home
home

    ᠠᠬᠠᠮᠠᠳ ᠨᠠᠰᠤᠳᠠᠳ ᠢᠶᠠᠨ ᠠᠰᠠᠷᠠᠵᠤ ᠵᠤᠯ ᠵᠢᠷᠭᠠᠯ ᠲᠠᠢ ᠠᠮᠢᠳᠤᠷᠠᠭᠤᠯᠬᠤ ᠳᠤᠬᠠᠢ1

2016-08-29  20:25

ᠮᠠᠨ ᠤ ᠤᠷᠤᠨ ᠤ ᠠᠵᠦ ᠠᠬᠤᠢ᠂ ᠨᠠᠶᠢᠭᠡᠮ ᠤᠨ ᠲᠦᠷᠭᠡᠨ ᠬᠦᠭᠵᠢᠯᠳᠡ ᠨᠢ ᠬᠦᠳᠡᠭᠡ ᠲᠤᠰᠬᠤᠨ ᠮᠠᠯᠵᠢᠬᠤ ᠤᠷᠤᠨ ᠤ ᠶᠡᠭᠡ ᠬᠡᠮᠵᠢᠶᠡᠨ ᠤ ᠬᠦᠳᠡᠯᠮᠦᠷᠢ ᠬᠦᠴᠦᠨ ᠢ ᠬᠤᠳᠠ ᠳᠤ ᠤᠷᠤᠭᠤᠯᠵᠦ ᠪᠤᠢ᠂ ᠡᠭᠦᠨ ᠠᠴᠠ ᠪᠤᠯᠵᠦ  ᠬᠦᠳᠡᠭᠡ ᠶᠢᠨ ᠠᠶᠢᠯ ᠡᠷᠦᠬᠡ ᠳᠤ ᠬᠦᠳᠡᠯᠮᠦᠷᠢ ᠬᠦᠴᠦ ᠳᠤᠳᠠᠭᠳᠠᠬᠤ ᠦᠵᠡᠭᠳᠡᠯ ᠢ ᠪᠤᠢ ᠪᠤᠯᠭᠠᠵᠦ᠂ ᠭᠡᠷ ᠲᠡᠭᠡᠨ ᠬᠤᠴᠤᠷᠤᠭᠰᠠᠨ ᠬᠡᠦᠬᠡᠳ ᠪᠠ ᠭᠡᠷ ᠢᠶᠠᠨ ᠰᠠᠬᠢᠭᠰᠠᠨ ᠨᠠᠰᠤᠳᠠᠶᠢᠴᠤᠳ ᠤᠯᠠᠰᠢᠷᠠᠵᠦ᠂ ᠬᠦᠨᠳᠤ ᠨᠤᠴᠢᠳᠠᠢ ᠨᠡᠶᠢᠭᠡᠮ ᠤᠨ ᠠᠰᠠᠭᠤᠳᠠᠯ ᠪᠤᠯᠵᠦ ᠪᠠᠶᠢᠨ᠎ᠠ᠃ ᠦᠷᠭᠡᠨ ᠠᠭᠤᠳᠠᠮ ᠬᠦᠳᠡᠭᠡ ᠲᠤᠰᠬᠤᠨ ᠮᠠᠯᠵᠢᠬᠤ ᠤᠷᠤᠨ ᠤ ᠠᠶᠢᠯ ᠡᠷᠦᠬᠡ ᠲᠠᠷᠠᠬᠠᠢ ᠪᠤᠳᠠᠷᠬᠠᠢ᠂ ᠵᠠᠮ ᠬᠠᠷᠢᠯᠴᠠᠭ᠎ᠠ ᠲᠦᠭᠦᠮ ᠲᠦᠳᠡ ᠦᠭᠡᠢ᠂ ᠬᠠᠷᠢᠯᠴᠠᠭ᠎ᠠ ᠬᠤᠯᠪᠤᠭ᠎ᠠ ᠰᠢᠯᠤᠭᠤᠨ ᠪᠢᠰᠢ ᠵᠡᠷᠭᠡ ᠤᠨᠴᠠᠭᠠᠢ ᠰᠢᠨᠵᠢ ᠲᠠᠢ ᠲᠤᠯᠠ ᠭᠡᠷ ᠢᠶᠠᠨ ᠰᠠᠬᠢᠭᠰᠠᠨ ᠨᠠᠰᠤᠳᠠᠳ ᠢ ᠬᠠᠷᠠᠵᠦ ᠬᠠᠷᠠᠭᠠᠯᠵᠠᠬᠤ ᠲᠠᠯ᠎ᠠ ᠪᠠᠷ ᠨᠡᠩ ᠢᠯᠡᠭᠦᠦ ᠠᠷᠭ᠎ᠠ ᠤᠬᠠᠭᠠᠨ ᠰᠦᠪᠡᠭᠴᠢᠯᠡᠵᠦ᠂ ᠪᠤᠳᠠᠳᠠᠢ ᠪᠠᠶᠢᠳᠠᠯ ᠳᠤᠨᠢ ᠲᠤᠬᠢᠷᠠᠭᠰᠠᠨ ᠨᠠᠰᠤᠳᠠᠳ ᠢ ᠬᠠᠷᠠᠭᠠᠯᠵᠠᠬᠤ ᠦᠢᠯᠡᠴᠢᠯᠡᠭᠡᠨ ᠤ ᠰᠢᠰᠲᠧᠮ ᠢ ᠪᠠᠶᠢᠭᠤᠯᠬᠤ ᠴᠢᠬᠤᠯᠠ ᠲᠠᠢ ᠪᠠᠶᠢᠨ᠎ᠠ᠃

ᠮᠠᠨ ᠤ ᠮᠤᠩᠭᠤᠯᠴᠤᠳ ᠪᠤᠯ ᠡᠷᠳᠡ ᠲᠡᠭᠡᠳᠤ ᠠᠴᠠ ᠪᠠᠨ ᠠᠪᠤᠭᠠᠳ ᠨᠠᠰᠤᠳᠠᠨ ᠪᠤᠭᠤᠷᠤᠯᠴᠤᠳ ᠢᠶᠠᠨ  ᠠᠰᠠᠷᠠᠨ ᠬᠦᠨᠳᠦᠯᠡᠳᠡᠭ ᠰᠠᠶᠢᠬᠠᠨ ᠤᠯᠠᠮᠵᠢᠯᠠᠯ ᠲᠠᠢ ᠦᠨᠳᠦᠰᠦᠳᠡᠨ ᠶᠤᠮ᠂ ᠡᠨᠡ ᠨᠢ ᠮᠦᠨ ᠴᠦ ᠮᠤᠩᠭᠤᠯᠴᠤᠳ ᠤᠨ  ᠤᠯᠠᠨ ᠵᠠᠭᠤᠨ ᠵᠢᠯ ᠤᠯᠠᠮᠵᠢᠯᠠᠭᠳᠠᠭᠰᠠᠨ ᠵᠠᠩ ᠦᠢᠯᠡ ᠪᠠ ᠰᠤᠶᠤᠯ ᠪᠤᠯᠪᠠᠰᠤᠷᠠᠯ ᠤᠨ ᠴᠢᠬᠤᠯᠠ ᠨᠢᠭᠡ ᠠᠭᠤᠯᠭ᠎ᠠ  ᠮᠦᠨ᠃ ᠡᠶᠢᠮᠦ ᠠᠴᠠ ᠴᠠᠭ ᠦᠶ᠎ᠡ ᠬᠡᠳᠦᠢ ᠬᠤᠪᠢᠷᠠᠵᠦ ᠬᠦᠭᠵᠢᠭᠰᠡᠨ ᠴᠦ ᠲᠡᠷᠡ᠂ ᠪᠤᠰᠤᠳᠴᠢ ᠨᠦᠯᠦᠭᠡ ᠬᠡᠳᠦᠢ ᠶᠡᠭᠡ ᠪᠤᠯᠤᠭᠰᠠᠨ ᠴᠦ ᠲᠡᠷᠡ᠂ ᠪᠢᠳᠡ ᠤᠯᠠᠮ ᠡᠶᠢᠮᠦ ᠴᠠᠭ ᠲᠤ ᠡᠪᠦᠭᠡ ᠲᠡᠭᠡᠳᠦᠰ ᠤᠨ ᠰᠠᠶᠢᠬᠠᠨ ᠤᠯᠠᠮᠵᠢᠯᠠᠯ ᠢᠶᠠᠨ ᠠᠯᠳᠠᠯ ᠦᠭᠡᠢ ᠵᠠᠯᠭᠠᠮᠵᠢᠯᠠᠨ ᠪᠠᠳᠠᠷᠠᠭᠤᠯᠵᠦ᠂ ᠦᠳᠡᠯᠦᠭᠡ ᠨᠠᠰᠤᠳᠠᠳ ᠢᠶᠠᠨ ᠪᠡᠶ᠎ᠡ ᠰᠡᠳᠬᠢᠯ ᠤᠨ ᠲᠠᠯ᠎ᠠ ᠪᠠᠷ ᠬᠦᠢᠴᠡᠳ ᠬᠠᠷᠠᠭᠠᠯᠵᠠᠵᠦ᠂ ᠤᠯᠠᠮ ᠢᠯᠡᠭᠦᠦ ᠵᠤᠯ ᠵᠢᠷᠭᠠᠯᠳᠠᠢ ᠠᠮᠢᠳᠤᠷᠠᠭᠤᠯᠬᠤ ᠪᠠᠷ ᠴᠢᠷᠮᠠᠶᠢᠬᠤ ᠬᠡᠷᠡᠭᠳᠡᠢ᠃ ᠶᠠᠷᠢᠶᠠᠨ ᠦᠭᠡᠢ ᠡᠭᠦᠨ ᠳᠤ ᠦᠷ᠎ᠡ ᠬᠡᠦᠬᠡᠳ᠂ ᠭᠡᠷ ᠪᠦᠯᠢ ᠠᠴᠠ ᠭᠠᠳᠠᠨ᠎ᠠ ᠬᠤᠯᠪᠤᠭᠳᠠᠬᠤ ᠲᠠᠯ᠎ᠠ ᠤᠯᠠᠨ ᠪᠠᠶᠢᠨ᠎ᠠ᠂ ᠪᠦᠬᠦ᠋ᠢᠯᠡ ᠨᠡᠶᠢᠭᠡᠮ ᠪᠠ ᠣᠯᠣᠰ ᠭᠡᠷ ᠠᠴᠠ ᠴᠦ ᠬᠠᠮᠢᠶ᠎ᠠ ᠪᠦᠬᠦᠢ ᠠᠷᠭ᠎ᠠ ᠭᠡᠮᠵᠢᠶ᠎ᠠ ᠠᠪᠴᠤ ᠭᠡᠷ ᠢᠶᠠᠨ ᠰᠠᠬᠢᠭᠰᠠᠨ ᠨᠠᠰᠤᠳᠠᠶᠢᠴᠤᠳ ᠤᠨ ᠡᠷᠭᠡ ᠠᠰᠢᠭ ᠢ ᠪᠠᠳᠤᠯᠠᠬᠤ ᠪᠠ ᠵᠤᠯ ᠵᠢᠷᠭᠠᠯ ᠲᠠᠢ ᠠᠮᠢᠳᠤᠷᠠᠭᠤᠯᠬᠤ ᠪᠦᠷᠢᠨ ᠪᠦᠳᠦᠨ ᠰᠢᠰᠲ᠋ᠧᠮ ᠢ ᠪᠦᠷᠢᠯᠳᠦᠬᠦᠯᠬᠦ ᠬᠡᠷᠡᠭᠳᠡᠢ᠃ 

ᠶᠠᠭᠤᠨ ᠤ ᠡᠮᠦᠨ᠎ᠡ ᠭᠡᠷ ᠢᠶᠠᠨ ᠰᠠᠬᠢᠭᠰᠠᠨ ᠨᠠᠰᠤᠳᠠᠶᠢᠴᠤᠳ ᠲᠤ ᠲᠤᠯᠭᠠᠷᠠᠵᠦ ᠪᠠᠶᠢᠭ᠎ᠠ ᠬᠦᠨᠳᠤ ᠬᠡᠴᠡᠬᠦᠦ ᠪᠠᠶᠢᠳᠠᠯ ᠢ ᠵᠦᠪ ᠤᠨᠤᠪᠴᠢᠳᠠᠢ ᠪᠦᠷᠢᠨ ᠬᠦᠢᠴᠡᠳ ᠤᠶᠢᠯᠠᠭᠠᠬᠤ ᠴᠢᠬᠤᠯᠠ ᠲᠠᠢ᠂ ᠢᠩᠬᠢᠮᠡᠨᠵᠢᠨ ᠰᠠᠶ᠋ᠢ ᠵᠤᠭᠢᠬᠤ ᠦᠷ᠎ᠠ ᠪᠦᠳᠦᠮᠵᠢ ᠲᠠᠢ ᠠᠷᠭ᠎ᠠ ᠬᠡᠮᠵᠢᠶ᠎ᠡ ᠠᠪᠬᠤ ᠪᠤᠯᠤᠮᠵᠢ ᠲᠠᠢ ᠶᠤᠮ᠃ ᠤᠳᠤᠬᠠᠨ ᠳᠤ ᠮᠠᠨ ᠤ ᠤᠷᠤᠨ ᠤ ᠬᠦᠳᠡᠭᠡ  ᠲᠤᠰᠬᠤᠨ ᠤ ᠠᠷᠤ ᠭᠡᠷ ᠢᠶᠠᠨ ᠰᠠᠬᠢᠭᠰᠠᠨ ᠨᠠᠰᠤᠳᠠᠶᠢᠴᠤᠳ ᠤᠨ ᠲᠤᠭ᠎ᠠ ᠲᠠᠰᠤᠷᠠᠯᠳᠠ ᠦᠭᠡᠢ ᠨᠡᠮᠡᠭᠳᠡᠵᠦ ᠪᠠᠶᠢᠨ᠎ᠠ᠂ ᠡᠭᠦᠨ ᠳᠤ ᠪᠦᠬᠦ ᠨᠠᠰᠣᠳᠠᠶᠢᠴᠤᠳ ᠤᠨ 70% ᠎ ᠤᠷᠴᠢᠮ ᠢ ᠡᠵᠡᠯᠡᠬᠦ ᠪᠤᠯᠵᠠᠢ᠃ ᠬᠦᠳᠡᠭᠡ ᠲᠤᠰᠬᠤᠨ ᠮᠠᠯᠵᠢᠬᠤ  ᠤᠷᠤᠨ ᠤ ᠮᠠᠯᠴᠢᠨ ᠳᠠᠷᠢᠶᠡᠴᠢᠨ ᠤ ᠠᠮᠢᠳᠤᠷᠠᠯ ᠤᠳᠤ ᠶᠢᠨ ᠰᠢᠨ᠎ᠠ ᠴᠠᠭ ᠦᠶ᠎ᠠ ᠶᠢᠨ ᠬᠤᠳᠠ ᠪᠠᠯᠭᠠᠰᠤᠨ ᠤ ᠠᠮᠢᠳᠤᠷᠠᠯ ᠢ ᠪᠤᠳᠤᠪᠠᠯ ᠵᠤᠭᠢᠬᠤ ᠭᠡᠮᠵᠢᠶᠡᠨ ᠳᠤ ᠵᠦᠷᠢᠶ᠎ᠠ ᠲᠠᠢ ᠪᠠᠶᠢᠳᠠᠭ᠂ ᠶᠠᠭ ᠡᠶᠢᠮᠤ ᠵᠦᠷᠢᠶ᠎ᠠ ᠠᠴᠠ ᠪᠤᠯᠵᠤ ᠦᠷ᠎ᠡ ᠬᠡᠦᠬᠡᠳ ᠨᠢ ᠭᠠᠳᠠᠭᠰᠢ ᠭᠠᠷᠴᠦ ᠬᠦᠴᠦᠨ ᠤ ᠠᠵᠢᠯ ᠬᠢᠬᠦ ᠮᠠᠳᠤ ᠶᠢᠨ ᠠᠵᠢᠯ ᠳᠦᠷᠦᠯ ᠤᠨ ᠰᠢᠯᠳᠠᠭᠠᠨ ᠵᠡᠷᠭᠡ ᠠᠴᠠ ᠪᠤᠯᠵᠤ ᠬᠤᠳᠠ ᠪᠠᠷᠠᠭᠠᠳᠠᠭᠰᠠᠨ ᠦᠷ᠎ᠠ ᠭᠡᠤᠭᠡᠳ ᠤᠨ ᠬᠢᠨᠢ ᠨᠠᠰᠤᠳᠠᠳ ᠢᠶᠠᠨ ᠠᠰᠠᠷᠠᠬᠤ ᠲᠠᠯ᠎ᠠ ᠪᠠᠷ ᠬᠢ  ᠪᠤᠯᠤᠮᠵᠢ ᠳᠤᠳᠠᠭᠤ᠂ ᠬᠦᠮᠦᠨ ᠤ ᠬᠦᠴᠦ ᠬᠦᠷᠦᠯᠴᠡᠬᠦ ᠦᠭᠡᠢ᠂ ᠠᠵᠦ ᠠᠬᠤᠢ ᠶᠢᠨ ᠤᠷᠤᠯᠭ᠎ᠠ ᠲᠤᠤᠷ᠎ᠠ᠂ ᠵᠤᠭᠤᠰ  ᠮᠦᠩᠭᠦ ᠲᠠᠳᠠᠭᠤ᠂ ᠪᠡᠶ᠎ᠡ ᠶᠢᠨ ᠬᠦᠳᠡᠯᠮᠦᠷᠢ ᠬᠦᠨᠳᠤ ᠵᠡᠷᠭᠡ ᠤᠯᠠᠨ ᠲᠠᠯ᠎ᠠ ᠶᠢᠨ ᠰᠢᠯᠳᠠᠭᠠᠨ ᠠᠴᠠ ᠪᠤᠯᠵᠦ᠂ ᠭᠡᠷ ᠢᠶᠠᠨ ᠰᠠᠬᠢᠭᠰᠠᠨ ᠮᠠᠯᠴᠢᠨ ᠲᠠᠷᠢᠶᠠᠴᠢᠨ ᠨᠠᠰᠤᠳᠠᠶᠢᠴᠤᠳ ᠤᠨ ᠠᠮᠢᠳᠤᠷᠠᠯ ᠢ ᠨᠢ ᠬᠠᠷᠠᠭᠠᠯᠵᠠᠬᠤ ᠬᠦᠮᠦᠨ ᠦᠭᠡᠢ᠂ ᠠᠮᠤᠷ ᠲᠦᠪᠰᠢᠨ ᠨᠢ ᠪᠠᠳᠤᠯᠠᠭ᠎ᠠ ᠦᠭᠡᠢ᠂ ᠤᠶᠤᠨ ᠰᠠᠨᠠᠭ᠎ᠠ ᠨᠢ ᠭᠠᠭᠴᠠᠭᠠᠷᠳᠠᠮᠠᠯ ᠵᠡᠷᠭᠡ ᠪᠠᠶᠢᠳᠠᠯ ᠲᠤᠩ ᠬᠦᠨᠳᠤ ᠭᠡᠴᠡᠬᠦᠦ  ᠪᠤᠯᠵᠤ ᠪᠠᠶᠢᠨ᠎ᠠ᠃ ᠵᠠᠬ᠎ᠠ ᠲᠡᠯᠭᠡᠭᠦᠷ ᠤᠨ ᠠᠵᠦ ᠠᠬᠤᠢ ᠪᠠ ᠵᠤᠭᠤᠰ ᠮᠦᠩᠬᠦ ᠶᠢ ᠦᠷᠦᠭᠡᠰᠦᠯ ᠢᠶᠠᠷ ᠬᠦᠭᠡᠭᠡᠴᠡᠯᠳᠦᠬᠦ ᠦᠵᠡᠭᠳᠡᠯ ᠤᠨ ᠭᠠᠵᠠᠷ ᠠᠪᠬᠤ ᠶᠢ ᠲᠠᠭᠠᠯᠳᠤᠨ ᠨᠠᠰᠤᠳᠠᠳ ᠢᠶᠠᠨ ᠠᠰᠠᠷᠠᠨ ᠬᠠᠷᠠᠭᠠᠯᠵᠠᠬᠤ ᠤᠯᠠᠮᠵᠢᠯᠠᠯᠳᠤ ᠶᠤᠰᠤ  ᠰᠤᠷᠳᠠᠬᠤᠨ ᠵᠤᠬᠢᠬᠤ ᠬᠡᠮᠵᠢᠶᠡᠨ ᠳᠤ ᠡᠪᠳᠡᠭᠳᠡᠵᠦ ᠪᠠᠶᠢᠨ᠎ᠠ᠃ ᠨᠡᠩ ᠬᠦᠬᠡᠷᠦᠬᠦ᠋ᠢᠯᠡᠯᠳᠡᠢ ᠨᠢ ᠳᠡᠳᠡᠭᠡᠷ ᠨᠠᠰᠤᠳᠠᠶᠢᠴᠤᠳ ᠰᠡᠭᠦᠳᠡᠷ ᠠᠴᠠ ᠪᠠᠨ ᠦᠭᠡᠷ᠎ᠡ ᠬᠠᠨᠢ ᠦᠭᠡᠢ ᠬᠡᠮᠵᠢᠶᠡᠨ ᠳᠤ ᠬᠦᠷᠴᠦ᠂ ᠭᠠᠳᠠᠭᠰᠢ ᠭᠠᠷᠤᠭᠰᠠᠨ ᠦᠷ᠎ᠡ ᠬᠡᠦᠬᠡᠳ ᠲᠠᠢ ᠪᠠᠨ ᠶᠡᠬᠡᠳᠡᠪᠡᠯ ᠨᠢᠭᠡ ᠭᠠᠷᠠᠭ ᠲᠤ ᠳᠤᠮᠳᠠᠴᠢ ᠪᠠᠷ ᠨᠢᠭᠡ ᠤᠳᠠᠭ᠎ᠠ ᠤᠳᠠᠰᠤ ᠨᠡᠪᠳᠡᠷᠡᠵᠦ᠂ ᠨᠢᠭᠡ ᠵᠢᠯ ᠳᠤ ᠭᠠᠭᠴᠠ ᠬᠤᠶᠠᠷᠬᠠᠨ ᠤᠳᠠᠭ᠎ᠠ ᠠᠭᠤᠯᠵᠠᠵᠦ᠂ ᠵᠢᠯ ᠪᠤᠯᠭᠠᠨ ᠭᠡᠷ ᠪᠦᠯᠢ ᠪᠠᠷ ᠢᠶᠠᠨ ᠬᠠᠮᠳᠤ  ᠪᠠᠶᠢᠯᠴᠠᠬᠤ ᠬᠤᠭᠤᠴᠠᠭ᠎ᠠ ᠨᠢ ᠨᠢᠭᠡ ᠰᠠᠷ᠎ᠠ ᠠᠴᠠ ᠲᠠᠪᠠᠭ᠋ᠤ ᠦᠭᠡᠢ ᠪᠠᠶᠢᠵᠦ᠂ ᠬᠦᠮᠦᠨ ᠤ ᠶᠢᠷᠳᠢᠨᠴᠦ ᠶᠢᠨ ᠭᠤᠨᠢᠭ  ᠭᠠᠩᠰᠠᠷᠠᠯ ᠢᠶᠠᠷ ᠰᠡᠳᠬᠢᠯ ᠲᠦᠭᠦᠷᠭᠡᠵᠦ ᠶᠠᠪᠤᠬᠤ ᠪᠤᠯᠵᠠᠢ᠃ ᠡᠨᠡ ᠪᠠᠶᠢᠳᠠᠯ ᠳᠤ ᠴᠢᠭᠯᠡᠬᠦᠯᠦᠨ ᠲᠠᠷᠠᠭᠠᠬᠢ ᠭᠡᠳᠤᠨ ᠲᠠᠯ᠎ᠠ ᠶᠢ ᠠᠩᠬᠠᠷᠪᠡᠯ ᠲᠠᠭᠠᠷᠠᠨ᠎ᠠ᠃

ᠨᠢᠭᠡ᠂ ᠨᠠᠰᠤᠳᠡᠳ ᠢᠶᠠᠨ ᠠᠰᠠᠷᠠᠬᠤ ᠤᠯᠠᠮᠵᠢᠯᠠᠯᠳᠤ ᠶᠤᠰᠤ ᠵᠠᠩᠰᠢᠯ ᠢᠶᠠᠨ ᠬᠠᠳᠠᠭᠠᠯᠠᠬᠤ ᠶᠢᠨ ᠲᠠᠭᠠᠤ ᠰᠢᠨ᠎ᠠ ᠠᠰᠠᠷᠠᠮᠵᠢ ᠶᠢᠨ ᠰᠢᠰᠲ᠋ᠧᠮ ᠢ ᠲᠠᠬᠦᠯᠳᠡᠷᠵᠢᠬᠦᠯᠬᠦ ᠭᠡᠷᠡᠭᠳᠡᠢ  ᠨᠠᠰᠤᠳᠠᠳ ᠲᠤ ᠠᠪᠴᠦ ᠭᠡᠯᠡᠪᠡᠯ ᠭᠡᠷ ᠪᠦᠯᠢ ᠳᠡᠭᠡᠨ ᠦᠷ᠎ᠡ ᠬᠡᠦᠬᠡᠳ ᠲᠠᠢ ᠪᠠᠨ ᠬᠠᠮᠳᠤ ᠦᠳᠡᠯᠦᠭᠡ‌ᠨᠠᠰᠤ ᠪᠠᠨ ᠦᠩᠭᠡᠷᠡᠭᠦᠯᠬᠦ ᠨᠢ ᠬᠠᠮᠤᠭ ᠤᠨ ᠶᠡᠭᠡ ᠵᠤᠯ ᠵᠢᠷᠭᠠᠯ ᠪᠠ ᠬᠦᠰᠡᠯ ᠮᠦᠷᠦᠭᠡᠳᠦᠯ ᠪᠠᠶᠢᠵᠦ ᠲᠠᠭᠠᠷᠠᠨ᠎ᠠ᠂ ᠮᠦᠨ ᠴᠦ ᠮᠠᠨ ᠤ ᠮᠤᠩᠭᠤᠯᠴᠤᠳ ᠤᠨ ᠤᠯᠠᠮᠵᠢᠯᠠᠯᠳᠤ ᠦᠷᠳᠡᠭ ᠤᠨ ᠦᠵᠡᠯᠳᠡ᠂ ᠠᠮᠢᠳᠤᠷᠠᠯ ᠤᠨ ᠦᠵᠡᠯᠳᠡ ᠶᠢᠨ ᠵᠠᠶᠢᠯᠠᠰᠢ ᠦᠭᠡᠢ ᠰᠤᠩᠭᠤᠯᠳᠠ ᠪᠠᠶᠢᠵᠦ ᠲᠠᠭᠠᠷᠠᠨ᠎ᠠ᠃ ᠡᠭᠦᠨ ᠢ ᠪᠡᠶᠡᠯᠡᠭᠦᠯᠬᠦ ᠳᠤ ᠵᠠᠩᠭᠢᠯᠠᠭ᠎ᠠ ᠶᠢᠨ ᠠᠰᠠᠭᠤᠳᠠᠯ ᠨᠢ ᠦᠷ᠎ᠡ ᠬᠡᠦᠬᠡᠳ ᠤᠨ ᠬᠢᠨᠢ ᠶᠤᠰᠤ ᠮᠤᠷᠠᠯ ᠤᠨ ᠬᠢᠷᠢ ᠲᠦᠪᠰᠢᠨ ᠪᠠ ᠬᠠᠤᠯᠢ ᠶᠢᠨ ᠦᠵᠡᠯ ᠤᠬᠠᠮᠰᠠᠷ ᠬᠢᠷᠢ ᠵᠡᠷᠭᠡ  ᠴᠢᠩᠭ᠎ᠠ ᠪᠠᠶᠢᠬᠤ ᠠᠴᠠ ᠰᠢᠯᠳᠠᠭᠠᠯᠠᠭᠳᠠᠬᠤ ᠶᠤᠮ᠂ ᠮᠦᠨ ᠬᠤᠪᠢ ᠪᠡᠶ᠎ᠡ ᠶᠢᠨ ᠠᠰᠢᠭ ᠲᠤᠰᠠ ᠪᠠ ᠨᠠᠰᠣᠳᠠᠳ ᠢᠶᠠᠨ ᠠᠰᠠᠷᠠᠬᠤ ᠬᠠᠷᠢᠭᠤᠴᠠᠯᠭᠠᠳᠤ ᠰᠠᠳᠭᠢᠯ ᠤᠨ ᠬᠠᠷᠢᠴᠠᠭ᠎ᠠ ᠶᠢ ᠵᠦᠢ ᠵᠤᠬᠢᠰᠳᠠᠢ ᠰᠢᠢᠳᠪᠦᠷᠢᠯᠡᠬᠦ ᠶᠠᠪᠤᠳᠠᠯ ᠪᠤᠯᠤᠨ᠎ᠠ᠃

ᠤᠳᠤᠬᠠᠨ ᠳᠤ ᠵᠠᠷᠢᠮ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠳᠤᠭᠤᠷᠢᠭ ᠲᠤ ᠰᠢᠨ᠎ᠡ ᠮᠠᠶ᠋ᠢᠭ ᠤᠨ ᠠᠰᠠᠷᠠᠮᠵᠢ ᠶᠢᠨ ᠰᠢᠰᠲ᠋ᠧᠮ ᠪᠤᠢ ᠪᠤᠯᠵᠤ ᠬᠦᠭᠵᠢᠵᠤ ᠪᠠᠶᠢᠨ᠎ᠠ᠃ ᠡᠭᠦᠨ ᠳᠤ ᠦᠡᠭᠭᠡᠷᠡᠭᠰᠡᠨ ᠪᠠ ᠤᠳᠤ ᠶᠢᠨ ᠪᠠᠶᠢᠳᠠᠯ ᠤᠨ ᠦᠨᠳᠦᠰᠦᠨ ᠢᠯᠭᠠᠭ᠎ᠠ ᠨᠢ ᠨᠡᠶᠢᠭᠡᠮ ᠪᠠ ᠣᠯᠣᠰ ᠤᠨ ᠤᠷᠤᠯᠴᠠᠯᠭ᠎ᠠ ᠲᠡᠭᠡᠷ᠎ᠡ ᠢᠯᠡᠷᠡᠵᠤ ᠪᠠᠶᠢᠭ᠎ᠠ ᠶᠤᠮ᠃ ᠲᠤᠬᠠᠶᠢᠯᠠᠪᠠᠯ ᠨᠡᠶᠢᠭᠡᠮ ᠤᠨ ᠲᠠᠯ᠎ᠠ ᠳᠤ ᠣᠯᠣᠰ ᠤᠨ ᠲᠦᠷᠦ ᠶᠢᠨ ᠪᠤᠳᠤᠯᠭ᠎ᠠ ᠶᠢᠨ ᠲᠠᠭᠠᠤ ᠨᠠᠰᠤᠳᠠᠶᠢᠴᠤᠳ ᠲᠤ ᠦᠢᠯᠡᠴᠢᠯᠡᠬᠦ ᠠᠵᠢᠯ ᠢ ᠬᠢᠷᠢ ᠭᠡᠮ ᠲᠠᠢ ᠲᠤᠰᠬᠠᠢ ᠮᠡᠷᠭᠡᠵᠢᠯ ᠤᠨ ᠠᠵᠦ ᠠᠬᠤᠶᠢᠯᠠᠯ ᠪᠤᠶᠤ ᠪᠠᠶᠢᠭᠤᠯᠤᠯᠭ᠎ᠠ ᠳᠤ  ᠨᠠᠶᠢᠳᠠᠨ ᠪᠡᠶᠡᠯᠡᠭᠦᠯᠵᠦ᠂ ᠵᠠᠰᠠᠭ ᠤᠨ ᠤᠷᠳᠤᠨ ᠠᠴᠠ ᠲᠡᠭᠦᠨ ᠤ ᠦᠢᠯᠡᠴᠢᠯᠡᠭᠡ ᠶᠢ ᠬᠤᠳᠠᠯᠳᠤᠨ ᠠᠪᠬᠤ ᠠᠷᠭ᠎ᠠ ᠪᠠᠷ ᠪᠠᠷᠢᠮᠵᠢᠶᠠᠵᠢᠭᠰᠠᠨ᠂ ᠲᠡᠭᠡᠳᠤ ᠬᠡᠮᠵᠢᠶᠡᠨ ᠤ ᠬᠠᠷᠢᠭᠤᠴᠠᠯᠭ᠎ᠠ ᠲᠠᠢ ᠦᠢᠯᠡᠴᠢᠯᠡᠭᠡ ᠶᠢ ᠬᠠᠨᠭ᠍ᠭᠠᠵᠤ ᠪᠠᠶᠢᠨ᠎ᠠ᠃ ᠶᠠᠷᠢᠶᠠᠨ ᠦᠭᠡᠢ ᠨᠠᠰᠤᠳᠠᠶᠢᠴᠤᠳ ᠲᠤ ᠦᠢᠯᠡᠴᠢᠯᠡᠬᠦ ᠪᠠᠷᠢᠮᠵᠢᠶ᠎ᠠ ᠶᠢ ᠣᠯᠣᠰ ᠪᠤᠶᠤ ᠭᠠᠵᠠᠷ ᠤᠷᠤᠨ ᠠᠴᠠ ᠨᠢᠭᠡᠳᠦᠯᠳᠡᠢ ᠲᠤᠭᠳᠠᠭᠠᠵᠦ᠂ ᠠᠵᠦ ᠠᠬᠤᠶᠢᠯᠠᠯ ᠤᠨ ᠬᠢᠷᠢ ᠬᠡᠮ ᠢ ᠴᠢᠩᠭ᠎ᠠ ᠬᠢᠨᠠᠨ ᠰᠢᠯᠭᠠᠵᠦ᠂ ᠬᠢᠨᠠᠨ ᠬᠠᠮᠢᠶᠠᠷᠤᠯᠳᠠ ᠪᠠᠨ  ᠴᠢᠩᠭᠠᠳᠬᠠᠵᠦ᠂ ᠵᠢᠯ ᠤᠨ ᠡᠴᠦᠰ ᠤᠨ ᠦᠨᠡᠯᠡᠨ ᠰᠢᠯᠭᠠᠬᠤ ᠲᠦᠷᠢᠮ ᠢ ᠴᠢᠩᠭ᠎ᠠ ᠬᠡᠷᠡᠭᠵᠢᠭᠦᠯᠬᠦ ᠵᠡᠷᠭᠡ ᠠᠷᠭ᠎ᠠ ᠪᠠᠷ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠪᠠᠳᠤᠯᠠᠬᠤ ᠴᠢᠬᠤᠯᠠᠳᠠᠢ᠃ ᠤᠳᠤ ᠵᠠᠷᠢᠮ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠲᠤᠭᠤᠷᠢᠭ ᠲᠤ ᠡᠨᠡᠬᠦ ᠠᠷᠭ᠎ᠠ ᠬᠡᠯᠪᠡᠷᠢ ᠨᠡᠯᠢᠶᠡᠳ ᠠᠮᠵᠢᠯᠳᠠ ᠲᠠᠢ ᠶᠠᠪᠤᠭᠳᠠᠵᠦ ᠡᠬᠢᠯᠠᠵᠠᠢ᠂ ᠭᠡᠪᠡᠴᠦ ᠬᠦᠳᠡᠭᠡ ᠲᠤᠰᠬᠤᠨ ᠮᠠᠯᠵᠢᠬᠤ ᠤᠷᠤᠨ ᠳᠤ ᠬᠠᠷᠠᠬᠠᠨ ᠦᠷᠭᠡᠨ ᠢᠶᠠᠷ ᠬᠡᠷᠡᠭᠵᠢᠭᠦᠯᠦᠭᠳᠡᠵᠦ ᠴᠢᠳᠠᠭ᠎ᠠ ᠦᠭᠡᠢ ᠪᠠᠶᠢᠭᠰᠠᠭᠠᠷ᠂ ᠭᠡᠬᠦ ᠳᠡᠭᠡᠨ ᠲᠡᠮᠡᠢ ᠤᠳᠠᠯ ᠦᠭᠡᠢ ᠨᠦᠬᠦᠴᠡᠯ ᠪᠦᠷᠢᠯᠳᠦᠭᠰᠡᠨ ᠭᠠᠵᠠᠷ ᠡᠨᠡᠬᠦ ᠠᠷᠭ᠎ᠠ ᠶᠢ ᠭᠡᠷᠡᠭᠯᠡᠵᠤ  ᠪᠤᠯᠬᠤ ᠶᠤᠮ ᠡ᠃

ᠭᠡᠷ ᠪᠦᠯᠢ ᠳᠤᠨᠢ ᠨᠠᠰᠤᠳᠠᠳ ᠢ ᠠᠰᠠᠷᠠᠬᠤ ᠶᠢ ᠠᠮᠵᠢᠯᠳᠠ ᠲᠠᠢ ᠬᠢᠵᠦ ᠪᠠᠶᠢᠭ᠎ᠠ ᠭᠠᠵᠠᠷ ᠤᠨ ᠲᠤᠷᠰᠢᠯᠭ᠎ᠠ ᠠᠴᠠ ᠦᠵᠡᠪᠡᠯ᠂ ᠲᠡᠳᠡ ᠬᠠᠷᠢᠶ᠎ᠠ ᠭᠠᠵᠠᠷ ᠤᠨ ᠢᠶᠠᠨ ᠨᠠᠰᠤᠳᠠᠳ ᠢ ᠪᠦᠬᠦᠳᠡ ᠶᠢ ᠪᠦᠷᠢᠳᠬᠡᠵᠦ᠂ ᠲᠤᠰᠬᠠᠢ ᠦᠢᠯᠡᠴᠢᠯᠡᠭᠡᠨ ᠤ ᠲᠠᠩᠰᠠ ᠡᠪᠬᠡᠮᠡᠯ ᠵᠤᠬᠢᠶᠠᠵᠦ᠂ ᠨᠠᠰᠣᠳᠠᠳ ᠤᠨ ᠡᠷᠡᠭᠦᠯ ᠮᠡᠨᠳᠤ ᠶᠢᠨ ᠪᠠᠶᠢᠳᠠᠯ᠂ ᠦᠷ᠎ᠡ ᠬᠡᠦᠬᠡᠳ ᠤᠨ ᠪᠠᠶᠢᠳᠠᠯ᠂ ᠦᠢᠯᠡᠴᠢᠯᠡᠭᠡ ᠠᠪᠬᠤ ᠱᠠᠭᠠᠷᠳᠠᠯᠭ᠎ᠠ᠂ ᠴᠢᠨᠠᠭᠰᠢᠯᠠᠨ ᠢᠳᠡᠭᠡᠨ ᠤᠮᠳᠠᠭᠠᠨ ᠤ ᠲᠤᠷᠠᠰᠢᠯ᠂ ᠵᠠᠩ ᠠᠭᠠᠰᠢ ᠶᠢᠨ ᠤᠨᠴᠠᠯᠢᠭ ᠵᠡᠷᠭᠡ ᠪᠦᠬᠦ ᠲᠠᠯ᠎ᠠ ᠶᠢᠨ ᠰᠤᠷᠠᠭ ᠵᠠᠩᠬᠢ ᠶᠢ ᠨᠠᠷᠢᠨ ᠲᠤᠳᠤᠷᠬᠠᠢ ᠲᠡᠮᠳᠡᠭᠯᠡᠨ ᠺᠤᠮᠫᠢᠥᠲ᠋ᠧᠷ ᠲᠤ ᠤᠷᠤᠭᠤᠯᠵᠦ᠂ ᠤᠳᠤᠬᠢᠴᠢᠯᠠᠭᠰᠠᠨ ᠬᠠᠮᠢᠶᠠᠷᠤᠯᠳᠠ ᠪᠠ ᠦᠢᠯᠡᠴᠢᠯᠡᠭᠡ ᠬᠠᠩᠭᠠᠵᠦ ᠪᠠᠶᠢᠨ᠎ᠠ᠂ ᠪᠠᠰᠠ ᠨᠠᠰᠤᠳᠠᠨ ᠪᠤᠯᠭᠠᠨ ᠤ ᠭᠡᠷ ᠲᠤ ᠲᠤᠰᠬᠠᠢ ᠦᠢᠯᠡᠴᠢᠯᠡᠭᠡᠨ ᠤ ᠤᠳᠠᠰᠤ ᠳᠤᠭᠢᠷᠠᠭᠤᠯᠤᠨ ᠦᠭᠴᠦ᠂ ᠬᠡᠵᠢᠶ᠎ᠡ ᠲᠠᠭᠤᠳᠠᠪᠠᠯ ᠲᠡᠳᠦᠢ ᠳᠤ ᠤᠴᠢᠵᠦ᠂ ᠶᠠᠭᠤ ᠲᠤᠳᠠᠪᠠᠯ ᠶᠠᠭᠤ ᠬᠦᠷᠭᠡᠬᠦ ᠳᠤ ᠪᠡᠯᠡᠨ ᠪᠠᠶᠢᠳᠠᠭ᠃ ᠡᠭᠦᠨ ᠠᠴᠠ  ᠭᠠᠳᠠᠨ᠎ᠠ ᠨᠠᠰᠤᠳᠠᠳ ᠢ ᠲᠤᠭᠳᠠᠭᠰᠠᠨ ᠬᠤᠭᠤᠴᠠᠭ᠎ᠠ ᠲᠠᠢ ᠪᠠᠷ ᠡᠷᠭᠢᠨ ᠦᠵᠡᠵᠦ᠂ ᠡᠷᠡᠭᠦᠯ ᠮᠡᠨᠳᠤ ᠶᠢᠨ ᠪᠠᠶᠢᠳᠠᠯ ᠪᠠ ᠲᠤᠳᠠᠵᠦ ᠪᠠᠶᠢᠭ᠎ᠠ ᠵᠦᠢᠯ ᠢ ᠤᠶᠢᠯᠠᠭᠠᠨ ᠴᠠᠭ ᠲᠤᠬᠠᠢ ᠳᠤᠨᠢ ᠰᠢᠢᠳᠪᠦᠷᠢᠯᠡᠳᠡᠭ᠂ ᠨᠡᠩ ᠴᠦ ᠪᠡᠶ᠎ᠡ ᠠᠨᠠᠢ᠂ ᠡᠪᠡᠳᠴᠢᠨ ᠡᠮᠭᠡᠭ ᠲᠠᠢ᠂ ᠤᠨᠴᠠᠭᠠᠢ ᠱᠠᠭᠠᠷᠳᠠᠯᠭ᠎ᠠ ᠲᠠᠢ ᠨᠠᠰᠤᠳᠠᠳ ᠢ ᠪᠠᠶᠢᠩᠭᠤ ᠶᠢᠨ ᠴᠢᠨᠠᠷᠳᠠᠢ ᠠᠩᠬᠠᠷᠴᠦ ᠬᠠᠷᠠᠭᠠᠯᠵᠠᠳᠠᠭ᠃ ᠡᠶᠢᠮᠤ ᠠᠴᠠ ᠡᠳᠡᠭᠡᠷ ᠲᠤᠷᠰᠢᠯᠭ᠎ᠠ ᠶᠢ ᠰᠠᠶᠢᠨ ᠰᠤᠳᠤᠯᠵᠤ ᠬᠦᠳᠡᠭᠡ ᠳᠤᠰᠬᠤᠨ ᠮᠠᠯᠵᠢᠬᠤ  ᠤᠷᠤᠨ ᠳᠠᠭᠠᠨ ᠳᠤᠬᠢᠷᠠᠭᠤᠯᠤᠨ ᠬᠡᠷᠡᠭᠯᠡᠵᠦ ᠪᠤᠯᠬᠤ ᠶᠤᠮ᠃ ᠭᠡᠭᠦ ᠳᠤ ᠭᠤᠤᠯ ᠢᠯᠭᠠᠭ᠎ᠠ ᠨᠢ ᠬᠠᠰᠢ ᠯᠡ ᠬᠦᠳᠡᠭᠡ ᠨᠤᠳᠤᠭ ᠲᠤ ᠠᠶᠢᠯ ᠡᠷᠦᠬᠡ ᠲᠠᠷᠠᠬᠠᠢ ᠪᠤᠳᠠᠷᠬᠠᠢ᠂ ᠵᠠᠮ ᠬᠠᠷᠢᠯᠴᠠᠭ᠎ᠠ ᠲᠦᠭᠦᠮ ᠦᠭᠡᠢ ᠲᠤᠯᠠ ᠦᠢᠯᠡᠴᠢᠯᠡᠭᠡ ᠶᠢ ᠨᠡᠩ ᠨᠠᠷᠢᠯᠢᠭᠵᠢᠭᠤᠯᠬᠤ ᠴᠢᠬᠤᠯᠠ ᠲᠠᠢ᠃ ᠲᠠᠬᠢᠪᠠᠯ ᠨᠠᠰᠤᠳᠠᠳ ᠤᠨ ᠲᠤᠷ᠎ᠠ ᠪᠠᠬ᠎ᠠ ᠶᠢ ᠦᠨᠳᠦᠰᠦᠯᠡᠨ ᠬᠡᠳᠤᠨ ᠡᠷᠦᠬᠡ ᠪᠠᠷ ᠨᠡᠶᠢᠯᠡᠭᠦᠯᠵᠦ ᠠᠰᠠᠷᠠᠬᠤ᠂ ᠭᠠᠴᠠᠭ᠎ᠠ ᠰᠤᠮᠤ ᠳᠤ ᠲᠦᠪᠯᠡᠷᠡᠬᠦᠯᠵᠦ ᠠᠰᠠᠷᠠᠬᠤ ᠵᠡᠷᠭᠡ ᠤᠯᠠᠨ ᠠᠷᠭ᠎ᠠ ᠶᠢ ᠪᠠᠶᠢᠳᠠᠯ ᠢ ᠨᠢ ᠦᠨᠳᠦᠰᠦᠯᠡᠨ ᠬᠡᠷᠡᠭᠯᠡᠵᠦ ᠪᠤᠯᠤᠨ᠎ᠠ᠃

ᠢᠷᠡᠯᠲᠡ᠄      ᠨᠠᠶᠢᠷᠠᠭᠤᠯᠤᠭᠴᠢ᠄