home
home

    ᠰᠢ ᠶᠢᠨ ᠫᠢᠩ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠬᠦᠳᠡᠯᠭᠡᠬᠦᠷ ᠮᠠᠰᠢᠨ  ᠤ ᠪᠦᠯᠦᠭᠯᠡᠯ ᠺᠤᠮᠫᠠᠨᠢ ᠪᠠᠶᠢᠭᠤᠯᠤᠭᠳᠠᠭᠰᠠᠨ ᠳᠤ ᠴᠢᠬᠤᠯᠠ ᠵᠢᠭᠠᠪᠤᠷᠢ ᠦᠭᠪᠡ

2016-08-29  17:42

ᠠᠭᠠᠷ ᠤᠨ ᠠᠶᠠᠯᠠᠯ ᠤᠨ ᠬᠦᠳᠡᠯᠭᠡᠬᠦᠷ ᠮᠠᠰᠢᠨ ᠵᠢᠴᠢ ᠰᠢᠳᠠᠮᠠᠬᠠᠢ ᠭᠡᠢ ᠶᠢᠨ ᠲᠦᠷᠪᠢᠨ ᠢ ᠪᠡᠶ᠎ᠠ ᠪᠠᠨ ᠳᠠᠭᠠᠭᠠᠵᠦ       ᠰᠤᠳᠤᠯᠤᠨ ᠦᠢᠯᠡᠳᠬᠦ ᠪᠠ ᠦᠢᠯᠡᠳᠪᠤᠷᠢᠯᠡᠬᠦ ᠶᠢ ᠲᠦᠷᠭᠡᠨ ᠪᠡᠶᠡᠯᠡᠬᠦᠯᠵᠦ ᠮᠠᠨ ᠤ ᠤᠯᠤᠰ ᠢᠶᠠᠨ ᠠᠭᠠᠷ ᠤᠨ ᠠᠶᠠᠯᠠᠯ ᠤᠨ ᠬᠦᠴᠦᠷᠭᠡᠭ ᠤᠯᠤᠰ ᠪᠤᠯᠭᠠᠬᠤ ᠪᠠᠷ ᠴᠤᠴᠠᠰᠢ ᠦᠭᠡᠢ ᠴᠢᠷᠮᠠᠶᠢᠬᠤ ᠭᠡᠷᠡᠭᠲᠡᠢ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠬᠦᠳᠡᠯᠭᠡᠬᠦᠷ ᠮᠠᠰᠢᠨ ᠤ ᠪᠦᠯᠦᠭᠯᠡᠯ ᠺᠤᠮᠫᠠᠨᠢ ᠪᠠᠶᠢᠭᠤᠯᠤᠭᠳᠠᠬᠤ ᠶᠡᠭᠡ ᠬᠤᠷᠠᠯ 28  ᠋  ᠋ ᠤ ᠡᠳᠦᠷ ᠪᠡᠭᠡᠵᠢᠩ ᠳᠤ ᠶᠠᠪᠤᠭᠳᠠᠪᠠ᠃ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ       ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠴᠢᠬᠤᠯᠠ ᠵᠢᠭᠠᠪᠤᠷᠢ ᠦᠭᠴᠦ ᠴᠢᠬᠤᠯᠠᠴᠢᠯᠠᠭᠰᠠᠨ ᠨᠢ᠂ ᠨᠠᠮ ᠤᠨ ᠲᠦᠪ ᠬᠤᠷᠢᠶ᠎ᠠ ᠠᠴᠠ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ  ᠬᠦᠳᠡᠯᠭᠡᠬᠦᠷ ᠮᠠᠰᠢᠨ ᠤ ᠪᠦᠯᠦᠭᠯᠡᠯ ᠺᠤᠮᠫᠠᠨᠢ ᠶᠢ ᠪᠠᠶᠢᠭᠤᠯᠬᠤ ᠰᠢᠢᠳᠪᠤᠷᠢᠲᠦ ᠪᠤᠳᠤᠯᠭ᠎ᠠ ᠪᠤᠯ ᠤᠯᠤᠰ ᠢᠶᠠᠨ ᠪᠠᠶᠠᠵᠢᠭᠤᠯᠵᠦ      ᠴᠡᠷᠢᠭ ᠢ ᠬᠦᠴᠦᠷᠭᠡᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠦᠨᠳᠦᠷᠴᠠ ᠪᠠᠨ ᠡᠭᠦᠰᠴᠤ᠂ ᠤᠯᠤᠰ ᠤᠨ ᠦᠮᠴᠢᠯᠠᠯ ᠤᠨ ᠠᠵᠤ ᠠᠬᠤᠢᠢᠯᠠᠯ ᠤᠨ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ᠂ ᠠᠭᠠᠷ ᠤᠨ ᠠᠶᠠᠯᠠᠯ ᠤᠨ ᠠᠵᠤ ᠦᠢᠯᠡᠳᠪᠤᠷᠢ ᠶᠢᠨ  ᠪᠠᠶᠢᠭᠤᠯᠤᠮᠵᠢ ᠶᠢᠨ ᠦᠭᠡᠷᠡᠴᠢᠯᠡᠯᠳᠠ ᠶᠢ ᠠᠬᠢᠭᠤᠯᠬᠤ ᠪᠠᠷ ᠠᠪᠤᠭᠰᠠᠨ ᠴᠢᠬᠤᠯᠠ ᠶᠡᠭᠡ ᠠᠷᠭ᠎ᠠ ᠭᠡᠮᠵᠢᠶ᠎ᠠ ᠮᠦᠨ᠃ ᠲᠠᠨᠠᠷ   ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠤᠯᠤᠰ ᠤᠨ ᠠᠰᠢᠭ     ᠲᠤᠰᠠ ᠶᠢ ᠲᠡᠷᠢᠬᠦᠨ ᠳᠤ ᠲᠠᠯᠪᠢᠬᠤ ᠶᠢ ᠪᠠᠷᠢᠮᠳᠠᠯᠠᠵᠦ᠂ ᠴᠡᠷᠢᠭ ᠠᠷᠠᠳ ᠤᠨ ᠭᠡᠷᠡᠭᠯᠡᠭᠡ ᠶᠢ ᠬᠦᠨᠵᠡᠭᠡᠢ ᠠᠭᠤᠰᠤᠯᠴᠠᠭᠤᠯᠤᠨ  ᠬᠦᠭᠵᠢᠬᠦᠯᠬᠦ ᠶᠢ ᠪᠠᠷᠢᠮᠳᠠᠯᠠᠵᠦ᠂ ᠰᠢᠨ᠎ᠠ ᠶᠢ ᠡᠬᠦᠳᠬᠦ ᠪᠠᠷ ᠬᠦᠳᠡᠯᠭᠡᠬᠦᠷ ᠪᠤᠯᠭᠠᠬᠤ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠵᠦ᠂    ᠵᠤᠷᠢᠭᠳᠠᠢ ᠪᠠᠷ ᠰᠢᠨ᠎ᠠ ᠶᠢ ᠡᠬᠦᠳᠴᠦ᠂ ᠭᠠᠷᠮᠠᠭᠠᠢᠢᠯᠠᠨ ᠦᠭᠡᠷᠡᠴᠢᠯᠡᠯᠳᠠ ᠬᠢᠵᠦ᠂ ᠯᠠᠪᠳᠠᠭᠤᠨ ᠪᠠᠳᠤᠳᠠᠢ ᠠᠵᠢᠯᠯᠠᠵᠦ᠂     ᠦᠨᠳᠦᠷ ᠤᠷᠬᠢᠯ ᠳᠤ ᠡᠷᠡᠯᠭᠡᠭᠯᠡᠨ ᠠᠪᠠᠷᠢᠵᠦ᠂ ᠠᠭᠠᠷ ᠤᠨ ᠠᠶᠠᠯᠠᠯ ᠤᠨ ᠬᠦᠳᠡᠯᠭᠡᠬᠦᠷ ᠮᠠᠰᠢᠨ ᠵᠢᠴᠢ ᠰᠢᠳᠠᠮᠠᠬᠠᠢ ᠭᠡᠢ ᠶᠢᠨ       ᠲᠦᠷᠪᠢᠨ ᠢ ᠪᠡᠶ᠎ᠠ ᠪᠠᠨ ᠳᠠᠭᠠᠭᠠᠵᠦ ᠰᠤᠳᠤᠯᠤᠨ ᠦᠢᠯᠡᠳᠬᠦ ᠪᠠ ᠦᠢᠯᠡᠳᠪᠤᠷᠢᠯᠡᠬᠦ ᠶᠢ ᠲᠦᠷᠭᠡᠨ ᠪᠡᠶᠡᠯᠡᠬᠦᠯᠵᠦ᠂ ᠮᠠᠨ ᠤ   ᠤᠯᠤᠰ ᠢᠶᠠᠨ ᠠᠭᠠᠷ ᠤᠨ ᠠᠶᠠᠯᠠᠯ ᠤᠨ ᠬᠦᠴᠦᠷᠭᠡᠭ ᠤᠯᠤᠰ ᠪᠤᠯᠭᠠᠬᠤ ᠪᠠᠷ ᠴᠤᠴᠠᠰᠢ ᠦᠭᠡᠢ ᠴᠢᠷᠮᠠᠶᠢᠬᠤ ᠶᠢ ᠬᠦᠰᠡᠵᠦ     ᠪᠠᠶᠢᠨ᠎ᠠ ᠬᠡᠪᠡ᠃           ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠷᠦ ᠶᠢᠨ       ᠶᠠᠪᠤᠳᠠᠯ ᠤᠨ ᠬᠤᠷᠢᠶᠠᠨ ᠤ ᠶᠡᠷᠦᠩᠭᠡᠢ ᠰᠠᠶᠢᠳ ᠯᠢ ᠺᠧ ᠴᠢᠶᠠᠩ ᠴᠤᠬᠤᠯᠠᠪᠤᠷᠢ ᠦᠭᠴᠦ᠂ ᠠᠭᠠᠷ ᠤᠨ ᠠᠶᠠᠯᠠᠯ ᠤᠨ      ᠬᠦᠳᠡᠯᠭᠡᠬᠦᠷ ᠮᠠᠰᠢᠨ ᠤ ᠪᠦᠯᠦᠭᠯᠡᠯ ᠺᠤᠮᠫᠠᠨᠢ ᠶᠢ ᠪᠠᠶᠢᠭᠤᠯᠬᠤ ᠪᠤᠯ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ     ᠬᠤᠷᠢᠶ᠎ᠠ ᠠᠴᠠ ᠲᠤᠭᠳᠠᠭᠠᠭᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠰᠢᠢᠳᠪᠤᠷᠢᠳᠦ ᠪᠤᠳᠤᠯᠭ᠎ᠠ ᠮᠦᠨ᠃       ᠠᠭᠠᠷ ᠤᠨ ᠠᠶᠠᠯᠠᠯ ᠤᠨ ᠬᠦᠳᠡᠯᠭᠡᠬᠦᠷ ᠮᠠᠰᠢᠨ ᠪᠤᠯ ᠤᠯᠤᠰ ᠤᠨ ᠴᠢᠬᠤᠯᠠ ᠪᠠᠭᠠᠵᠢ ᠲᠤᠨᠤᠭ ᠮᠦᠨ᠂ ᠲᠤᠨᠤᠭ ᠲᠦᠬᠦᠭᠡᠷᠤᠮᠵᠢ ᠵᠤᠬᠢᠶᠠᠨ ᠦᠢᠯᠡᠳᠬᠦ ᠦᠢᠯᠡᠰ ᠤᠨ ᠤᠷᠦ᠋ᠢᠯᠠᠭ᠎ᠠ ᠮᠡᠷᠭᠡᠵᠢᠯ ᠮᠦᠨ᠂ ᠡᠨᠡᠬᠦ ᠬᠦᠷᠢᠶᠡᠨ ᠳᠤ ᠡᠷᠳᠡᠭᠡᠨ     ᠰᠢᠪᠳᠤᠯᠤᠯᠳᠠ ᠭᠠᠷᠭᠠᠬᠤ ᠨᠢ ᠮᠠᠨ ᠤ ᠤᠯᠤᠰ ᠤᠨ ᠠᠵᠤ ᠠᠬᠤᠢ ᠪᠠ ᠤᠯᠤᠰ ᠤᠨ ᠪᠠᠳᠤᠯᠠᠨ ᠬᠠᠮᠠᠭᠠᠯᠠᠯᠳᠠ ᠶᠢᠨ ᠪᠤᠳᠠᠳᠤ ᠬᠦᠴᠦᠨ ᠢ ᠴᠢᠩᠭᠠᠳᠬᠠᠬᠤ᠂ ᠶᠡᠷᠦᠩᠭᠡᠶᠢᠯᠡᠭᠰᠡᠨ ᠤᠯᠤᠰ ᠤᠨ ᠬᠦᠴᠦᠨ ᠢ ᠳᠡᠭᠡᠭᠰᠢᠯᠡᠬᠦᠯᠬᠦ ᠳᠤ ᠴᠢᠬᠤᠯᠠ ᠠᠴᠢ      ᠬᠤᠯᠪᠤᠭᠳᠠᠯ ᠲᠠᠢ ᠶᠤᠮ᠃ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠪᠠᠳᠤ ᠪᠠᠬᠢ ᠪᠤᠢ ᠪᠤᠯᠭᠠᠵᠦ᠂ ᠴᠡᠷᠢᠭ       ᠠᠷᠠᠳ ᠤᠨ ᠭᠡᠷᠡᠭᠯᠡᠭᠡ ᠶᠢ ᠠᠭᠤᠰᠤᠯᠴᠠᠭᠤᠯᠤᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠵᠦ᠂ ᠳᠡᠯᠡᠭᠡᠢ ᠶᠢᠨ      ᠲᠡᠷᠢᠬᠦᠨ ᠤ ᠠᠭᠠᠷ ᠤᠨ ᠠᠶᠠᠯᠠᠯ ᠤᠨ ᠬᠦᠳᠡᠯᠭᠡᠭᠦᠷ ᠮᠠᠰᠢᠨ ᠤ ᠠᠵᠤ ᠠᠬᠤᠢᠢᠯᠠᠯ ᠢ ᠪᠠᠶᠢᠭᠤᠯᠬᠤ ᠪᠠᠷ ᠬᠠᠷᠠᠯᠳᠠ ᠪᠤᠯᠭᠠᠵᠦ᠂   ᠦᠭᠡᠷᠡᠴᠢᠯᠡᠯᠳᠠ ᠨᠡᠭᠡᠭᠡᠯᠳᠠ ᠳᠤ ᠲᠦᠰᠢᠭᠯᠡᠨ᠂ ᠪᠡᠶ᠎ᠠ ᠪᠠᠨ ᠳᠠᠭᠠᠭᠠᠵᠦ ᠰᠢᠨ᠎ᠠ ᠶᠢ ᠡᠬᠦᠳᠬᠦ ᠳᠤ ᠰᠠᠭᠤᠷᠢᠯᠡᠨ᠂ ᠤᠷᠠᠨ ᠳᠠᠷᠬᠠᠨ ᠤ ᠵᠤᠷᠢᠭ ᠰᠠᠨᠠᠭ᠎ᠠ ᠶᠢ ᠪᠠᠳᠠᠷᠠᠭᠤᠯᠵᠦ᠂ ᠤᠯᠠᠨ ᠤ ᠤᠶᠤᠨ ᠤᠬᠠᠭᠠᠨ ᠢ ᠲᠦᠪᠯᠡᠷᠡᠬᠦᠯᠦᠨ ᠤᠯᠠᠨ ᠢᠶᠠᠷ ᠢᠶᠠᠨ ᠦᠢᠯᠡᠰ ᠪᠤᠰᠬᠠᠬᠤ ᠶᠢ ᠠᠬᠢᠭᠤᠯᠬᠤ ᠶᠢᠨ ᠵᠡᠷᠭᠡᠪᠡᠷ ᠤᠯᠤᠰ ᠤᠨ ᠭᠠᠳᠠᠭᠠᠳᠤ ᠶᠢᠨ ᠲᠤᠷᠰᠢᠯᠭ᠎ᠠ ᠶᠢ ᠢᠳᠡᠪᠬᠢᠳᠠᠢ ᠲᠤᠯᠢᠳᠠᠵᠦ᠂ ᠭᠤᠤᠯᠯᠠᠭᠴᠢ ᠵᠠᠩᠬᠢᠯᠠᠭ᠎ᠠ ᠶᠢᠨ ᠮᠡᠷᠭᠡᠵᠢᠯ ᠤᠨ ᠲᠠᠯ᠎ᠠ ᠪᠠᠷ ᠰᠢᠪᠳᠤᠯᠤᠯᠳᠠ ᠭᠠᠷᠭᠠᠬᠤ ᠪᠠᠷ ᠬᠦᠴᠦᠯᠡᠨ ᠴᠢᠷᠮᠠᠶᠢᠬᠤ ᠭᠡᠷᠡᠭᠲᠡᠢ᠃ ᠨᠦᠬᠦᠳ ᠨᠡᠷ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠨᠠᠶᠢᠳᠠᠯᠠᠭ᠎ᠠ ᠶᠢ ᠬᠦᠰᠡᠷᠳᠡᠬᠦᠯᠬᠦ ᠦᠭᠡᠢ ᠪᠠᠷ ᠠᠭᠠᠷ ᠤᠨ  ᠠᠶᠠᠯᠠᠯ ᠤᠨ ᠬᠦᠳᠡᠯᠭᠡᠬᠦ ᠬᠦᠴᠦᠨ ᠤ ᠪᠠᠳᠤᠯᠠᠭᠴᠢ᠂ ᠦᠢᠯᠡᠳᠬᠦ ᠦᠢᠯᠡᠰ ᠤᠨ ᠬᠦᠴᠦᠷᠭᠡᠭ ᠤᠯᠤᠰ ᠢ ᠪᠦᠳᠦᠭᠡᠨ  ᠪᠠᠶᠢᠭᠤᠯᠤᠭᠴᠢ ᠪᠠ ᠰᠢᠨ᠎ᠠ ᠶᠢ ᠡᠬᠦᠳᠬᠦ ᠪᠠᠷ ᠬᠦᠳᠡᠯᠭᠡᠬᠦᠷ ᠪᠤᠯᠭᠠᠬᠤ ᠬᠦᠭᠵᠢᠯᠳᠠ ᠶᠢᠨ ᠦᠢᠯᠡᠳᠦᠯᠭᠡᠵᠢᠬᠦᠯᠦᠭᠴᠢ       ᠪᠤᠯᠬᠤ ᠪᠠᠷ ᠴᠢᠷᠮᠠᠶᠢᠵᠦ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠠᠮᠤᠷ ᠲᠦᠪᠰᠢᠨ ᠢ ᠪᠠᠳᠤᠯᠠᠬᠤ᠂ ᠰᠢᠨ᠎ᠠ ᠬᠦᠳᠡᠯᠭᠡᠬᠦ ᠬᠦᠴᠦᠨ ᠢ ᠪᠤᠶᠢᠵᠢᠭᠤᠯᠤᠨ ᠬᠦᠴᠦᠷᠭᠡᠭᠵᠢᠬᠦᠯᠬᠦ᠂ ᠠᠵᠤ ᠠᠬᠤᠢ ᠨᠡᠶᠢᠭᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ     ᠠᠬᠢᠭᠤᠯᠬᠤ ᠲᠠᠯ᠎ᠠ ᠪᠠᠷ ᠢᠳᠡᠪᠬᠢᠳᠠᠢ ᠬᠤᠪᠢ ᠨᠡᠮᠡᠷᠢ ᠦᠵᠡᠬᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠦ ᠭᠠᠷᠭᠠᠪᠠ᠃

ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠬᠦᠨ᠂ ᠲᠦᠷᠦ ᠶᠢᠨ ᠶᠠᠪᠤᠳᠠᠯ ᠤᠨ    ᠬᠤᠷᠢᠶᠠᠨ ᠤ ᠳᠡᠳ᠋ ᠶᠡᠷᠦᠩᠭᠡᠢ ᠰᠠᠶᠢᠳ ᠮᠠ ᠺᠠᠢ ᠬᠤᠷᠠᠯ ᠳᠤ ᠤᠷᠤᠯᠴᠠᠬᠤ ᠶᠢᠨ ᠬᠠᠮᠳᠦ ᠶᠠᠷᠢᠶ᠎ᠠ ᠲᠠᠯᠪᠢᠵᠠᠢ᠃

ᠢᠷᠡᠯᠲᠡ᠄      ᠨᠠᠶᠢᠷᠠᠭᠤᠯᠤᠭᠴᠢ᠄