home
home

    ᠯᠢ ᠺᠧ ᠴᠢᠶᠠᠩ 71 ᠳ᠋ᠤᠭᠡᠷ ᠬᠤᠭᠤᠴᠠᠭᠠᠨ ᠤ ᠤᠯᠠᠨ ᠤᠯᠤᠰ ᠤᠨ ᠬᠤᠯᠪᠤᠭᠠᠳᠦ ᠪᠠᠶᠢᠭᠤᠯᠤᠯᠭ᠎ᠠ ᠶᠢᠨ ᠲᠡᠷᠢᠬᠦᠯᠡᠭᠴᠢ ᠲᠠᠩᠹᠦᠰᠧᠨ ᠲᠠᠢ ᠠᠭᠤᠯᠵᠠᠪᠠ

2016-08-29  17:38

ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠭᠡᠢ ᠰᠠᠶᠢᠳ ᠯᠢ ᠺᠧ ᠴᠢᠶᠠᠩ 26  ᠋  ᠋ ᠤ ᠦᠳᠡ ᠶᠢᠨ ᠬᠤᠶᠢᠨ᠎ᠠ ᠵᠦᠩ     ᠨᠠᠨ ᠬᠠᠢ ᠶᠢᠨ ᠽᠢ ᠭᠤᠸᠠᠩ ᠭᠧ ᠳᠤ 71 ᠳ᠋ᠤᠭᠡᠷ ᠬᠤᠭᠤᠴᠠᠭᠠᠨ ᠤ ᠤᠯᠠᠨ ᠤᠯᠤᠰ ᠤᠨ ᠬᠤᠯᠪᠤᠭᠠᠳᠦ ᠪᠠᠶᠢᠭᠤᠯᠤᠯᠭ᠎ᠠ ᠶᠢᠨ ᠲᠡᠷᠢᠬᠦᠯᠡᠭᠴᠢ ᠲᠠᠩᠹᠦᠰᠧᠨ ᠲᠠᠢ ᠠᠭᠤᠯᠵᠠᠪᠠ᠃

1

ᠯᠢ ᠺᠧ ᠴᠢᠶᠠᠩ᠂ ᠤᠳᠤᠬᠠᠨ ᠤ ᠳᠡᠯᠡᠭᠡᠢ ᠶᠢᠨ ᠠᠵᠤ ᠠᠬᠤᠢ ᠶᠢᠨ ᠰᠡᠷᠬᠦᠯᠳᠠ ᠶᠢᠨ ᠬᠦᠴᠦᠨ ᠮᠡᠬᠦᠰᠳᠡᠵᠦ᠂   ᠰᠦᠷᠳᠡᠬᠦᠯᠦᠯ ᠤᠨ ᠦᠵᠡᠯ᠂ ᠭᠠᠴᠢᠭᠳᠠᠯ ᠠᠷᠠᠳ ᠤᠨ ᠠᠰᠠᠭᠤᠳᠠᠯ ᠪᠠ ᠭᠠᠵᠠᠷ ᠤᠷᠤᠨ ᠤ ᠤᠯᠤᠰ ᠲᠦᠷᠦ ᠶᠢᠨ ᠲᠦᠭᠰᠢᠬᠦᠷᠢ ᠨᠡᠮᠡᠭᠳᠡᠵᠦ᠂ ᠳᠡᠯᠡᠭᠡᠶᠢᠵᠢᠯᠳᠠ ᠶᠢᠨ ᠠᠬᠢᠴᠠ ᠪᠠ ᠢᠳᠡᠭᠡᠯ ᠳᠤ ᠰᠠᠭᠠᠳ ᠤᠴᠠᠷᠠᠵᠦ᠂ ᠳᠡᠯᠡᠭᠡᠢ ᠶᠢᠨ      ᠪᠠᠶᠢᠳᠠᠯ ᠤᠨ ᠲᠤᠭᠳᠠᠪᠤᠷᠢᠳᠦ ᠪᠤᠰᠤ ᠡᠯᠧᠮᠧᠨ᠋ᠲ ᠨᠡᠮᠡᠭᠳᠡᠭᠰᠡᠨ ᠠᠴᠠ ᠪᠢᠰᠢ ᠬᠠᠰᠤᠭᠳᠠᠭᠰᠠᠨ ᠦᠭᠡᠢ ᠪᠠᠶᠢᠨ᠎ᠠ᠃  ᠳᠤᠮᠳᠠᠳᠤ ᠶᠢᠨ ᠲᠠᠯ᠎ᠠ ᠤᠯᠠᠨ ᠤᠯᠤᠰ ᠤᠨ ᠬᠤᠯᠪᠤᠭᠠᠳᠦ ᠪᠠᠶᠢᠭᠤᠯᠤᠯᠭ᠎ᠠ ᠶᠢᠨ ᠬᠠᠮᠤᠭ ᠤᠨ ᠨᠡᠶᠢᠳᠡᠮᠴᠢ ᠴᠢᠨᠠᠷᠳᠠᠢ᠂     ᠲᠦᠯᠦᠭᠡᠯᠡᠬᠦ ᠴᠢᠨᠠᠷᠳᠠᠢ ᠪᠠ ᠡᠷᠭᠡ ᠰᠦᠷᠳᠦ ᠴᠢᠨᠠᠷᠳᠠᠢ ᠵᠠᠰᠠᠭ ᠤᠨ ᠤᠷᠳᠤᠨ ᠤ ᠬᠤᠭᠤᠷᠤᠨᠳᠤᠬᠢ ᠤᠯᠠᠨ ᠤᠯᠤᠰ ᠤᠨ    ᠵᠤᠬᠢᠶᠠᠨ ᠪᠠᠶᠢᠭᠤᠯᠤᠯᠳᠠ ᠪᠤᠯᠤᠭᠰᠠᠨ ᠤ ᠬᠤᠪᠢ ᠳᠠᠬᠢ ᠪᠦᠬᠦ ᠪᠦᠮᠪᠦᠷᠴᠡᠭ ᠤᠨ ᠴᠢᠨᠠᠷᠳᠠᠢ ᠰᠦᠷᠳᠡᠬᠦᠯᠦᠯ ᠪᠠ ᠦᠷᠢᠰᠦᠯᠳᠦᠭᠡᠨ ᠢ ᠠᠷᠭᠠᠴᠠᠬᠤ ᠲᠠᠯ᠎ᠠ ᠪᠠᠷ ᠬᠢ ᠬᠦᠴᠦᠳᠠᠢ ᠦᠢᠯᠡᠳᠦᠯ ᠢ ᠡᠷᠡᠰ ᠪᠠᠳᠤ ᠳᠡᠮᠵᠢᠨ᠎ᠠ ᠭᠡᠵᠦ ᠢᠯᠡᠳᠭᠡᠪᠡ᠃

2

ᠯᠢ ᠺᠧ ᠴᠢᠶᠠᠩ᠂ ᠡᠨᠡ ᠵᠢᠯ ᠨᠢ ᠳᠤᠮᠳᠠᠳᠤ ᠤᠯᠤᠰ ᠤᠯᠠᠨ ᠤᠯᠤᠰ ᠤᠨ ᠬᠤᠯᠪᠤᠭᠠᠳᠦ ᠪᠠᠶᠢᠭᠤᠯᠤᠯᠭ᠎ᠠ ᠳᠠᠬᠢ   ᠬᠠᠤᠯᠢ ᠶᠤᠰᠤᠨ ᠤ ᠪᠠᠶᠢᠷᠢ ᠰᠠᠭᠤᠷᠢ ᠪᠠᠨ ᠰᠡᠷᠬᠦᠭᠡᠭᠰᠡᠨ 45 ᠵᠢᠯ ᠤᠨ ᠤᠢ ᠲᠠᠢ ᠲᠤᠬᠢᠶᠠᠯᠳᠤᠪᠠ᠃ 45 ᠵᠢᠯ ᠤᠨ ᠲᠤᠷᠰᠢ     ᠂ ᠳᠤᠮᠳᠠᠳᠤ ᠤᠯᠤᠰ ᠢᠮᠠᠭᠳᠠ ᠤᠯᠠᠨ ᠤᠯᠤᠰ ᠤᠨ ᠬᠤᠯᠪᠤᠭᠠᠳᠦ ᠪᠠᠶᠢᠭᠤᠯᠤᠯᠭ᠎ᠠ ᠪᠠᠷ ᠭᠤᠤᠯᠯᠠᠭᠴᠢ ᠪᠤᠯᠭᠠᠭᠰᠠᠨ ᠤᠯᠠᠨ      ᠤᠯᠤᠰ ᠤᠨ ᠰᠢᠰᠲᠧᠮ ᠢ ᠬᠠᠮᠠᠭᠠᠯᠠᠬᠤ᠂ 《ᠤᠯᠠᠨ ᠤᠯᠤᠰ ᠤᠨ ᠬᠤᠯᠪᠤᠭᠠᠳᠦ ᠪᠠᠶᠢᠭᠤᠯᠤᠯᠭ᠎ᠠ ᠶᠢᠨ ᠦᠨᠳᠦᠰᠦᠨ ᠲᠦᠷᠢᠮ》 ᠋         ᠤᠨ ᠵᠤᠷᠢᠯᠳᠠ ᠪᠠ ᠵᠠᠷᠴᠢᠮ ᠢ ᠬᠠᠮᠠᠭᠠᠯᠠᠬᠤ ᠳᠤ ᠬᠦᠴᠦ ᠪᠠᠨ ᠡᠷᠬᠦᠭᠰᠡᠭᠡᠷ ᠢᠷᠡᠵᠡᠢ᠃ ᠪᠢᠳᠡ ᠤᠤᠯ ᠤᠨ ᠬᠢ ᠰᠢᠬ ᠢᠶᠠᠷ   ᠤᠯᠠᠨ ᠤᠯᠤᠰ ᠤᠨ ᠬᠤᠯᠪᠤᠭᠠᠳᠦ ᠪᠠᠶᠢᠭᠤᠯᠤᠯᠭ᠎ᠠ ᠶᠢᠨ ᠡᠷᠭᠡ ᠰᠦᠷ ᠢ ᠬᠠᠮᠠᠭᠠᠯᠠᠵᠦ᠂ ᠤᠯᠠᠨ ᠤᠯᠤᠰ ᠤᠨ ᠬᠤᠯᠪᠤᠭᠠᠳᠦ     ᠪᠠᠶᠢᠭᠤᠯᠤᠯᠭ᠎ᠠ ᠶᠢᠨ ᠠᠵᠢᠯ ᠢ ᠳᠡᠮᠵᠢᠵᠦ᠂ ᠡᠯ᠎ᠠ ᠤᠯᠤᠰ ᠤᠨ ᠬᠢᠨ ᠲᠠᠢ ᠬᠠᠮᠳᠤᠪᠡᠷ ᠦᠷᠢᠰᠦᠯᠳᠦᠭᠡᠨ ᠢ ᠠᠷᠭᠠᠴᠠᠵᠦ᠂ ᠪᠦᠬᠦ      ᠪᠦᠮᠪᠦᠷᠴᠡᠭ ᠤᠨ ᠵᠠᠰᠠᠯᠳᠠ ᠶᠢ ᠴᠢᠩᠭᠠᠳᠬᠠᠬᠤ ᠪᠠ ᠳᠡᠬᠦᠯᠳᠡᠷᠵᠢᠬᠦᠯᠵᠦ᠂ 2030 ᠤᠨ ᠤ ᠦᠷᠬᠦᠯᠵᠢᠯᠡᠬᠦ ᠬᠦᠭᠵᠢᠯᠳᠠ ᠶᠢᠨ       ᠵᠦᠪᠯᠡᠬᠦ ᠵᠦᠢᠯ ᠤᠨ ᠨᠠᠶᠢᠳᠠᠪᠤᠷᠢᠵᠢᠭᠤᠯᠤᠯᠳᠠ ᠶᠢ ᠠᠬᠢᠭᠤᠯᠵᠦ᠂ ᠪᠦᠬᠦ ᠪᠦᠮᠪᠦᠷᠴᠡᠭ ᠤᠨ ᠬᠠᠮᠳᠤᠪᠡᠷ ᠠᠰᠢᠭ ᠬᠦᠷᠳᠡᠵᠦ  ᠬᠠᠮᠳᠤᠪᠡᠷ ᠡᠳ᠋ᠯᠡᠬᠦ ᠶᠢ ᠨᠡᠩ ᠰᠠᠶᠢᠳᠤᠷ ᠪᠡᠶᠡᠯᠡᠬᠦᠯᠦᠨ᠎ᠠ ᠭᠡᠵᠦ ᠵᠢᠭᠠᠵᠦ ᠭᠠᠷᠭᠠᠪᠠ᠃

3

ᠲᠠᠩᠹᠦᠰᠧᠨ᠂ ᠳᠤᠮᠳᠠᠳᠤ ᠤᠯᠤᠰ ᠪᠤᠯ ᠳᠡᠯᠡᠭᠡᠢ ᠳᠡᠭᠡᠷᠡᠬᠢ ᠴᠢᠬᠤᠯᠠ ᠨᠦᠯᠦᠭᠡᠯᠡᠬᠦ ᠬᠦᠴᠦᠨ ᠪᠦᠬᠦᠢ ᠤᠯᠤᠰ  ᠪᠠᠶᠢᠵᠦ᠂ ᠳᠡᠯᠡᠭᠡᠢ ᠶᠢᠨ ᠡᠩᠭᠡ ᠲᠠᠶᠢᠪᠤᠩ ᠪᠤᠯᠤᠨ ᠦᠷᠬᠦᠯᠵᠢᠯᠡᠬᠦ ᠬᠦᠭᠵᠢᠯᠳᠠ ᠶᠢᠨ ᠦᠢᠯᠡᠰ ᠢ ᠠᠬᠢᠭᠤᠯᠬᠤ ᠳᠤ ᠴᠢᠬᠤᠯᠠ  ᠦᠢᠯᠡᠳᠦᠯ ᠦᠵᠡᠬᠦᠯᠵᠦ ᠪᠠᠶᠢᠨ᠎ᠠ᠃ ᠤᠯᠠᠨ ᠤᠯᠤᠰ ᠤᠨ ᠬᠤᠯᠪᠤᠭᠠᠳᠦ ᠪᠠᠶᠢᠭᠤᠯᠤᠯᠭ᠎ᠠ ᠠᠴᠠ ᠳᠤᠮᠳᠠᠳᠤ ᠶᠢᠨ ᠲᠠᠯ᠎ᠠ ᠶᠢᠨ  ᠤᠷᠳᠤ ᠬᠤᠭᠤᠴᠠᠭᠠᠨ ᠤ ᠲᠤᠷᠰᠢᠬᠢ ᠶᠡᠭᠡ ᠬᠦᠴᠦᠨ ᠤ ᠳᠡᠮᠵᠢᠯᠭᠡ ᠳᠤ ᠳᠡᠯᠠᠷᠬᠠᠵᠦ᠂ ᠳᠤᠮᠳᠠᠳᠤ ᠤᠯᠤᠰ ᠯᠤᠭ᠎ᠠ ᠶᠢᠨ      ᠬᠠᠷᠢᠯᠴᠠᠭ᠎ᠠ ᠪᠤᠯᠤᠨ ᠬᠠᠮᠳᠤᠷᠠᠯᠴᠠᠭ᠎ᠠ ᠰᠢᠨ᠎ᠠ ᠦᠨᠳᠦᠷ ᠲᠤ ᠭᠠᠷᠬᠤ ᠶᠢ ᠬᠦᠰᠡᠨ ᠪᠠᠷᠠᠯᠠᠵᠦ ᠪᠠᠶᠢᠨ᠎ᠠ ᠭᠡᠵᠦ ᠢᠯᠡᠳᠭᠡᠪᠡ᠃

ᠢᠷᠡᠯᠲᠡ᠄      ᠨᠠᠶᠢᠷᠠᠭᠤᠯᠤᠭᠴᠢ᠄