home
home

    ᠠᠬᠠᠮᠠᠳ ᠨᠠᠰᠤᠳᠠᠳ ᠢᠶᠠᠨ ᠠᠰᠠᠷᠠᠵᠤ ᠵᠤᠯ ᠵᠢᠷᠭᠠᠯ ᠲᠠᠢ ᠠᠮᠢᠳᠤᠷᠠᠭᠤᠯᠬᠤ ᠳᠤᠬᠠᠢ2

2016-08-29  20:29

ᠬᠤᠶᠠᠷ᠂ ᠨᠡᠶᠢᠭᠡᠮ ᠤᠨ ᠨᠠᠰᠤᠵᠢᠯ ᠤᠨ ᠲᠠᠭᠠᠳᠬᠠᠯ ᠢ ᠲᠡᠭᠦᠯᠳᠡᠷᠵᠢᠭᠦᠯᠵᠦ᠂ ᠨᠠᠰᠤᠳᠠᠳ ᠢ ᠠᠰᠠᠷᠠᠬᠤ  ᠴᠢᠳᠠᠪᠭᠢ ᠶᠢ ᠨᠡᠮᠡᠭᠳᠡᠬᠦᠯᠬᠦ ᠬᠡᠷᠡᠭᠳᠡᠢ

ᠤᠳᠤᠬᠠᠨ ᠤ ᠬᠦᠳᠡᠭᠡ ᠳᠤᠰᠬᠤᠨ ᠮᠠᠯᠵᠢᠬᠤ ᠤᠷᠤᠨ ᠤ ᠨᠠᠰᠤᠵᠢᠯ ᠤᠨ ᠲᠠᠭᠠᠳᠬᠠᠯ ᠤᠨ ᠪᠠᠷᠢᠮᠵᠢᠶ᠎ᠠ ᠲᠠᠩᠴᠦ ᠲᠤᠤᠷ᠎ᠠ᠂ ᠤᠷᠤᠯᠴᠠᠵᠦ ᠪᠠᠶᠢᠭ᠎ᠠ ᠨᠤᠷᠮ᠎ᠠ ᠬᠡᠳᠦᠷᠬᠡᠢ ᠪᠠᠭ᠎ᠠ ᠪᠠᠶᠢᠨ᠎ᠠ᠂ ᠡᠨᠡ ᠨᠢ ᠪᠠᠷᠠᠭᠠᠨ ᠤ ᠦᠨ᠎ᠡ ᠦᠰᠴᠦ᠂ ᠵᠤᠭᠤᠰ ᠮᠠᠭᠤᠳᠠᠵᠦ ᠪᠠᠶᠢᠭ᠎ᠠ ᠦᠨᠦᠳᠦᠷ ᠪᠠᠷᠤᠭ ᠴᠠᠢ ᠲᠠᠪᠤᠰᠤ ᠳᠠᠭᠠᠨ ᠴᠦ ᠬᠦᠷᠬᠦ ᠦᠭᠡᠢ ᠪᠠᠶᠢᠭ᠎ᠠ ᠪᠠ ᠪᠡᠶ᠎ᠡ ᠮᠠᠭᠤᠳᠠᠵᠦ᠂ ᠡᠪᠡᠳᠴᠢᠨ ᠡᠮᠭᠡᠭ ᠤᠯᠬᠤ ᠪᠤᠯᠤᠮᠵᠢ ᠶᠠᠪᠤᠬᠤ ᠲᠤᠳᠤᠮ ᠨᠡᠮᠡᠭᠳᠡᠵᠦ ᠪᠠᠶᠢᠭ᠎ᠠ ᠨᠠᠰᠤᠳᠠᠶᠢᠴᠤᠳ ᠲᠤ ᠠᠪᠴᠦ ᠬᠡᠯᠡᠪᠡᠯ ᠡᠨᠡᠬᠦ ᠪᠠᠷᠢᠮᠵᠢᠶ᠎ᠠ ᠨᠢ ᠦᠨᠡᠬᠡᠷ ᠲᠠᠩᠴᠦ ᠪᠠᠭ᠎ᠠ ᠪᠠᠶᠢᠨ᠎ᠠ᠃ ᠡᠶᠢᠮᠦ ᠠᠴᠠ ᠨᠠᠰᠤᠵᠢᠯ ᠤᠨ  ᠲᠠᠭᠠᠳᠬᠠᠯ ᠤᠨ ᠨᠦᠬᠦᠪᠦᠷᠢ ᠤᠯᠭᠤᠬᠤ ᠪᠠᠷᠢᠮᠵᠢᠶ᠎ᠠ ᠶᠢ ᠨᠡᠮᠡᠭᠳᠡᠭᠦᠯᠤᠮᠡᠨᠵᠢᠨ ᠰᠠᠶ᠋ᠢ ᠲᠠᠭᠠᠳᠬᠠᠯ ᠳᠤ ᠤᠷᠤᠬᠤ ᠬᠦᠮᠦᠨ ᠤ ᠲᠤᠭ᠎ᠠ ᠶᠢ ᠲᠠᠶᠢᠴᠢᠯᠠᠨ ᠨᠡᠮᠡᠭᠳᠡᠭᠦᠯᠵᠦ᠂ ᠨᠠᠰᠤᠵᠢᠯ ᠤᠨ ᠲᠠᠭᠠᠳᠬᠠᠯ ᠤᠨ ᠵᠦᠪ ᠡᠷᠬᠢᠯᠳᠡ ᠶᠢ ᠪᠡᠶᠡᠯᠡᠭᠦᠯᠵᠦ ᠨᠠᠰᠤᠳᠠᠳ ᠤᠨ ᠨᠠᠭᠠᠳᠤ ᠵᠠᠬ᠎ᠠ ᠶᠢᠨ ᠠᠮᠢᠳᠤᠷᠠᠯ ᠢ ᠪᠠᠳᠤᠯᠠᠬᠤ ᠦᠨᠳᠦᠰᠦᠨ ᠴᠢᠳᠠᠮᠵᠢ ᠶᠢ ᠨᠢ ᠪᠠᠳᠠᠷᠠᠭᠤᠯᠵᠦ ᠴᠢᠳᠠᠨ᠎ᠠ᠃ ᠦᠭᠡᠢ ᠪᠤᠯ ᠨᠠᠰᠤᠵᠢᠯ ᠤᠨ ᠲᠠᠭᠠᠳᠬᠠᠯ ᠳᠤ ᠤᠯᠠᠮ ᠢᠶᠠᠷ ᠢᠳᠡᠭᠡᠯ ᠠᠯᠳᠠᠵᠦ᠂ ᠲᠠᠭᠠᠳᠬᠠᠯ ᠳᠤ ᠤᠷᠤᠬᠤ ᠬᠦᠮᠦᠨ ᠤ ᠲᠤᠭ᠎ᠠ ᠤᠯᠠᠮ ᠢᠶᠠᠷ ᠴᠦᠭᠡᠷᠡᠵᠦ᠂ ᠲᠠᠭᠠᠳᠬᠠᠯ ᠤᠨ ᠡᠷᠡᠭᠦᠯ ᠬᠦᠭᠵᠢᠯᠳᠡ ᠪᠠ  ᠪᠤᠳᠠᠳᠠᠢ ᠦᠢᠯᠡᠳᠦᠯ ᠢ ᠬᠦᠨᠳᠤ ᠨᠤᠴᠢᠳᠠᠢ ᠨᠦᠯᠦᠭᠡᠯᠡᠵᠦ ᠮᠡᠳᠡᠨ᠎ᠡ ᠶᠤᠮ᠃

ᠭᠤᠷᠪᠠ᠂ ᠦᠷ᠎ᠡ ᠭᠡᠤᠭᠡᠳ ᠤᠨ ᠨᠠᠰᠤᠳᠠᠨ ᠢᠶᠠᠨ ᠠᠰᠠᠷᠠᠵᠤ ᠬᠠᠷᠠᠭᠠᠯᠵᠠᠬᠤ ᠦᠵᠡᠯ ᠤᠬᠠᠮᠰᠠᠷ ᠪᠠ ᠵᠤᠯ ᠵᠢᠷᠭᠠᠯ ᠲᠠᠢ ᠭᠡᠷ ᠪᠦᠯᠢ ᠪᠠᠨ ᠠᠪᠴᠤ ᠶᠠᠪᠤᠬᠤ ᠤᠬᠠᠮᠰᠠᠷ ᠢ ᠪᠤᠢ ᠪᠤᠯᠭᠠᠬᠤ ᠭᠡᠷᠡᠭᠳᠡᠢ

ᠤᠳᠤᠬᠠᠨ ᠳᠤ ᠭᠠᠳᠠᠷ ᠮᠤᠵᠢ ᠤᠷᠤᠨ ᠪᠤᠶᠤ ᠬᠤᠯᠠ ᠭᠠᠵᠠᠷ ᠠᠵᠢᠯᠯᠠᠵᠦ ᠠᠮᠢᠳᠤᠷᠠᠵᠤ ᠪᠠᠶᠢᠭ᠎ᠠ ᠵᠠᠯᠠᠭᠤᠴᠤᠳ ᠬᠤᠪᠢ ᠶᠢᠨ ᠠᠵᠢᠯ ᠪᠠ ᠨᠠᠰᠤᠳᠠᠶᠢᠴᠤᠳ ᠢ ᠡᠷᠭᠢᠨ ᠦᠵᠡᠭᠦ᠂ ᠠᠰᠠᠷᠠᠵᠤ ᠬᠠᠷᠠᠭᠠᠯᠵᠠᠬᠤ ᠲᠤᠮᠳᠠ ᠠᠴᠠ ᠨᠢᠭᠡ ᠶᠢ ᠨᠢ ᠰᠤᠩᠭᠤᠬᠤ ᠦᠶ᠎ᠡ ᠳᠤ ᠠᠷᠭ᠎ᠠ ᠮᠤᠬᠤᠷᠳᠠᠬᠤ ᠦᠵᠡᠭᠳᠡᠯ ᠪᠤᠢ ᠪᠤᠯᠵᠤ ᠪᠠᠶᠢᠨ᠎ᠠ᠂ 《ᠦᠷᠭᠦᠯᠵᠢ ᠭᠡᠷ ᠲᠡᠭᠡᠨ ᠬᠠᠷᠢᠵᠦ ᠨᠠᠰᠤᠳᠠᠶᠢᠴᠤᠳ ᠢᠶᠠᠨ ᠡᠷᠬᠢᠵᠦ ᠦᠵᠡᠬᠦ》 ᠋ ᠭᠡᠳᠡᠭ ᠨᠢ ᠲᠡᠳᠡᠭᠡᠷ ᠬᠤᠭᠤᠰᠤᠨ ᠭᠡᠷ ᠢᠶᠠᠨ ᠰᠠᠬᠢᠭᠰᠠᠨ ᠨᠠᠰᠤᠳᠠᠶᠢᠴᠤᠳ ᠲᠤ ᠠᠪᠴᠦ ᠬᠡᠯᠡᠪᠡᠯ ᠮᠦᠨ ᠯᠠ ᠨᠢᠭᠡ ᠰᠠᠶᠢᠬᠠᠨ ᠲᠠᠭᠤᠤ ᠶᠢᠨ ᠦᠬᠡ ᠰᠢᠭ ᠰᠤᠨᠤᠰᠳᠠᠭᠠᠳ  ᠦᠩᠭᠡᠷᠡᠬᠦ ᠶᠠᠪᠤᠳᠠᠯ ᠪᠤᠯᠵᠤ ᠪᠠᠶᠢᠨ᠎ᠠ᠃ ᠵᠠᠷᠢᠮ ᠲᠤᠰᠬᠠᠢ ᠮᠡᠷᠭᠡᠵᠢᠯᠳᠠᠳ ᠤᠨ ᠦᠵᠡᠬᠦ ᠪᠠᠷ ᠨᠠᠰᠤᠳᠠᠳ ᠢᠶᠠᠨ  ᠡᠷᠬᠢᠵᠦ ᠦᠵᠡᠬᠦ ᠪᠠ ᠬᠠᠮᠳᠤ ᠪᠠᠶᠢᠵᠤ ᠵᠤᠯ ᠵᠢᠷᠭᠠᠯ ᠲᠠᠢ ᠠᠮᠢᠳᠤᠷᠠᠬᠤ ᠨᠢ ᠶᠤᠰᠤ ᠮᠤᠷᠠᠯ ᠤᠨ ᠬᠡᠪᠴᠢᠶᠡᠨ ᠳᠠᠬᠢ  ᠶᠠᠪᠤᠳᠠᠯ ᠪᠤᠯᠬᠤᠷ ᠬᠠᠤᠯᠢ ᠪᠠᠷ ᠠᠯᠪᠠᠳᠠᠬᠤ ᠨᠢ ᠵᠤᠬᠢᠰ ᠦᠭᠡᠢ ᠴᠦ ᠭᠡᠵᠤ ᠪᠤᠢ᠂ ᠦᠨᠡᠨᠳᠡᠭᠡᠨ ᠴᠦ ᠲᠡᠶᠢᠮᠦ ᠯᠠ ᠳ᠋ᠠ! ᠬᠠᠤᠯᠢ ᠪᠠᠷ ᠠᠯᠪᠠᠳᠠᠭᠤᠯᠵᠦ ᠪᠠᠶᠢᠵᠦ ᠨᠠᠰᠤᠳᠠᠳ ᠢᠶᠠᠨ ᠡᠷᠬᠢᠵᠦ ᠦᠵᠡᠳᠡᠭ ᠦᠷ᠎ᠡ ᠬᠡᠦᠬᠡᠳ ᠪᠤᠯ ᠶᠠᠮᠠᠷ ᠰᠢᠬ  ᠦᠷ᠎ᠡ ᠬᠡᠦᠬᠡᠳ ᠪᠤᠯᠬᠤ ᠶᠢ ᠪᠤᠳᠤᠵᠦ ᠦᠵᠡᠭᠡᠷᠡᠢ ᠬᠦᠮᠦᠰ ᠮᠢᠨᠢ! ᠶᠠᠭᠤ ᠬᠡᠯᠡᠭᠰᠡᠨ ᠴᠦ ᠲᠡᠷᠡ᠂ ᠶᠠᠭᠠᠬᠢᠵᠦ  ᠦᠵᠡᠭᠰᠡᠨ ᠴᠦ ᠲᠡᠷᠡ ᠨᠠᠰᠤᠳᠠᠶᠢᠴᠤᠳ ᠢᠶᠠᠨ ᠡᠷᠡᠭᠦᠯ ᠡᠩᠭᠡ᠂ ᠪᠠᠶᠠᠷ ᠵᠢᠷᠭᠠᠯ ᠲᠠᠢ ᠪᠠᠷ ᠦᠳᠡᠯᠦᠭᠡ ᠨᠠᠰᠤ ᠶᠢ ᠨᠢ ᠦᠩᠭᠡᠷᠡᠭᠦᠯᠬᠦ ᠪᠤᠯ ᠬᠦᠮᠦᠰ ᠤᠨ ᠠᠮᠢᠳᠤᠷᠠᠯ ᠳᠡᠮᠡᠴᠡᠯ ᠤᠨ ᠦᠨᠳᠦᠰᠦᠨ ᠵᠤᠷᠢᠯᠭ᠎ᠠ ᠤᠨ ᠨᠢᠭᠡ ᠪᠠᠶᠢᠵᠦ ᠲᠠᠭᠠᠷᠠᠨ᠎ᠠ᠃

ᠮᠤᠩᠭᠤᠯᠴᠤᠳ ᠪᠢᠳᠡ ᠨᠠᠰᠤᠳᠠᠳ ᠢᠶᠠᠨ ᠠᠰᠠᠷᠠᠵᠤ ᠬᠠᠷᠠᠭᠠᠯᠵᠠᠬᠤ ᠶᠢ ᠪᠤᠶᠠᠨ ᠬᠤᠷᠢᠶᠠᠵᠦ ᠪᠠᠶᠢᠨ᠎ᠠ ᠭᠡᠵᠤ ᠬᠡᠯᠡᠳᠡᠭ᠂ ᠨᠠᠰᠤᠳᠠᠨ ᠢᠶᠠᠨ ᠬᠦᠨᠳᠦᠯᠡᠵᠦ ᠵᠢᠷᠭᠠᠭᠤᠯᠵᠦ ᠴᠢᠳᠠᠭᠰᠠᠨ ᠦᠷ᠎ᠡ ᠬᠡᠦᠬᠡᠳ ᠢ ᠬᠠᠮᠤᠭ ᠤᠨ ᠰᠠᠶᠢᠨ ᠬᠦᠮᠦᠨ ᠭᠡᠵᠤ  ᠦᠨᠡᠯᠡᠳᠡᠭ᠃  ᠪᠢᠳᠡ ᠪᠤᠶᠠᠨ ᠬᠤᠷᠢᠶᠠᠵᠦ ᠶᠠᠪᠤᠶ᠎ᠠ᠂ ᠰᠠᠶᠢᠨ ᠦᠷ᠎ᠠ ᠭᠡᠤᠭᠡᠳ ᠪᠤᠯᠵᠦ ᠶᠠᠪᠤᠶ᠎ᠠ! ᠦᠷᠭᠦᠯᠵᠢ  ᠭᠡᠷ ᠲᠡᠭᠡᠨ ᠬᠠᠷᠢᠵᠦ ᠠᠪᠤ ᠡᠵᠢ ᠪᠠᠨ ᠡᠷᠬᠢᠵᠦ ᠦᠵᠡᠪᠡᠯ ᠲᠠᠭᠠᠷᠠᠨ᠎ᠠ᠃ ᠨᠦᠭᠦᠴᠡᠯ ᠪᠤᠯᠤᠯᠴᠠᠭ᠎ᠠ ᠲᠠᠢ ᠤᠢᠢᠷᠠᠬᠠᠨ ᠪᠠᠶᠢᠭ᠎ᠠ ᠪᠤᠯ ᠠᠬᠠᠮᠠᠳ ᠨᠠᠰᠤᠳᠠᠨ ᠤ ᠪᠠᠨ ᠰᠤᠷᠭᠠᠯ ᠢ ᠰᠤᠨᠤᠰᠴᠤ ᠠᠴᠢ ᠵᠢᠭᠡᠨᠡᠷ ᠲᠠᠢ ᠨᠢ ᠬᠠᠮᠳᠤ ᠠᠮᠢᠳᠤᠷᠠᠭᠤᠯᠵᠤ  ᠨᠠᠰᠤᠳᠠᠨ ᠢᠶᠠᠨ ᠵᠢᠷᠭᠠᠭᠠᠵᠤ ᠪᠤᠯᠤᠨ᠎ᠠ᠃ ᠬᠤᠯᠠ ᠴᠦ ᠪᠤᠯᠤᠭ᠂ ᠤᠶᠢᠷ᠎ᠠ ᠴᠦ ᠪᠤᠯᠤᠭ᠂ ᠶᠠᠮᠠᠷ ᠴᠦ ᠵᠠᠢ ᠡᠴᠢᠭᠡ  ᠡᠬᠡ ᠦᠷ᠎ᠡ ᠭᠡᠤᠭᠡᠳ ᠤᠨ ᠬᠦᠰᠡᠯ ᠰᠡᠳᠭᠢᠯ ᠢ ᠬᠠᠰᠢᠬᠤ ᠶᠤᠰᠤ ᠦᠭᠡᠢ᠂ ᠭᠡᠷ ᠲᠡᠭᠡᠨ ᠬᠠᠷᠢᠵᠦ ᠡᠵᠢ ᠶᠢᠨ ᠴᠢᠨᠠᠭᠰᠠᠨ ᠴᠠᠢ ᠶᠢ ᠤᠤᠭᠤᠵᠦ᠂ ᠡᠵᠢ ᠠᠪᠤ ᠪᠠᠨ ᠬᠠᠪᠰᠤᠷᠤᠨ ᠭᠡᠷ ᠵᠠᠭᠤᠷ᠎ᠠ ᠶᠢᠨ ᠠᠵᠢᠯ ᠢ ᠨᠢ ᠬᠢᠵᠦ ᠦᠭᠬᠦ ᠳᠤ  ᠨᠠᠰᠤᠳᠠᠳ ᠤᠨ ᠴᠢᠷᠠᠢ ᠳᠤ ᠨᠠᠷᠠ ᠮᠠᠨᠳᠤᠵᠦ᠂ ᠦᠷ᠎ᠡ ᠶᠢᠨ ᠴᠡᠭᠡᠵᠢᠨ ᠳᠤ ᠵᠢᠷᠭᠠᠯ ᠲᠦᠭᠦᠷᠴᠦ᠂ ᠠᠯᠤᠰ ᠤᠨ ᠵᠠᠮ  ᠴᠢᠨᠢ ᠦᠯᠵᠡᠢ ᠮᠦᠷ ᠲᠠᠢ ᠰᠠᠶᠢᠨ ᠰᠠᠶᠢᠬᠠᠨ ᠪᠤᠯᠬᠤ ᠶᠤᠮ᠃ 

ᠶᠠᠮᠠᠷ ᠴᠦ ᠭᠡᠰᠡᠨ ᠠᠬᠠᠮᠠᠳ ᠨᠠᠰᠤᠳᠠᠳ ᠢᠶᠠᠨ ᠬᠦᠨᠳᠦᠯᠡᠨ ᠬᠠᠶᠢᠷᠠᠯᠠᠬᠤ ᠬᠠᠯᠠᠭᠤᠨ ᠰᠡᠳᠬᠢᠯ ᠪᠠᠶᠢᠳᠠᠭ ᠯᠠ ᠶᠤᠮ ᠪᠤᠯ ᠨᠠᠰᠤᠳᠠᠶᠢᠴᠤᠳ ᠢᠶᠠᠨ ᠠᠰᠠᠷᠠᠵᠦ ᠵᠢᠷᠭᠠᠭᠤᠯᠵᠦ ᠴᠢᠳᠠᠬᠤ ᠦᠭᠡᠢ ᠭᠡᠵᠤ ᠵᠤᠪᠠᠭ᠋ᠤ ᠶᠠᠪᠤᠳᠠᠯ ᠠᠯᠠᠭ᠎ᠠ ᠪᠢᠵᠡ ᠡ᠂ ᠠᠯᠢ ᠨᠢᠭᠡ ᠡᠳᠦᠷ ᠦᠪᠡᠷ ᠢᠶᠠᠨ ᠪᠠᠰᠠ ᠦᠳᠡᠯᠵᠦ ᠬᠦᠭᠰᠢᠷᠡᠨ᠎ᠡ ᠭᠡᠳᠡᠭ ᠢᠶᠠᠨ ᠮᠡᠳᠡᠳᠡᠭ᠂ ᠠᠴᠢᠯᠠᠯ  ᠵᠢᠷᠤᠮ ᠲᠠᠢ ᠬᠦᠮᠦᠨ ᠪᠦᠬᠦᠳᠡ ᠬᠦᠬᠡᠷᠦᠬᠦᠢ ᠪᠤᠭᠤᠷᠤᠯ ᠨᠠᠰᠤᠳᠠᠶᠢᠴᠤᠳ ᠢᠶᠠᠨ ᠬᠡᠵᠢᠶᠡᠳᠡ ᠬᠠᠶᠢᠷᠠᠯᠠᠨ ᠠᠰᠠᠷᠠᠵᠦ᠂ ᠦᠷᠴᠢᠯᠡᠭᠡᠰᠦᠳᠦ ᠴᠢᠷᠠᠢ ᠳᠤᠨᠢ ᠪᠠᠶᠠᠷ ᠤᠨ ᠢᠨᠢᠶᠡᠳᠤ ᠲᠤᠳᠤᠷᠠᠭᠤᠯᠵᠦ᠂ ᠦᠩᠭᠡᠳᠤ ᠬᠤᠷᠸ᠎ᠠ ᠳᠤ ᠭᠤᠮᠤᠳᠠᠯ ᠦᠭᠡᠢ  ᠵᠢᠷᠭᠠᠭᠤᠯᠤᠭᠠᠷᠠᠢ᠂ ᠪᠢᠳᠠ ᠠᠬᠠᠮᠠᠳ ᠨᠠᠰᠤᠳᠠᠨ ᠢᠶᠠᠨ ᠠᠰᠠᠷᠠᠵᠤ ᠠᠵᠠ ᠵᠢᠷᠭᠠᠯ ᠲᠠᠢ ᠭᠡᠷ ᠪᠦᠯᠢ ᠪᠠᠨ ᠴᠤᠭᠴᠠᠯᠠᠵᠤ  ᠶᠠᠪᠤᠵᠠᠭᠠᠶ᠎ᠠ!

ᠢᠷᠡᠯᠲᠡ᠄      ᠨᠠᠶᠢᠷᠠᠭᠤᠯᠤᠭᠴᠢ᠄