home
home

    ᠲᠦᠷᠦ ᠶᠢᠨ ᠶᠠᠪᠤᠲᠠᠯ ᠤᠨ ᠬᠤᠷᠢᠶᠠᠠ ᠤ ᠭᠤᠷᠪᠠᠲᠤᠭᠠᠷ ᠤᠲᠠᠭ᠎ᠠ ᠶᠢᠨ ᠶᠡᠭᠡ ᠬᠡᠪᠴᠢᠶᠡᠨ ᠤ ᠱᠠᠯᠠᠪᠲᠠᠭᠤᠯᠤᠨ ᠪᠠᠶᠢᠴᠠᠭᠠᠬᠤ ᠠᠵᠢᠯ ᠪᠦᠬᠦ ᠲᠠᠯ᠎ᠠ ᠪᠠᠷ ᠡᠬᠢᠯᠡᠵᠠᠢ

2016-08-29  17:45

ᠲᠦᠷᠦ ᠶᠢᠨ ᠶᠠᠪᠤᠲᠠᠯ ᠤᠨ ᠬᠤᠷᠢᠶᠠᠠ ᠤ ᠭᠤᠷᠪᠠᠲᠤᠭᠠᠷ ᠤᠲᠠᠭ᠎ᠠ ᠶᠢᠨ ᠱᠠᠯᠠᠪᠲᠠᠭᠤᠯᠤᠨ ᠪᠠᠶᠢᠴᠠᠭᠠᠬᠤ ᠠᠵᠢᠯ      ᠤᠢᠢᠷ᠎ᠠ ᠳᠤ ᠪᠦᠬᠦ ᠲᠠᠯ᠎ᠠ ᠪᠠᠷ ᠡᠬᠢᠯᠡᠪᠡ᠂ ᠱᠠᠯᠠᠪᠲᠠᠭᠤᠯᠤᠨ ᠪᠠᠶᠢᠴᠠᠭᠠᠬᠤ ᠬᠦᠷᠢᠶ᠎ᠡ ᠬᠡᠪᠴᠢᠶ᠎ᠡ ᠨᠢ ᠪᠦᠬᠦ ᠤᠯᠤᠰ ᠤᠨ 31  ᠮᠤᠵᠢ (ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ)᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠡ  ᠪᠠᠶᠢᠭᠤᠯᠤᠯᠲᠠ ᠶᠢᠨ ᠪᠢᠩᠲ᠋ᠤᠸᠠᠠ ᠪᠤᠯᠤᠨ ᠲᠦᠷᠦ ᠶᠢᠨ ᠶᠠᠪᠤᠲᠠᠯ ᠤᠨ ᠬᠤᠷᠢᠶᠠᠠ ᠤ ᠬᠤᠯᠪᠤᠭᠲᠠᠯ ᠪᠦᠬᠦᠢ ᠰᠠᠯᠠᠭ᠎ᠠ  ᠮᠦᠴᠢᠷ ᠢ ᠪᠦᠷᠭᠦᠵᠦ᠂ ᠱᠠᠯᠠᠪᠲᠠᠭᠤᠯᠤᠨ ᠪᠠᠶᠢᠴᠠᠭᠠᠬᠤ ᠭᠤᠤᠯᠲᠠᠯᠭ᠎ᠠ ᠨᠢ ᠠᠵᠦ ᠠᠬᠤᠢ ᠶᠢᠨ ᠲᠤᠭᠲᠠᠭᠤᠨ ᠬᠦᠭᠵᠢᠯᠲᠠ ᠶᠢ ᠪᠠᠲᠤᠯᠠᠬᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠬᠤ᠂ ᠰᠢᠨ᠎ᠠ ᠶᠢ   ᠡᠭᠦᠳᠬᠦ ᠪᠠᠷ ᠬᠦᠲᠡᠯᠭᠡᠭᠦᠷ ᠪᠤᠯᠭᠠᠭᠰᠠᠠ ᠬᠦᠭᠵᠢᠯᠲᠠ ᠶᠢ ᠠᠬᠢᠭᠤᠯᠬᠤ᠂ ᠠᠷᠠᠳ ᠤᠨ ᠠᠮᠢᠲᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠲᠦᠷᠪᠡᠡ ᠲᠠᠯ᠎ᠠ ᠶᠢᠨ ᠠᠵᠢᠯ ᠤᠨ 23 ᠵᠦᠢᠯ ᠤᠨ ᠭᠤᠤᠯᠲᠠᠯᠭ᠎ᠠ ᠲᠠᠢ ᠠᠭᠤᠯᠭ᠎ᠠ ᠪᠠᠶᠢᠵᠤ᠂ ᠡᠯ᠎ᠠ     ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠪᠠᠨ ᠦᠨᠡᠡᠬᠦ ᠬᠦᠢᠴᠡᠳᠭᠡᠬᠦ ᠶᠢ ᠴᠢᠷᠮᠠᠶᠢᠨ       ᠠᠬᠢᠭᠤᠯᠵᠦ᠂ ᠴᠢᠬᠤᠯᠠ ᠶᠡᠭᠡ ᠲᠦᠷᠦ ᠶᠢᠨ ᠪᠤᠲᠤᠯᠭ᠎ᠠ ᠠᠷᠭ᠎ᠠ ᠬᠡᠮᠵᠢᠶ᠎ᠠ᠂ ᠭᠤᠤᠯᠲᠠᠯᠭ᠎ᠠ ᠲᠠᠢ ᠪᠡᠯᠡ ᠤᠷᠤᠭᠤᠯᠤᠯᠲᠠ ᠶᠢᠨ  ᠲᠦᠷᠦᠯ ᠵᠦᠢᠯ᠂ ᠠᠷᠠᠳ ᠤᠨ ᠠᠮᠢᠲᠤᠷᠠᠯ ᠤᠨ ᠴᠢᠬᠤᠯᠠ ᠢᠨᠵᠧᠨᠧᠷᠢᠩ ᠢ ᠲᠦᠷᠭᠡᠡ ᠨᠠᠶᠢᠲᠠᠪᠤᠷᠢᠵᠢᠭᠤᠯᠬᠤ ᠶᠢ ᠴᠢᠷᠮᠠᠶᠢᠨ       ᠠᠬᠢᠭᠤᠯᠵᠦ᠂ ᠠᠵᠦ ᠠᠬᠤᠢ ᠶᠢᠨ ᠠᠵᠢᠯᠯᠠᠭ᠎ᠠ ᠶᠢ ᠵᠦᠢ ᠵᠤᠬᠢᠰᠲᠠᠢ ᠤᠷᠤᠨ ᠵᠠᠢ ᠳᠤ ᠪᠠᠶᠢᠯᠭᠠᠬᠤ ᠶᠢ ᠪᠠᠲᠤᠯᠠᠵᠤ᠂ ᠪᠦᠬᠦ   ᠵᠢᠯ ᠤᠨ ᠠᠵᠦ ᠠᠬᠤᠢ ᠨᠡᠶᠢᠭᠡᠮ ᠤᠨ ᠬᠦᠭᠵᠢᠯᠲᠠ ᠶᠢᠨ ᠭᠤᠤᠯ ᠬᠠᠷᠠᠯᠲᠠᠲᠦ ᠡᠭᠦᠷᠭᠡ ᠶᠢ ᠪᠠᠲᠤᠲᠠᠢ ᠪᠡᠶᠡᠯᠡᠭᠦᠯᠬᠦ ᠪᠠᠷ       ᠵᠤᠷᠢᠯᠲᠠ ᠪᠤᠯᠭᠠᠭᠰᠠᠠ ᠪᠠᠶᠢᠨ᠎ᠠ᠃

ᠲᠠᠨᠢᠯᠴᠠᠭᠤᠯᠤᠭᠰᠠᠠ ᠢᠶᠠᠷ᠂ ᠭᠤᠷᠪᠠᠲᠤᠭᠠᠷ ᠤᠲᠠᠭ᠎ᠠ ᠶᠢᠨ ᠱᠠᠯᠠᠪᠲᠠᠭᠤᠯᠤᠨ ᠪᠠᠶᠢᠴᠠᠭᠠᠬᠤ ᠠᠵᠢᠯ ᠨᠢ ᠲᠦᠪ ᠤᠨ ᠠᠵᠦ     ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠪᠤᠯᠤᠨ ᠵᠠᠰᠠᠭ ᠤᠨ ᠤᠷᠲᠤᠨ ᠤ ᠠᠵᠢᠯ ᠤᠨ ᠢᠯᠡᠳᠭᠡᠯ ᠤᠨ       ᠱᠠᠭᠠᠷᠲᠠᠯᠭ᠎ᠠ ᠪᠠᠷ ᠭᠤᠤᠯᠲᠠᠭᠤᠯᠤᠨ᠂ ᠤᠲᠤᠬᠠᠠ ᠤ ᠠᠵᠦ ᠠᠬᠤᠢ ᠶᠢᠨ ᠠᠵᠢᠯᠯᠠᠭ᠎ᠠ ᠪᠤᠯᠤᠨ ᠦᠭᠡᠷᠡᠴᠢᠯᠡᠯᠲᠡ ᠬᠦᠭᠵᠢᠯᠲᠠ ᠶᠢᠨ ᠲᠤᠮᠲᠠᠬᠢ ᠲᠤᠪᠤᠶᠢᠮ᠎ᠠ ᠠᠰᠠᠭᠤᠲᠠᠯ ᠳᠤ ᠠᠩᠬᠠᠷᠤᠯ ᠲᠦᠪᠯᠡᠷᠡᠭᠦᠯᠵᠤ᠂ ᠬᠤᠯᠪᠤᠭᠲᠠᠯ ᠪᠦᠬᠦᠢ ᠭᠤᠤᠯᠲᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠪᠤᠯᠤᠨ ᠲᠤᠭ᠎ᠠ ᠭᠡᠮᠵᠢᠶ᠎ᠠ ᠲᠤᠭᠲᠠᠭᠠᠭᠰᠠᠠ ᠬᠦᠢᠴᠡᠳᠭᠡᠬᠦ ᠡᠭᠦᠷᠭᠡ ᠲᠠᠢ ᠬᠠᠷᠭᠤᠭᠤᠯᠵᠦ ᠪᠠᠶᠢᠭᠠᠳ᠂ ᠨᠢᠭᠡ ᠨᠢᠭᠡ ᠵᠦᠢᠯ ᠢᠶᠠᠷ ᠨᠠᠶᠢᠲᠠᠪᠤᠷᠢᠵᠢᠭᠤᠯᠬᠤ ᠶᠢ ᠠᠳᠬᠤᠵᠦ᠂ ᠱᠠᠲᠤ ᠱᠠᠲᠤ ᠪᠠᠷ ᠲᠠᠷᠤᠭᠠᠰᠤ     ‍ᠦᠬ᠋ᠴᠤ᠂ ᠡᠯ᠎ᠠ ᠵᠦᠢᠯ ᠤᠨ ᠠᠵᠢᠯ ᠢ ᠤᠷᠤᠭᠰᠢ ᠠᠬᠢᠭᠤᠯᠵᠤ᠂ ᠲᠦᠷᠭᠡᠡ ᠬᠢᠬᠦ ᠶᠢ ᠠᠬᠢᠭᠤᠯᠤᠨ᠎ᠠ᠃

ᠠᠵᠢᠯ ᠤᠨ ᠪᠠᠶᠢᠷᠢᠯᠠᠭᠤᠯᠤᠯᠲᠠ ᠶᠢ ᠦᠨᠲᠦᠰᠦᠯᠡᠪᠡᠯ᠂ ᠲᠤᠰ ᠤᠲᠠᠭ᠎ᠠ ᠶᠢᠨ ᠱᠠᠯᠠᠪᠲᠠᠭᠤᠯᠤᠨ ᠪᠠᠶᠢᠴᠠᠭᠠᠬᠤ ᠠᠵᠢᠯ ᠳᠤ      ᠤᠷᠢᠲᠠᠪᠠᠷ ᠦᠪᠡᠷ ᠢᠶᠠᠷ ᠨᠢ ᠪᠠᠶᠢᠴᠠᠭᠠᠯᠭᠠᠵᠦ ᠲᠠᠷᠠᠭ᠎ᠠ ᠨᠢ ᠪᠤᠲᠠᠲᠠᠢ ᠭᠠᠵᠠᠷ ᠲᠤᠨᠢ ᠱᠠᠯᠠᠪᠲᠠᠭᠤᠯᠤᠨ ᠪᠠᠶᠢᠴᠠᠭᠠᠬᠤ ᠠᠷᠭ᠎ᠠ ᠶᠢ       ᠭᠡᠷᠡᠭᠯᠡᠨ᠎ᠠ᠃ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠦᠪᠡᠷ ᠢ ᠪᠠᠨ ᠪᠠᠶᠢᠴᠠᠭᠠᠭᠰᠠᠠ ᠰᠠᠭᠤᠷᠢᠨ ᠲᠡᠭᠡᠷ᠎ᠠ᠂    ᠲᠦᠷᠦ ᠶᠢᠨ ᠶᠠᠪᠤᠲᠠᠯ ᠤᠨ ᠬᠤᠷᠢᠶ᠎ᠠ 9 ᠰᠠᠷ᠎ᠠ ᠶᠢᠨ 18  ᠋  ᠋ ᠤ ᠡᠲᠦᠷ 20 ᠱᠠᠯᠠᠪᠲᠠᠭᠤᠯᠤᠨ ᠪᠠᠶᠢᠴᠠᠭᠠᠬᠤ ᠲᠤᠭᠤᠢᠢᠯᠠᠩ ᠢ  ᠡᠯ᠎ᠠ ᠭᠠᠵᠠᠷ ᠪᠤᠯᠤᠨ ᠲᠦᠷᠦ ᠶᠢᠨ ᠶᠠᠪᠤᠲᠠᠯ ᠤᠨ ᠬᠤᠷᠢᠶᠠᠠ ᠤ ᠬᠤᠯᠪᠤᠭᠲᠠᠯ ᠪᠦᠭᠦᠢ ᠰᠠᠯᠠᠭ᠎ᠠ ᠮᠦᠴᠢᠷ ᠲᠤ ᠲᠤᠮᠢᠯᠠᠠ ᠤᠴᠢᠭᠤᠯᠵᠦ ᠪᠤᠲᠠᠲᠠᠢ ᠭᠠᠵᠠᠷ ᠲᠤᠨᠢ ᠱᠠᠯᠠᠪᠲᠠᠭᠤᠯᠤᠨ ᠪᠠᠶᠢᠴᠠᠭᠠᠨ᠎ᠠ᠃

ᠤᠢᠢᠯᠠᠭᠠᠭᠰᠠᠠ ᠢᠶᠠᠷ᠂ ᠦᠷᠢᠰᠦᠯᠲᠦᠨ ᠠᠵᠢᠯ ᠶᠠᠪᠤᠳᠠᠯ ᠬᠢᠬᠦ᠂ ᠰᠠᠨᠠᠭᠠᠴᠢᠯᠠᠭ᠎ᠠ ᠠᠴᠠ ᠪᠠᠨ ᠠᠵᠢᠯ ᠵᠠᠪᠤᠳᠠᠯ ᠬᠢᠬᠦ ᠰᠠᠶᠢᠨ ᠰᠠᠶᠢᠬᠠᠨ ᠤᠷᠴᠢᠨ ᠪᠠᠶᠢᠲᠠᠯ ᠢ ᠪᠦᠷᠢᠯᠲᠦᠭᠦᠯᠬᠦ ᠶᠢᠨ ᠲᠦᠯᠦᠭᠡ᠂ ᠡᠨᠡ ᠤᠲᠠᠭᠠᠠ ᠤ ᠱᠠᠯᠠᠪᠲᠠᠭᠤᠯᠤᠨ ᠪᠠᠶᠢᠴᠠᠭᠠᠬᠤ  ᠠᠵᠢᠯ ᠳᠤ ᠤᠷᠮᠠᠰᠢᠭᠤᠯᠤᠠ ᠵᠤᠷᠢᠠᠠᠵᠢᠭᠤᠯᠬᠤ ᠪᠠ ᠬᠠᠷᠢᠭᠤᠴᠠᠯᠭ᠎ᠠ ᠨᠡᠭᠡᠮᠵᠢᠯᠡᠬᠦ ᠲᠤᠭᠲᠠᠴᠠ ᠶᠢ ᠴᠢᠨᠠᠭᠰᠢᠲᠠ ᠲᠡᠭᠦᠯᠲᠡᠷᠵᠢᠭᠦᠯᠦᠨ᠎ᠠ᠃ ᠱᠠᠯᠠᠪᠲᠠᠭᠤᠯᠤᠨ ᠪᠠᠶᠢᠴᠠᠭᠠᠵᠦ ᠤᠷᠮᠠᠰᠢᠭᠤᠯᠤᠨ ᠵᠤᠷᠢᠠᠠᠵᠢᠭᠤᠯᠬᠤ ᠲᠠᠯ᠎ᠠ ᠪᠠᠷ᠂ ᠦᠨᠡᠡ ᠠᠳᠬᠤᠵᠦ    ᠪᠤᠲᠠᠲᠠᠢ ᠠᠵᠢᠯᠯᠠᠭᠰᠠᠠ᠂ ᠠᠵᠢᠯ ᠤᠨ ᠠᠮᠵᠢᠯᠲᠠ ᠲᠤᠪᠤᠶᠢᠮ᠎ᠠ ᠭᠠᠵᠠᠷ ᠤᠷᠤᠨ ᠢ ᠤᠯᠠᠠ ᠳᠤ ᠵᠠᠷᠯᠠᠠ ᠰᠠᠶᠢᠰᠢᠶᠠᠵᠤ᠂ ᠪᠡᠯᠡ ᠮᠦᠩᠭᠦ᠂ ᠲᠦᠷᠦᠯ ᠵᠦᠢᠯ ᠪᠤᠯᠤᠨ ᠭᠠᠵᠠᠷ ᠰᠢᠷᠤᠢ ᠵᠡᠷᠭᠡ ᠲᠠᠯ᠎ᠠ ᠪᠠᠷ ᠤᠷᠮᠠᠰᠢᠭᠤᠯᠤᠨ ᠵᠤᠷᠢᠠᠠᠵᠢᠭᠤᠯᠵᠦ ᠲᠡᠮᠵᠢᠬᠦ      ᠡᠷᠴᠢᠮ ᠢᠶᠠᠨ ᠴᠢᠩᠭᠠᠳᠬᠠᠬᠤ ᠪᠦᠭᠡᠳ ᠦᠨᠲᠦᠰᠦᠨ ᠱᠠᠲᠤᠨ ᠤ ᠬᠤᠲᠠ ᠰᠢᠶᠠᠠ ᠢ ᠬᠠᠷᠠᠭᠠᠯᠵᠠᠨ᠎ᠠ᠃ ᠬᠠᠷᠢᠭᠤᠴᠠᠯᠭ᠎ᠠ ᠨᠡᠭᠡᠮᠵᠢᠯᠡᠬᠦ ᠶᠢ ᠱᠠᠯᠠᠪᠲᠠᠭᠤᠯᠤᠨ ᠪᠠᠶᠢᠴᠠᠭᠠᠬᠤ ᠲᠠᠯ᠎ᠠ ᠪᠠᠷ᠂ ᠵᠠᠯᠬᠠᠭᠤ ᠵᠠᠰᠠᠭ ᠬᠤᠶᠢᠷᠭᠤ ᠵᠠᠰᠠᠭ ᠪᠤᠯᠤᠨ ᠠᠵᠢᠯ ᠬᠢᠬᠦ ᠦᠭᠡᠢ   ᠪᠤᠶᠤ ᠲᠤᠷ᠎ᠠ ᠪᠠᠷ ᠢᠶᠠᠨ ᠦᠢᠯᠡᠳᠬᠦ ᠠᠰᠠᠭᠤᠲᠠᠯ ᠳᠤ ᠠᠩᠬᠠᠷᠤᠯ ᠲᠦᠪᠯᠡᠷᠡᠭᠦᠯᠵᠤ᠂ ᠨᠡᠶᠢᠲᠡᠯᠢᠭ ᠵᠢᠱᠢᠶ᠎ᠠ ᠶᠢ ᠠᠳᠬᠤᠨ᠂ ᠬᠠᠷᠢᠭᠤᠴᠠᠯᠭ᠎ᠠ ᠨᠡᠭᠡᠮᠵᠢᠯᠡᠬᠦ ᠶᠢ ᠴᠢᠩᠲᠠᠯᠠᠨ᠎ᠠ᠃ ᠡᠭᠦᠨ ᠤ ᠲᠠᠭᠠᠤ ᠳᠤ᠂ ᠠᠯᠲᠠᠭ᠎ᠠ ᠪᠤᠷᠤᠭᠤ ᠶᠢ ᠵᠤᠬᠢᠰᠲᠠᠢ ᠠᠭᠤᠴᠢᠯᠠᠬᠤ   ᠠᠯᠲᠠᠭ᠎ᠠ ᠪᠤᠷᠤᠭᠤ ᠶᠢ ᠵᠠᠯᠠᠷᠠᠭᠤᠯᠬᠤ ᠲᠤᠭᠲᠠᠴᠠ ᠶᠢ ᠪᠠᠶᠢᠭᠤᠯᠤᠨ ᠲᠡᠭᠦᠯᠲᠡᠷᠵᠢᠭᠦᠯᠵᠦ᠂ ᠦᠷᠭᠡᠡ ᠤᠯᠠᠠ ᠺᠠᠳ᠋ᠷ ᠤᠨ ᠠᠵᠢᠯ  ᠬᠢᠵᠦ ᠦᠢᠯᠡᠰ ᠪᠤᠰᠬᠠᠬᠤ ᠢᠲᠡᠪᠬᠢᠵᠢᠯ ᠂ ᠰᠠᠨᠠᠭᠠᠴᠢᠯᠠᠭᠠᠲᠦ ᠴᠢᠨᠠᠷ᠂ ᠪᠦᠲᠦᠭᠡᠯᠴᠢ ᠴᠢᠨᠠᠷ ᠢ ᠦᠨᠡᠡᠬᠦ ᠲᠠᠶᠢᠴᠢᠯᠠᠨ᠎ᠠ᠃

ᠢᠷᠡᠯᠲᠡ᠄      ᠨᠠᠶᠢᠷᠠᠭᠤᠯᠤᠭᠴᠢ᠄