home
home

    ᠠᠵᠤ ᠦᠢᠯᠡᠳᠪᠤᠷᠢᠵᠢᠯᠳᠠ ᠪᠤᠯᠤᠨ ᠮᠡᠳᠡᠭᠡ ᠵᠠᠩᠬᠢᠵᠢᠯᠳᠠ ᠶᠢᠨ ᠶᠠᠮᠤᠨ ᠤ ᠴᠢᠳᠠᠪᠤᠷᠢᠳᠠᠨ ᠤᠷᠢᠵᠦ ᠡᠯᠰᠡᠬᠦ ᠬᠤᠷᠠᠯ ᠄ IT ᠦᠢᠯᠡᠰ ᠤᠨ ᠴᠢᠳᠠᠪᠤᠷᠢᠳᠠᠨ ᠤ ᠭᠡᠷᠡᠭᠴᠡᠭᠡ ᠶᠡᠭᠡ ᠪᠠᠶᠢᠵᠦ Java ᠶᠢᠨ ᠢᠨᠵᠧᠨᠧᠷ ᠬᠦᠷᠢᠶᠡᠯᠡᠭᠳᠡᠵᠦ ᠪᠠᠶᠢᠨ᠎ᠠ

2016-08-29  17:35

ᠢᠨᠲ᠋ᠧᠷ ᠰᠦᠯᠵᠢᠶᠡᠨ ᠤ ᠮᠡᠷᠭᠡᠵᠢᠯ ᠤᠨ ᠲᠦᠭᠡᠮᠡᠯᠵᠢᠯ ᠪᠠ ᠬᠦᠭᠵᠢᠯᠳᠠ ᠨᠢ IT ᠦᠢᠯᠡᠰ ᠤᠨ ᠴᠢᠳᠠᠪᠤᠷᠢᠳᠠᠨ ᠤ   ᠭᠡᠷᠡᠭᠴᠡᠭᠡ ᠶᠢ ᠨᠡᠮᠡᠭᠳᠡᠬᠦᠯᠵᠠᠢ᠃ ᠤᠢᠢᠷ᠎ᠠ ᠳᠤ ᠶᠠᠪᠤᠭᠳᠠᠭᠰᠠᠨ ᠠᠵᠤ ᠦᠢᠯᠡᠳᠪᠤᠷᠢᠵᠢᠯᠳᠠ ᠪᠠ ᠮᠡᠳᠡᠭᠡ ᠵᠠᠩᠬᠢᠵᠢᠯᠳᠠ ᠶᠢᠨ  ᠴᠢᠳᠠᠪᠤᠷᠢᠳᠠᠨ ᠤ ᠰᠤᠯᠢᠯᠴᠠᠭᠠᠨ ᠤ ᠲᠦᠪ ᠠᠴᠠ ᠭᠤᠤᠯᠯᠠᠨ ᠡᠷᠬᠢᠯᠡᠭᠰᠡᠨ ᠠᠵᠢᠯ ᠲᠦᠷᠦᠯ ᠤᠨ ᠴᠢᠳᠠᠪᠤᠷᠢᠳᠠᠨ ᠢ ᠤᠷᠢᠵᠦ ᠡᠯᠰᠡᠬᠦ ᠬᠤᠷᠠᠯ ᠳᠡᠭᠡᠷ᠎ᠠ᠂ IT ᠦᠢᠯᠡᠰ ᠤᠨ ᠴᠢᠳᠠᠪᠤᠷᠢᠳᠠᠨ ᠤ ᠭᠡᠷᠡᠭᠴᠡᠭᠡ ᠶᠡᠭᠡ ᠪᠠᠶᠢᠵᠦ Java ᠶᠢᠨ ᠢᠨᠵᠧᠨᠧᠷ     ᠬᠦᠷᠢᠶᠡᠯᠡᠭᠳᠡᠵᠦ ᠪᠠᠶᠢᠨ᠎ᠠ᠃      《ᠶᠠᠮᠠᠷ ᠮᠡᠷᠭᠡᠵᠢᠯ ᠢᠶᠠᠷ ᠰᠤᠷᠤᠯᠴᠠᠭᠰᠠᠨ ᠪᠤᠢ︖》 ᠋᠂ 《ᠠᠯᠢ ᠲᠠᠯ᠎ᠠ ᠶᠢᠨ ᠮᠡᠷᠭᠡᠵᠢᠯ ᠳᠤ ᠰᠠᠶᠢᠨ ᠪᠠᠶᠢᠳᠠᠭ ᠪᠤᠢ︖ 》 ᠋᠂ 《ᠤᠢᠢᠷ᠎ᠠ ᠳᠤ ᠶᠠᠮᠠᠷ ᠶᠠᠮᠠᠷ ᠲᠦᠷᠦᠯ ᠵᠦᠢᠯ ᠢ ᠬᠢᠭᠰᠡᠨ ᠪᠤᠢ︖》 ᠋ ᠰᠤᠷᠪᠤᠯᠵᠢᠯᠠᠭᠴᠢ ᠴᠢᠳᠠᠪᠤᠷᠢᠳᠠᠨ ᠤᠷᠢᠵᠦ ᠡᠯᠰᠡᠬᠦ ᠬᠤᠷᠠᠯ ᠤᠨ ᠲᠤᠬᠠᠢ ᠶᠢᠨ ᠲᠠᠯᠠᠪᠠᠢ ᠳᠤ᠂ ᠬᠦᠮᠦᠨ ᠭᠡᠷᠡᠭᠯᠡᠬᠦ ᠪᠠᠶᠢᠭᠤᠯᠤᠯᠭ᠎ᠠ ᠶᠢᠨ ᠬᠢᠨ ᠨᠡᠶᠢᠳᠡᠮ ᠢᠶᠠᠷ ᠢᠶᠠᠨ   ᠤᠷᠢᠭᠳᠠᠭᠴᠢ ᠶᠢᠨ ᠲᠤᠰᠬᠠᠢ ᠮᠡᠷᠭᠡᠵᠢᠯ᠂ ᠲᠦᠷᠦᠯ ᠵᠦᠢᠯ ᠤᠨ ᠲᠤᠷᠰᠢᠯᠭ᠎ᠠ ᠵᠡᠷᠭᠡ ᠶᠢ ᠴᠢᠬᠤᠯᠠᠴᠢᠯᠠᠵᠦ᠂ ᠲᠤᠰᠬᠠᠢ     ᠮᠡᠷᠭᠡᠵᠢᠯ ᠨᠢ ᠨᠡᠶᠢᠴᠡᠭᠰᠡᠨ᠂ ᠬᠤᠯᠪᠤᠭᠳᠠᠯ ᠪᠦᠬᠦᠢ ᠲᠤᠷᠰᠢᠯᠭ᠎ᠠ ᠲᠠᠢ ᠬᠦᠮᠦᠨ ᠢ ᠤᠷᠢᠨ ᠭᠡᠷᠡᠭᠯᠡᠬᠦ ᠶᠢ ᠬᠦᠰᠡᠵᠦ ᠪᠠᠶᠢᠭᠰᠠᠨ ᠢ     ᠤᠯᠵᠦ ᠬᠠᠷᠠᠪᠠ᠃ ᠤᠷᠢᠵᠦ ᠭᠡᠷᠡᠭᠯᠡᠬᠦ ᠭᠡᠷᠡᠭᠴᠡᠭᠡᠨ ᠤ ᠲᠠᠯ᠎ᠠ ᠠᠴᠠ ᠦᠵᠡᠪᠡᠯ᠂ Java ᠶᠢᠨ ᠢᠨᠵᠧᠨᠧᠷ ᠶᠡᠭᠡᠳᠡ      ᠬᠦᠷᠢᠶᠡᠯᠡᠭᠳᠡᠵᠦ᠂ ᠶᠡᠷᠦᠩᠭᠡᠢ ᠠᠵᠢᠯ ᠤᠨ ᠪᠠᠶᠢᠷᠢ ᠶᠢᠨ ᠵᠢᠷᠭᠤᠭᠠᠨ ᠬᠤᠪᠢ ᠶᠢ ᠡᠵᠡᠯᠡᠭᠰᠡᠨ ᠪᠠᠶᠢᠯ᠎ᠠ᠃

ᠢᠷᠡᠯᠲᠡ᠄      ᠨᠠᠶᠢᠷᠠᠭᠤᠯᠤᠭᠴᠢ᠄