home
home

    ᠡᠯᠧᠺᠲᠷᠤᠨ ᠬᠤᠳᠠᠯᠳᠤᠭ᠎ᠠ ᠶᠢᠨ ᠭᠦᠭᠵᠢᠯᠳᠠ ᠶᠢ ᠠᠬᠢᠭᠤᠯᠵᠤ ᠠᠵᠤ ᠠᠬᠤᠢ ᠶᠢᠨ ᠬᠠᠮᠳᠤᠷᠠᠯᠴᠠᠭ᠎ᠠ ᠪᠠᠨ ᠴᠢᠩᠭᠠᠳᠬᠠᠶ᠎ᠠ

2016-08-29  17:31

8 ᠰᠠᠷ᠎ᠠ ᠶᠢᠨ 18  ᠋  ᠋ ᠤ ᠡᠳᠦᠷ᠂ ᠦᠪᠡᠷᠳᠡᠭᠡᠨ ᠵᠠᠰᠠᠬᠤ ᠤᠷᠤᠨ ᠤ ᠲᠡᠳ᠋ ᠲᠠᠷᠢᠭᠦᠯᠡᠭᠴᠢ ᠶᠦᠨ ᠭᠤᠸᠠᠩ ᠵᠦᠡᠭ     ᠬᠦᠭᠡᠬᠤᠳᠠ ᠳᠤ ᠠ ᠯᠢ ᠪᠠ ᠪᠠ ᠶᠢᠨ ᠲᠠᠳ᠋ ᠶᠡᠷᠦᠩᠭᠡᠢ ᠵᠠᠬᠢᠷᠤᠭᠴᠢ ᠹᠠᠨᠭ᠌ ᠵᠢᠶᠠᠨ ᠱᠸᠡᠭ ᠨᠠᠷ ᠲᠠᠢ ᠠᠭᠤᠯᠵᠠᠪᠠ᠃          ᠶᠦᠨ ᠭᠤᠸᠠᠩ ᠵᠦᠡᠭ ᠠᠴᠠ ᠹᠠᠨᠭ᠌ ᠵᠢᠶᠠᠨ ᠰᠢᠩ ᠨᠠᠷ ᠢ ᠪᠠᠶᠠᠷᠯᠠᠨ ᠤᠬᠳᠤᠵᠤ ᠪᠠᠶᠢᠬᠤ ᠰᠡᠳᠬᠢᠯᠭᠡ ᠪᠠᠨ   ᠢᠯᠡᠳᠭᠡᠬᠦ ᠶᠢᠨ ᠬᠠᠮᠳᠤ ᠮᠠᠨ ᠤ ᠤᠷᠤᠨ ᠤ ᠠᠵᠤ ᠠᠬᠤᠢ ᠨᠡᠶᠢᠭᠡᠮ ᠤᠨ ᠭᠦᠭᠵᠢᠯᠳᠠ ᠶᠢᠨ ᠪᠠᠶᠢᠳᠠᠯ ᠢ ᠲᠠᠨᠢᠯᠴᠠᠭᠤᠯᠵᠠᠢ᠃   ᠲᠡᠷᠡ ᠬᠡᠯᠡᠭᠰᠡᠨ ᠨᠢ᠂ ᠤᠢᠢᠷ᠎ᠠ ᠶᠢᠨ ᠵᠢᠯ ᠳᠤ᠂ ᠮᠠᠨ ᠤ ᠤᠷᠤᠨ ᠤᠯᠠᠨ ᠲᠠᠯ᠎ᠠ ᠶᠢᠨ ᠬᠠᠷᠠᠭᠠᠯᠵᠠᠯ ᠤᠨ ᠲᠦᠷᠦ ᠶᠢᠨ     ᠪᠤᠳᠤᠯᠭ᠎ᠠ ᠲᠤᠭᠳᠠᠭᠠᠵᠤ᠂ ᠡᠯᠧᠺᠲᠷᠤᠨ ᠬᠤᠳᠠᠯᠳᠤᠭ᠎ᠠ ᠮᠡᠳᠦ ᠶᠢᠨ ᠰᠢᠨ᠎ᠠ ᠠᠵᠤ ᠦᠢᠯᠡᠰ ᠤᠨ ᠲᠦᠷᠭᠡᠨ ᠭᠦᠭᠵᠢᠯᠳᠠ ᠶᠢ   ᠲᠠᠮᠵᠢᠵᠤ᠂ 《ᠢᠨᠲ᠋ᠧᠷ ᠰᠦᠯᠵᠢᠶ᠎ᠠ +》 ᠋ ᠶᠢᠨ ᠠᠵᠢᠯᠯᠠᠭ᠎ᠠ ᠶᠢᠨ ᠲᠦᠯᠦᠪᠯᠡᠯᠭᠡ ᠶᠢ ᠶᠡᠬᠡᠪᠠᠷ ᠬᠡᠷᠡᠭᠵᠢᠬᠦᠯᠵᠦ ᠨᠡᠯᠢᠶᠡᠳ ᠰᠠᠶᠢᠨ ᠦᠷ᠎ᠠ ᠪᠦᠳᠦᠮᠵᠢ ᠤᠯᠵᠠᠢ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠤᠯ 《ᠨᠢᠭᠡ ᠪᠦᠰᠨ ᠨᠢᠭᠡ      ᠵᠠᠮ》 ᠋ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠯᠠᠭᠤᠯᠤᠯᠳᠠ ᠶᠢᠨ ᠭᠤᠤᠯᠳᠠᠯᠭ᠎ᠠ ᠲᠠᠢ ᠮᠤᠵᠢ ᠦᠪᠡᠷᠳᠡᠭᠡᠨ ᠵᠠᠰᠠᠬᠤ ᠤᠷᠤᠨ ᠮᠦᠷᠳᠡᠭᠡᠨ ᠮᠠᠨᠵᠤᠤᠷ᠂ ᠡᠷᠢᠶᠠᠨ ᠬᠤᠳᠠ ᠵᠡᠷᠭᠡ ᠴᠢᠬᠤᠯᠠ ᠬᠢᠯᠢ ᠶᠢᠨ ᠪᠤᠭᠤᠮᠳᠠ ᠲᠠᠢ ᠪᠠᠶᠢᠵᠤ᠂ ᠡᠯᠧᠺᠲᠷᠤᠨ    ᠬᠤᠳᠠᠯᠳᠤᠭ᠎ᠠ ᠶᠢ ᠭᠦᠭᠵᠢᠬᠦᠯᠬᠦ ᠳᠤ ᠮᠠᠰᠢ ᠶᠡᠭᠡ ᠲᠠᠯᠳᠠ ᠬᠦᠴᠦᠨ ᠲᠠᠢ ᠪᠤᠯᠬᠤᠷ ᠬᠤᠶᠠᠷ ᠡᠳᠡᠭᠡᠳ ᠢᠶᠠᠷ  ᠢᠶᠠᠨ       ᠡᠯᠧᠺᠲᠷᠣᠨ ᠬᠤᠳᠠᠯᠳᠤᠭ᠎ᠠ ᠶᠢᠨ ᠭᠦᠭᠵᠢᠯᠳᠠ ᠶᠢ ᠠᠬᠢᠭᠤᠯᠵᠤ ᠠᠵᠤ ᠠᠬᠤᠢ ᠶᠢᠨ ᠬᠠᠮᠳᠤᠷᠠᠯᠴᠠᠭ᠎ᠠ ᠪᠠᠨ ᠴᠢᠩᠭᠠᠳᠬᠠᠬᠤ ᠶᠢ   ᠬᠦᠰᠡᠵᠤ ᠪᠠᠶᠢᠨ᠎ᠠ᠃ 《ᠠᠷᠪᠠᠨ ᠭᠤᠷᠪᠠᠳᠤᠭᠠᠷ ᠲᠠᠪᠤᠨ ᠵᠢᠯ》 ᠋ ᠤᠨ ᠲᠦᠯᠦᠪᠵᠢᠬᠦᠯᠦᠯᠭᠡ ᠶᠢᠨ ᠬᠤᠭᠤᠴᠠᠭᠠᠨ ᠳᠤ᠂   ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠨᠢᠭᠡ ᠪᠦᠯᠦᠭ ᠭᠤᠤᠯᠳᠠᠯᠭ᠎ᠠ ᠲᠠᠢ ᠲᠦᠷᠦᠯ ᠵᠦᠢᠯ ᠢ ᠭᠡᠷᠡᠭᠵᠢᠬᠦᠯᠬᠦ      ᠪᠤᠯᠤᠨ᠎ᠠ᠂ ᠡᠬᠦᠨ ᠳᠤ ᠠ ᠯᠢ ᠪᠠ ᠪᠠ ᠦᠪᠡᠷ ᠤᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠡᠬᠦᠯᠡᠨ ᠪᠤᠳᠤᠯᠳᠠ᠂ ᠢᠨᠲ᠋ᠧᠷ ᠰᠦᠯᠵᠢᠶᠠᠨ ᠤ ᠮᠦᠡᠭᠭᠦᠨ ᠬᠦᠢᠯᠭᠡᠭᠡ᠂ ᠤᠳᠤᠬᠢᠴᠢᠯᠠᠬᠰᠠᠨ ᠪᠤᠳᠠᠰ ᠤᠨ ᠬᠦᠢᠯᠭᠡᠭᠡ ᠵᠡᠷᠭᠡ ᠬᠦᠷᠢᠶ᠎ᠠ ᠴᠠᠷᠠᠭ᠎ᠠ ᠳᠤ   ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠲᠠᠢ ᠬᠠᠮᠳᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ   ᠭᠡᠵᠡᠢ᠃       ᠹᠠᠨᠭ᠌ ᠵᠢᠶᠠᠨ ᠱᠸᠡᠭ᠂ ᠤᠳᠤᠬᠠᠨ  ᠳᠤ  ᠡᠯᠧᠺᠲᠷᠣᠨ ᠬᠤᠳᠠᠯᠳᠤᠭ᠎ᠠ  ᠶᠢᠨ ᠰᠤᠯᠢᠯᠴᠠᠭ᠎ᠠ ᠶᠢᠨ ᠨᠡᠮᠡᠭᠳᠡᠯ ᠤᠨ       ᠬᠤᠷᠳᠤᠴᠠ ᠲᠦᠷᠭᠡᠳᠭᠡᠵᠤ᠂ ᠬᠦᠳᠡᠭᠡ ᠲᠤᠰᠬᠤᠨ ‍ᠤᠡᠯᠧᠺᠲᠷᠤᠨ ᠬᠤᠳᠠᠯᠳᠤᠭ᠎ᠠ ‍ᠵᠢᠨ ᠭᠦᠭᠵᠢᠯᠳᠠ ᠴᠦ ᠮᠠᠰᠢ ᠲᠦᠷᠭᠡᠨ  ᠪᠤᠯᠵᠠᠢ᠂ ᠨᠢᠳᠦᠨᠦᠨ ᠵᠢᠯ᠂ ᠠ ᠯᠢ ᠪᠠ ᠪᠠ ᠶᠢᠨ ᠦᠪᠦᠷ ᠮᠤᠩᠭᠤᠯ ᠦᠪᠡᠷᠳᠡᠭᠡᠨ ᠵᠠᠰᠠᠬᠤ ᠤᠷᠤᠨ ᠤ ᠬᠦᠳᠡᠭᠡ ᠲᠤᠰᠬᠤᠨ      ᠤ  ᠡᠯᠧᠺᠲᠷᠣᠨ ᠬᠤᠳᠠᠯᠳᠤᠭ᠎ᠠ  ᠶᠢᠨ ᠲᠦᠷᠦᠯ ᠵᠦᠢᠯ ᠬᠤᠷᠢᠨᠭᠡᠷ ᠰᠢᠶᠠᠨ ᠳᠤ ᠨᠤᠳᠤᠭᠰᠢᠵᠤ᠂ ᠭᠦᠭᠵᠢᠯᠳᠠ ᠶᠢᠨ ᠪᠠᠶᠢᠳᠠᠯ ᠨᠡᠯᠢᠶᠡᠳ ᠰᠠᠶᠢᠨ ᠪᠠᠶᠢᠨ᠎ᠠ᠃ ᠬᠦᠳᠡᠭᠡ ᠲᠤᠰᠬᠤᠨ ᠤ ᠲᠠᠪᠠᠭᠤᠯᠢᠬ ᠡᠬᠢ ᠪᠠᠶᠠᠯᠢᠭ ᠪᠠ  ᠢᠨᠲ᠋ᠧᠷ ᠰᠦᠯᠵᠢᠶ᠎ᠡ  ᠶᠢ       ᠬᠠᠷᠢᠯᠴᠠᠨ ᠤᠶᠠᠯᠳᠤᠭᠤᠯᠬᠤ ᠶᠢ ᠠᠬᠢᠭᠤᠯᠬᠤ ᠲᠠᠯ᠎ᠠ ᠪᠠᠷ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ     ᠬᠦᠭᠵᠢᠯᠳᠠ ᠶᠢᠨ ᠤᠷᠤᠨ ᠵᠠᠢ ᠮᠠᠰᠢ ᠶᠡᠭᠡ᠃ ᠠ ᠯᠢ ᠪᠠ ᠪᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠲᠠᠢ      ᠬᠠᠮᠳᠤᠷᠠᠯᠴᠠᠭ᠎ᠠ ᠪᠠᠨ ᠴᠢᠨᠠᠬᠰᠢᠳᠠ ᠬᠦᠨᠵᠡᠭᠡᠶᠢᠷᠡᠬᠦᠯᠵᠤ᠂ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ   ᠭᠦᠭᠵᠢᠯᠳᠠ ᠳᠤ ᠨᠡᠩ ᠰᠠᠶᠢᠳᠤᠷ ᠦᠢᠯᠡᠴᠢᠯᠡᠨ᠎ᠠ ᠬᠡᠵᠡᠢ᠃        ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠭᠢᠮ᠂ ᠡᠳ᠋ ᠤᠨ ᠵᠠᠰᠠᠭ ᠤᠨ ᠲᠢᠩᠭᠢᠮ᠂     ᠬᠤᠳᠠᠯᠳᠤᠭᠠᠨ ᠤ ᠶᠠᠪᠤᠳᠠᠯ ᠤᠨ ᠲᠢᠩᠭᠢᠮ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠠᠭᠤᠯᠵᠠᠯᠳᠠ ᠳᠤ ᠤᠷᠤᠯᠴᠠᠪᠠ᠃

ᠢᠷᠡᠯᠲᠡ᠄      ᠨᠠᠶᠢᠷᠠᠭᠤᠯᠤᠭᠴᠢ᠄