home
home

    ᠴᠢᠪᠠᠭ᠎ᠠ ᠮᠤᠩᠭᠤᠯ ᠦᠨᠳᠦᠰᠦᠳᠡᠨ  ᠤ ᠲᠤᠷᠰᠢᠯᠳᠠ  ᠶᠢᠨ ᠪᠠᠭ᠎ᠠ ᠰᠤᠷᠭᠠᠭᠤᠯᠢ ᠶᠢᠨ ᠨᠠᠶᠢᠷᠰᠠᠭ ᠬᠤᠶᠠᠳᠤᠭᠠᠷ ᠲᠠᠰ ᠤᠨ ᠱᠠᠩᠨᠠᠯ ᠬᠦᠷᠳᠡᠪᠡ

2016-08-30  11:01

ᠤᠢᠢᠷ᠎ᠠ ᠳᠤ᠂ ᠪᠡᠭᠡᠵᠢᠩ ᠬᠤᠳᠠ ᠶᠢᠨ ᠰᠢᠤᠳᠠᠨ ᠲᠡᠮᠳᠡᠭ ᠴᠤᠭᠯᠠᠭᠤᠯᠬᠤ ᠨᠡᠶᠢᠭᠡᠮᠯᠢᠭ ᠪᠠ 《ᠲᠤᠮᠳᠠᠳᠤ ᠤᠯᠤᠰ ᠤᠨ ᠰᠢᠤᠳᠠᠨ ᠲᠡᠮᠳᠡᠭ ᠴᠤᠭᠯᠠᠭᠤᠯᠬᠤ ᠰᠤᠨᠢᠨ》 ᠋ ᠵᠡᠷᠭᠡ ᠪᠠᠶᠢᠭᠤᠯᠤᠯᠭ᠎ᠠ ᠨᠢᠭᠡᠴᠡ ᠶᠢᠨ ᠬᠤᠯᠪᠤᠭᠠᠯᠠᠨ ᠡᠷᠬᠢᠯᠡᠭᠰᠡᠨ 《ᠲᠤᠮᠳᠠᠳᠤ ᠶᠢᠨ ᠬᠦᠰᠡᠯ᠂ ᠮᠢᠨᠦ ᠬᠦᠰᠡᠯ》 ᠋ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠢᠤᠳᠠᠨ ᠲᠡᠮᠳᠡᠭ ᠴᠤᠭᠯᠠᠭᠤᠯᠬᠤ ᠮᠡᠳᠡᠯᠭᠡ ᠶᠢᠨ ᠤᠷᠤᠯᠳᠤᠭᠠᠨ ᠠᠮᠵᠢᠯᠳᠠ ᠲᠠᠢ ᠦᠨᠳᠦᠷᠯᠡᠵᠦ᠂ ᠠᠷᠤ ᠬᠤᠷᠴᠢᠨ ᠬᠤᠰᠢᠭᠤᠨ ᠤ ᠴᠢᠪᠠᠭ᠎ᠠ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ 5 ᠤᠨ ᠤ ᠨᠢᠭᠡᠳᠦᠭᠡᠷ ᠠᠩᠬᠢ ᠶᠢᠨ ᠨᠠᠶᠢᠷᠰᠠᠭ ᠬᠤᠶᠠᠳᠤᠭᠠᠷ ᠲᠠᠰ ᠤᠨ ᠱᠠᠩᠨᠠᠯ ᠬᠦᠷᠳᠡᠪᠡ᠃ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠢᠤᠳᠠᠨ ᠲᠡᠮᠳᠡᠭ ᠴᠤᠭᠯᠠᠭᠤᠯᠬᠤ ᠠᠵᠢᠯᠯᠠᠭᠠᠨ ᠤ ᠬᠦᠮᠦᠵᠢᠯ ᠤᠨ ᠰᠠᠭᠤᠷᠢᠨ ᠭᠠᠵᠠᠷ ᠪᠤᠯᠤᠭᠰᠠᠨ ᠴᠢᠪᠠᠭ᠎ᠠ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠨᠢ ᠰᠤᠷᠤᠭᠴᠢᠳ ᠢᠶᠠᠨ ᠵᠤᠬᠢᠶᠠᠨ ᠪᠠᠶᠢᠭᠤᠯᠵᠦ᠂ ᠵᠠᠯᠭᠠᠪᠡᠷ ᠭᠤᠷᠪᠡ ᠤᠳᠠᠭ᠎ᠠ ᠰᠢᠤᠳᠠᠨ ᠲᠡᠮᠳᠡᠭ ᠴᠤᠭᠯᠠᠭᠤᠯᠬᠤ ᠮᠡᠳᠡᠯᠭᠡ ᠶᠢᠨ ᠤᠷᠤᠯᠳᠤᠭᠠᠨ ᠳᠤ ᠤᠷᠤᠯᠴᠠᠵᠦ᠂ ᠰᠤᠷᠤᠭᠴᠢᠳ ᠤᠨ ᠰᠢᠤᠳᠠᠨ ᠲᠡᠮᠳᠡᠭ ᠴᠤᠭᠯᠠᠭᠤᠯᠬᠤ ᠲᠤᠷ᠎ᠠ ᠪᠠᠬ᠎ᠠ ᠶᠢ ᠬᠦᠭᠵᠢᠭᠡᠭᠰᠡᠨ ᠪᠦᠭᠡᠳ ᠰᠤᠷᠤᠭᠴᠢᠳ ᠤᠨ ᠮᠤᠷᠠᠯ ᠤᠨ ᠬᠦᠮᠦᠵᠢᠯ ᠢ ᠴᠢᠩᠭᠠᠳᠬᠠᠵᠦ᠂ ᠬᠢᠴᠢᠶᠠᠯ ᠤᠨ ᠭᠠᠳᠠᠨᠠᠬᠢ ᠬᠦᠳᠡᠯᠭᠡᠭᠡᠨ ᠤ ᠠᠭᠤᠯᠭ᠎ᠠ ᠶᠢ ᠪᠠᠶᠠᠯᠢᠭᠵᠢᠭᠤᠯᠤᠭᠰᠠᠨ ᠪᠠᠶᠢᠨ᠎ᠠ᠃ ᠤᠢᠢᠯᠠᠭᠠᠭᠰᠠᠨ ᠢᠶᠠᠷ᠂ ᠠᠷᠤ ᠬᠤᠷᠴᠢᠨ ᠬᠤᠰᠢᠭᠤᠨ ᠤ ᠴᠢᠪᠠᠭ᠎ᠠ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ‌‍ᠶᠢᠨ ᠰᠤᠷᠤᠭᠴᠢᠳ ᠤᠳᠤᠬᠠᠨ ᠪᠤᠯᠳᠠᠯ᠎ᠠ᠂ ᠪᠦᠬᠦ ᠤᠯᠤᠰ ᠤᠨ ᠰᠢᠤᠳᠠᠨ ᠲᠡᠮᠳᠡᠭ ᠴᠤᠭᠯᠠᠭᠤᠯᠬᠤ ᠮᠡᠳᠡᠯᠭᠡ ᠶᠢᠨ ᠤᠷᠤᠯᠳᠤᠭᠠᠨ ᠳᠤ᠂ ᠨᠢᠭᠡᠳᠦᠭᠡᠷ ᠲᠠᠰ ᠤᠨ ᠱᠠᠩᠨᠠᠯ 8 ᠨᠠᠷ᠎ᠠ᠂ ᠬᠤᠶᠠᠳᠤᠭᠠᠷ ᠲᠠᠰ ᠤᠨ ᠱᠠᠩᠨᠠᠯ 12 ᠨᠠᠷ ᠎ᠠ᠂ ᠭᠤᠷᠪᠠᠳᠤᠭᠠᠷ ᠲᠠᠰ ᠤᠨ 27 ᠨᠠᠷ᠎ᠠ ᠲᠤᠳᠤᠷᠠᠵᠦ᠂ ᠱᠠᠩᠨᠠᠯ ᠬᠦᠷᠳᠡᠭᠰᠡᠳ ᠤᠨ ᠲᠤᠳᠤᠷ᠎ᠠ ᠭᠤᠷᠪᠡᠨ ᠰᠤᠷᠤᠭᠴᠢ ᠦᠪᠤᠷ ᠮᠤᠩᠭᠤᠯ ᠤᠷᠤᠨ ᠳᠤ ᠰᠢᠤᠳᠠᠨ ᠲᠡᠮᠳᠡᠭ ᠴᠤᠭᠯᠠᠭᠤᠯᠬᠤ ᠮᠡᠳᠡᠯᠭᠡ ᠮᠡᠳᠡᠴᠡ ᠪᠠᠷ ᠨᠠᠷ᠎ᠠ ᠠᠯᠳᠠᠷᠰᠢᠭᠰᠠᠨ ᠪᠠᠶᠢᠨ᠎ᠠ᠃

 

ᠢᠷᠡᠯᠲᠡ᠄      ᠨᠠᠶᠢᠷᠠᠭᠤᠯᠤᠭᠴᠢ᠄