷ ᠤᠨ ᠦᠪᠦᠷ ᠮᠤᠩᠭᠤᠯ ᠳᠤ ᠪᠠᠶᠢᠴᠠᠭᠠᠨ ᠰᠤᠳᠤᠯᠤᠯᠳᠠ      ᠬᠢᠭᠦ ᠶᠢ ᠪᠠᠶᠠᠷᠯᠠᠨ ᠤᠬᠳᠤᠵᠤ ᠪᠠᠶᠢᠭ᠎ᠠ ᠪᠠᠨ ᠢᠯᠡᠳᠭᠡᠭᠦ ᠶᠢᠨ ᠬᠠᠮᠳᠤ ᠦᠪᠡᠷᠳᠡᠭᠡᠨ ᠵᠠᠰᠠᠬᠤ ᠤᠷᠤᠨ ᠤ ᠦᠨᠳᠦᠰᠦᠨ      ᠪᠠᠶᠢᠳᠠᠯ ᠵᠢᠴᠢ ᠤᠢᠢᠷ᠎ᠠ ᠶᠢᠨ ᠵᠢᠯ ᠠᠴᠠ ᠨᠠᠰᠢᠬᠢ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠪᠠᠶᠢᠳᠠᠯ ᠢ ᠲᠦᠭᠦᠮ  ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠦᠪᠦᠷ ᠮᠤᠩᠭᠤᠯ ᠤᠨ ᠭᠠᠵᠠᠷ ᠨᠤᠳᠤᠭ ᠦᠷᠭᠡᠨ ᠠᠭᠤᠳᠠᠮ᠂ ᠤᠷᠤᠨ ᠪᠠᠶᠢᠷᠢᠰᠢᠯ     ᠴᠢᠬᠤᠯᠠ᠂ ᠡᠭᠢ ᠪᠠᠶᠠᠯᠢᠭ ᠡᠯᠪᠡᠭ ᠲᠡᠯᠪᠡᠭ᠂ ᠬᠦᠭᠵᠢᠯᠳᠡ ᠶᠢᠨ ᠰᠠᠭᠤᠷᠢ ᠬᠠᠷᠢᠴᠠᠩᠭᠤᠢ ᠰᠠᠶᠢᠨ ᠶᠤᠮ᠃ ᠨᠠᠮ ᠤᠨ ᠠᠷᠪᠠᠨ  ᠨᠠᠢᠮᠠᠳᠤᠭᠠᠷ ᠶᠡᠭᠡ ᠬᠤᠷᠠᠯ ᠠᠴᠠ ᠨᠠᠰᠢ᠂ ᠤᠷᠤᠨ ᠲᠠᠶᠠᠭᠠᠷ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ   ᠴᠢᠬᠤᠯᠠ ᠶᠠᠷᠢᠶ᠎ᠠ ᠪᠤᠯᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ   ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠶᠢᠨ ᠲᠤᠷᠠᠳᠤᠬᠰᠠᠨ 《ᠡᠭᠡ ᠤᠯᠤᠰ ᠤᠨ     ᠤᠮᠠᠷᠠᠳᠦ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠳᠦ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ》 ᠋   ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢᠨ ᠲᠤᠭᠤᠷᠢᠨ ᠳᠤ ᠠᠵᠤ ᠠᠬᠤᠢ ᠶᠢᠨ ᠬᠦᠭᠵᠢᠯᠳᠡ᠂ ᠦᠨᠳᠦᠰᠦᠳᠡᠨ ᠤ ᠪᠦᠯᠬᠦᠮᠳᠡᠯ᠂ ᠰᠤᠶᠤᠯ ᠤᠨ ᠴᠡᠴᠡᠭᠯᠡᠯᠳᠡ᠂ ᠬᠢᠯᠢ ᠬᠢᠵᠠᠭᠠᠷ ᠤᠨ ᠠᠮᠤᠷ ᠲᠤᠭᠳᠠᠭᠤᠨ᠂ ᠠᠮᠢ ᠠᠬᠤᠢ ᠶᠢᠨ ᠪᠤᠯᠪᠠᠰᠤᠨ᠂       ᠦᠨᠳᠦᠰᠦᠳᠡᠨ ᠨᠦᠭᠦᠳ ᠤᠨ ᠠᠷᠠᠳ ᠲᠦᠮᠡᠨ ᠤ ᠵᠤᠯ ᠵᠢᠷᠭᠠᠯᠳᠦ ᠠᠮᠢᠳᠤᠷᠠᠯ ᠤᠨ ᠦᠵᠡᠰᠭᠦᠯᠡᠩᠳᠦ ᠰᠠᠶᠢᠬᠠᠨ ᠦᠵᠡᠮᠵᠢ ᠶᠢᠨ       ᠤᠷᠤᠨ ᠢ ᠪᠦᠬᠦ ᠬᠦᠴᠦᠨ ᠢᠶᠠᠷ ᠪᠦᠳᠦᠭᠡᠨ ᠪᠠᠶᠢᠭᠤᠯᠵᠤ᠂ ᠡᠯ᠎ᠠ ᠵᠦᠢᠯ ᠤᠨ ᠠᠵᠢᠯ ᠦᠢᠯᠡᠰ ᠤᠨ ᠬᠦᠭᠵᠢᠯᠳᠡ ᠳᠤ ᠰᠢᠨ᠎ᠡ  ᠦᠷ᠎ᠡ ᠪᠦᠳᠦᠮᠵᠢ ᠤᠯᠵᠠᠢ᠃ ᠦᠪᠦᠷ ᠮᠤᠩᠭᠤᠯ ᠪᠤᠯ ᠡᠭᠡ ᠤᠯᠤᠰ ᠤᠨ 《ᠤᠮᠠᠷᠠᠳᠦ ᠬᠠᠭᠠᠯᠭ᠎ᠠ》 ᠋᠂ ᠨᠡᠶᠢᠰᠯᠡᠯ   ᠪᠡᠭᠡᠵᠢᠩ ᠤᠨ 《ᠤᠨᠠᠭᠤᠯᠢ ᠭᠤᠤᠯ》 ᠋ ᠮᠦᠨ᠃ ᠪᠢᠳᠡ ᠡᠭᠡ ᠤᠯᠤᠰ ᠤᠨ ᠤᠮᠠᠷᠠᠳᠦ ᠬᠢᠯᠢ ᠶᠢᠨ ᠠᠮᠤᠷ ᠲᠤᠭᠳᠠᠭᠤᠨ ᠤ       ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠᠨ ᠢᠮᠠᠬᠳᠠ ᠪᠠᠳᠤ ᠴᠡᠭᠡᠵᠢᠯᠡᠨ ᠤᠯᠤᠰ ᠤᠨ ᠪᠠᠳᠤᠯᠠᠨ      ᠬᠠᠮᠠᠭᠠᠯᠠᠯᠳᠠ ᠪᠤᠯᠤᠨ ᠴᠡᠷᠢᠭ ᠠᠩᠬᠢ ᠶᠢᠨ ᠪᠠᠶᠢᠭᠤᠯᠤᠯᠳᠠ ᠶᠢ ᠪᠦᠬᠦ ᠬᠦᠴᠦᠨ ᠢᠶᠠᠷ ᠲᠡᠮᠵᠢᠵᠤ᠂ ᠤᠯᠤᠰ ᠤᠨ ᠠᠮᠤᠷ       ᠲᠦᠪᠰᠢᠨ ᠤ ᠬᠦᠮᠦᠵᠢᠯ ᠢ ᠴᠢᠩᠭᠠᠳᠬᠠᠬᠤ ᠶᠢ ᠲᠡᠭᠡᠳᠦ ᠬᠡᠮᠵᠢᠶ᠎ᠡ ᠪᠠᠷ ᠬᠦᠨᠳᠦᠳᠭᠡᠭᠰᠠᠭᠡᠷ ᠢᠷᠡᠵᠡᠢ ᠬᠡᠪᠡ᠃ ᠲᠡᠷᠡ ᠪᠠᠰᠠ᠂   ᠤᠯᠤᠰ ᠤᠨ ᠪᠠᠳᠤᠯᠠᠨ ᠬᠠᠮᠠᠭᠠᠯᠠᠯᠳᠠ ᠶᠢᠨ ᠶᠡᠭᠡ ᠰᠤᠷᠭᠠᠭᠤᠯᠢ ᠲᠠᠪᠭᠤᠯᠢᠭ ᠢᠶᠠᠨ ᠬᠦᠢᠴᠡᠳ ᠪᠠᠳᠠᠷᠠᠭᠤᠯᠵᠤ᠂      ᠺᠠᠳ᠋ᠷᠴᠤᠳ ᠲᠤ ᠤᠯᠤᠰ ᠤᠨ ᠠᠮᠤᠷ ᠲᠦᠪᠰᠢᠨ ᠤ ᠬᠦᠮᠦᠵᠢᠯ ᠬᠦᠷᠲᠡᠭᠡᠬᠦ ᠪᠠ ᠴᠡᠷᠢᠭ ᠠᠷᠠᠳ ᠤᠨ ᠬᠡᠷᠡᠭᠯᠡᠭᠡ ᠶᠢ    ᠠᠭᠤᠰᠤᠯᠴᠠᠭᠤᠯᠤᠨ ᠬᠦᠭᠵᠢᠭᠦᠯᠬᠦ ᠶᠢ ᠠᠬᠢᠭᠤᠯᠬᠤ ᠵᠡᠷᠭᠡ ᠲᠠᠯ᠎ᠠ ᠪᠠᠷ ᠪᠢᠳᠡᠨ ᠳᠤ ᠶᠡᠬᠡᠪᠡᠷ ᠲᠡᠮᠵᠢᠯᠭᠡ ᠦᠵᠡᠭᠦᠯᠵᠤ᠂ ᠡᠭᠡ  ᠤᠯᠤᠰ ᠤᠨ ᠤᠮᠠᠷᠠᠳᠦ ᠶᠢᠨ ᠠᠮᠤᠷ ᠲᠤᠬᠳᠠᠭᠤᠨ ᠤ ᠬᠠᠯᠬᠠᠪᠴᠢ ᠶᠢ ᠪᠦᠳᠦᠬᠡᠨ ᠪᠠᠶᠢᠭᠤᠯᠵᠤ ᠪᠠᠬᠢᠵᠢᠭᠦᠯᠭᠦ ᠴᠢᠳᠠᠪᠦᠷᠢ ᠪᠤᠯᠤᠨ ᠬᠢᠷᠢ ᠲᠦᠪᠰᠢᠨ ᠢ ᠴᠢᠨᠠᠬᠰᠢᠳᠠ ᠲᠡᠭᠡᠭᠰᠢᠯᠡᠭᠦᠯᠭᠦ ᠶᠢ ᠬᠦᠰᠡᠵᠤ ᠪᠠᠶᠢᠨ᠎ᠠ ᠬᠡᠵᠡᠢ᠃     ᠡᠦ ᠵᠢᠶᠧ ᠮᠢᠩ ᠤᠯᠤᠰ ᠤᠨ ᠪᠠᠳᠤᠯᠠᠨ ᠬᠠᠮᠠᠭᠠᠯᠠᠯᠳᠠ ᠶᠢᠨ ᠶᠡᠭᠡ ᠰᠤᠷᠭᠠᠭᠤᠯᠢ ᠶᠢᠨ ᠤᠷᠤᠨ ᠨᠤᠳᠤᠭ ᠤᠨ  ᠺᠠᠳ᠋ᠷᠴᠤᠳ ᠤᠨ ᠪᠤᠯᠪᠠᠰᠤᠷᠠᠯ ᠬᠦᠮᠦᠵᠢᠯ ᠤᠨ ᠠᠵᠢᠯᠯᠠᠭ᠎ᠠ ᠦᠷᠨᠢᠬᠦᠯᠦᠭᠰᠡᠨ ᠪᠠᠶᠢᠳᠠᠯ ᠢᠶᠠᠨ ᠲᠦᠬᠦᠮ ᠲᠠᠨᠢᠯᠴᠠᠭᠤᠯᠪᠠ᠃          ᠲᠠᠷᠠ ᠬᠡᠯᠡᠭᠰᠡᠨ ᠨᠢ᠂ ᠲᠤᠰ ᠤᠳᠠᠭ᠎ᠠ ᠦᠪᠤᠷ ᠮᠤᠩᠭᠤᠯ ᠳᠤ ᠬᠦᠷᠴᠤ ᠢᠷᠡᠭᠡᠳ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠦᠨᠳᠤᠰᠤᠳᠠᠨ ᠨᠦᠭᠦᠳ ᠤᠨ ᠠᠷᠠᠳ ᠲᠦᠮᠡᠨ ᠢ ᠪᠦᠯᠬᠦᠮᠳᠠᠬᠦᠯᠤᠨ ᠲᠠᠶᠢᠴᠢᠯᠠᠵᠤ ᠬᠢᠯᠢ ᠤᠷᠤᠨ ᠢᠶᠠᠨ ᠰᠠᠬᠢᠨ ᠬᠠᠮᠠᠭᠠᠯᠠᠵᠤ᠂ ᠠᠯᠤᠰ ᠢ ᠪᠠᠷᠠᠯᠠᠨ ᠬᠠᠷᠢᠯᠴᠠᠨ ᠬᠠᠪᠰᠤᠷᠤᠯᠴᠠᠨ ᠪᠦᠯᠬᠦᠮᠳᠠᠨ ᠲᠠᠮᠠᠴᠡᠵᠤ᠂ ᠬᠢᠯᠢ  ᠬᠢᠵᠠᠭᠠᠷ ᠤᠨ ᠦᠨᠳᠤᠰᠤᠳᠠᠨ ᠤ ᠤᠷᠤᠨ ᠤ ᠠᠵᠤ ᠠᠬᠤᠢ ᠬᠦᠭᠵᠢᠯᠳᠠ ᠲᠠᠢ᠂ ᠨᠡᠶᠢᠭᠡᠮ ᠤᠨ ᠡᠶ᠎ᠡ ᠵᠤᠬᠢᠴᠠᠩᠭᠤᠢ ᠠᠮᠤᠷ       ᠲᠤᠭᠳᠠᠭᠤᠨ ᠪᠠᠶᠢᠬᠤ ᠶᠢ ᠬᠠᠷᠠᠭᠠᠳ ᠮᠠᠰᠢ ᠪᠠᠶᠠᠷᠳᠠᠢ ᠪᠠᠶᠢᠨ᠎ᠠ᠃ ᠤᠨᠴᠠᠭᠠᠢᠢᠯᠠᠨ ᠦᠪᠡᠷᠳᠡᠭᠡᠨ ᠵᠠᠰᠠᠬᠤ ᠤᠷᠤᠨ ᠤ ᠨᠠᠮ ᠤᠨ       ᠬᠤᠷᠢᠶ᠎ᠠ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ ᠶᠢᠨ ᠪᠠᠶᠢᠭᠤᠯᠤᠯᠳᠠ ᠶᠢ ᠲᠡᠭᠡᠳᠤ ᠭᠡᠮᠵᠢᠶ᠎ᠠ ᠪᠠᠷ       ᠴᠢᠬᠤᠯᠠᠴᠢᠯᠠᠨ ᠲᠠᠮᠵᠢᠵᠤ᠂ ᠦᠪᠡᠷᠳᠡᠬᠡᠨ ᠵᠠᠰᠠᠬᠤ ᠤᠷᠤᠨ ᠳᠤ ᠰᠠᠭᠤᠭ᠎ᠠ ᠴᠡᠷᠢᠭ ᠠᠩᠬᠢ ᠶᠢ ᠦᠨᠡᠨᠬᠦ ᠬᠠᠪᠰᠤᠷᠤᠨ᠂    ᠤᠷᠤᠰᠢᠵᠤ ᠪᠦᠬᠦᠢ ᠪᠤᠳᠠᠳᠠᠢ ᠬᠦᠴᠢᠷᠳᠠᠯ ᠢ ᠨᠢ ᠰᠢᠢᠳᠪᠤᠷᠢᠯᠡᠨ ᠦᠭᠴᠤ ᠪᠠᠶᠢᠭ᠎ᠠ ᠨᠢ ᠪᠢᠳᠠᠨ ᠳᠤ ᠮᠠᠰᠢ ᠵᠤᠷᠢᠬᠵᠢᠭᠤᠯᠤᠯ ᠪᠤᠯᠵᠠᠢ᠃ ᠤᠯᠤᠰ ᠤᠨ ᠪᠠᠳᠤᠯᠠᠨ ᠬᠠᠮᠠᠭᠠᠯᠠᠯᠳᠠ ᠶᠢᠨ ᠶᠡᠭᠡ ᠰᠤᠷᠭᠠᠭᠤᠯᠢ ᠶᠠᠭ ᠰᠠᠶᠢᠬᠠᠨ ᠤᠷᠤᠨ ᠨᠤᠳᠤᠭ ᠤᠨ    ᠤᠳᠤᠷᠢᠳᠬᠤ ᠺᠠᠳ᠋ᠷᠴᠤᠳ ᠲᠤ ᠤᠯᠤᠰ ᠤᠨ ᠠᠮᠤᠷ ᠲᠦᠪᠰᠢᠨ ᠤ ᠬᠦᠮᠦᠵᠢᠯ ᠪᠤᠯᠪᠠᠰᠤᠷᠠᠯ ᠬᠦᠷᠳᠡᠭᠡᠬᠦ ᠠᠵᠢᠯ ᠢ   ᠢᠳᠡᠪᠬᠢᠳᠠᠢ ᠪᠠᠷ ᠬᠠᠶᠢᠨ ᠰᠦᠪᠡᠭᠴᠢᠯᠡᠵᠤ ᠲᠠᠰᠤᠷᠠᠯᠳᠠ ᠦᠭᠡᠢ ᠲᠡᠬᠦᠯᠳᠡᠷᠵᠢᠬᠦᠯᠤᠨ ᠰᠠᠶᠢᠵᠢᠷᠠᠭᠤᠯᠵᠤ ᠪᠠᠶᠢᠨ᠎ᠠ᠃ ᠡᠨᠡ       ᠲᠠᠯ᠎ᠠ ᠪᠠᠷ ᠤᠷᠤᠨ ᠨᠤᠳᠤᠭ ᠤᠨ ᠬᠢᠨ ᠲᠠᠢ ᠬᠠᠮᠳᠤᠷᠠᠨ ᠠᠵᠢᠯᠯᠠᠬᠤ ᠡᠷᠴᠢᠮ ᠢᠶᠠᠨ ᠴᠢᠩᠭᠠᠷᠠᠭᠤᠯᠵᠤ᠂ ᠦᠪᠤᠷ ᠮᠤᠩᠭᠤᠯ ᠤᠨ       ᠺᠠᠳ᠋ᠷᠴᠤᠳ ᠤᠨ ᠬᠦᠮᠦᠵᠢᠯ ᠪᠠ ᠤᠯᠤᠰ ᠤᠨ ᠠᠮᠤᠷ ᠲᠦᠪᠰᠢᠨ ᠤ ᠬᠦᠮᠦᠵᠢᠯ ᠤᠨ ᠠᠵᠢᠯ ᠢ ᠠᠬᠢᠭᠤᠯᠬᠤ ᠳᠤ ᠦᠵᠡᠬᠦᠯᠪᠠᠰᠤ    ᠵᠤᠬᠢᠬᠤ ᠬᠤᠪᠢ ᠨᠠᠮᠡᠷᠢ ᠪᠠᠨ ᠦᠵᠡᠬᠦᠯᠬᠦ ᠶᠢ ᠬᠦᠰᠡᠵᠤ ᠪᠠᠶᠢᠨ᠎ᠠ ᠬᠡᠪᠡ᠃          ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠷᠧᠨ ᠶᠠ ᠫᠢᠡᠭ᠂ ᠯᠢ ᠫᠸᠡᠭ ᠰᠢᠨ᠂ ᠶᠠᠩ ᠵᠢᠶᠦ᠋ᠨ ᠰᠢᠩ᠂ ᠵᠠᠩ       ᠶᠤᠸᠠᠨ ᠵᠦᠡᠭ ᠨᠠᠷ ᠠᠭᠤᠯᠵᠠᠯᠳᠠ ᠳᠤ ᠤᠷᠤᠯᠴᠠᠪᠠ᠃

ᠢᠷᠡᠯᠲᠡ᠄      ᠨᠠᠶᠢᠷᠠᠭᠤᠯᠤᠭᠴᠢ᠄