home
home

    ᠥᠪᠥᠷ ᠮᠤᠩᠭᠤᠯ ᠤᠨ ᠬᠠᠮᠪᠤ ᠶᠢᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠡᠭᠦᠳᠡ ᠪᠠᠨ ᠰᠡᠭᠦᠯ᠎ᠡ

2016-09-30  18:39

8 ᠰᠠᠷ᠎ᠠ ᠶᠢᠨ 19  ᠋  ᠋ ᠤ ᠡᠳᠥᠷ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠱᠧᠪᠡᠷᠲᠤ ᠪᠠᠯᠭᠠᠰᠤᠨ ᠤ ᠬᠠᠮᠪᠤ ᠶᠢᠨ ᠠᠶᠢᠯ ᠭᠠᠴᠠᠭ᠎ᠠ ᠶᠢᠨ ᠬᠠᠷᠢᠶᠠᠨ ᠳᠤ ᠪᠠᠶᠢᠷᠢᠰᠢᠵᠤ ᠪᠠᠶᠢᠭ᠎ᠠ ᠥᠪᠥᠷ ᠮᠤᠩᠭᠤᠯ ᠤᠨ ᠬᠠᠮᠪᠤ ᠶᠢᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠡᠭᠦᠳᠡ ᠪᠠᠨ ᠰᠡᠭᠦᠯ᠎ᠠ᠃

ᠥᠪᠥᠷ ᠮᠤᠩᠭᠤᠯ ᠤᠨ ᠬᠠᠮᠪᠤ ᠶᠢᠨ ᠬᠠᠭᠤᠴᠢ ᠰᠤᠳᠤᠯᠤᠯ ᠤᠨ ᠪᠠᠭᠤᠷᠢ ᠪᠤᠯ ᠤᠳᠤ ᠠᠴᠠ ᠪᠠᠷᠤᠭ 5500  ᠋  ᠋ ᠠᠴᠠ 5000 ᠤᠨ ᠤ ᠡᠮᠦᠨᠡᠬᠢ 17 ᠲᠥᠮᠡᠨ ᠲᠡᠭᠰᠢ ᠳᠥᠷᠪᠡᠯᠵᠢᠨ ᠮᠧᠲᠷ ᠤᠨ ᠶᠠᠷᠥᠩᠬᠡᠢ ᠲᠠᠯᠠᠪᠠᠢ ᠪᠦᠬᠦᠢ ᠪᠠᠭᠤᠷᠢ ᠪᠤᠯᠤᠨ᠎ᠠ᠃ 2010 ᠤᠨ ᠠᠴᠠ 2014 ᠪᠤᠯᠳᠠᠯ᠎ᠠ ᠠᠳᠡ ᠠᠴᠠ ᠬᠠᠰ ᠤᠨ ᠡᠳ᠋ᠯᠡᠯ᠂ ᠸᠠᠭᠠᠷ ᠰᠠᠪᠠ᠂ ᠶᠠᠰᠤᠨ ᠵᠡᠪᠰᠡᠭ ᠪᠡ ᠴᠢᠯᠠᠭᠤᠨ ᠵᠡᠪᠰᠡᠭ᠂ ᠬᠢᠰᠤᠭ᠎ᠠ ᠶᠢᠨ ᠬᠡᠷᠡᠭᠰᠡᠯ ᠵᠡᠷᠭᠡ ᠬᠤᠪᠤᠷ ᠥᠨᠡᠳᠥ ᠲᠡᠤᠬᠡᠨ ᠲᠤᠷᠠᠰᠬᠠᠯᠳᠤ ᠵᠥᠢᠯᠡᠰ ᠢ 2000 ᠭᠠᠷᠤᠢ ᠮᠠᠯᠲᠠᠵᠤ ᠭᠠᠷᠭᠠᠵᠠᠢ᠃ ᠬᠠᠮᠪᠤ ᠶᠢᠨ ᠬᠠᠭᠤᠴᠢ ᠶᠢᠨ ᠢᠯᠡᠷᠡᠭᠦᠯᠥᠯᠲᠠ ᠨᠢ ᠬᠠᠭᠤᠴᠢ ᠰᠤᠳᠤᠯᠤᠯ ᠤᠨ ᠡᠳᠡᠭᠡᠳ ᠤᠨ ᠬᠢᠨ ᠢ ᠲᠤᠷᠭᠢᠭᠤᠯᠵᠤ᠂ 2011 ᠤᠨ ᠳᠤ ᠤᠯᠤᠰ ᠤᠨ ᠲᠡᠦᠭᠡ ᠶᠢᠨ ᠳᠤᠷᠠᠰᠬᠠᠯᠳᠤ ᠵᠦᠢᠯᠡᠰ ᠤᠨ ᠬᠠᠮᠢᠶᠠᠷᠤᠯᠳᠠ ᠶᠢᠨ ᠲᠤᠪᠴᠢᠶ᠎ᠠ ᠠᠴᠠ ᠲᠠᠬᠦᠨ ᠢ 《ᠳᠤᠮᠳᠠᠳᠦ ᠤᠯᠤᠰ ᠤᠨ ᠠᠷᠪᠠᠨ ᠶᠡᠭᠡ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠥᠯᠲᠠ》 ᠋ ᠶᠢᠨ ᠨᠢᠬᠡ᠂ ᠳᠤᠮᠳᠠᠳᠦ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠠᠴᠠ ᠲᠠᠬᠦᠨ ᠢ 《ᠳᠤᠮᠳᠠᠳᠤ ᠤᠯᠤᠰ ᠤᠨ ᠵᠢᠷᠭᠤᠭᠠᠨ ᠶᠡᠭᠡ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠥᠯᠲᠠ》 ᠋ ᠶᠢᠨ ᠨᠢᠭᠡ ᠪᠠᠷ ᠥᠨᠡᠯᠡᠵᠦ᠂ 2016 ᠤᠨ ᠳᠤ ᠦᠪᠡᠷᠳᠡᠭᠡᠨ ᠵᠠᠰᠠᠬᠤ ᠤᠷᠤᠨ ᠤ ᠲᠡᠦᠭᠡ ᠶᠢᠨ ᠳᠤᠷᠠᠰᠬᠠᠯᠳᠦ ᠵᠦᠢᠯᠡᠰ ᠤᠨ ᠬᠠᠮᠢᠶᠠᠷᠤᠯᠳᠠ ᠶᠢᠨ ᠲᠤᠪᠴᠢᠶ᠎ᠠ ᠠᠴᠠ ᠲᠠᠬᠦᠨ ᠢ 《ᠥᠪᠡᠷᠳᠡᠭᠡᠨ ᠵᠠᠰᠠᠬᠤ ᠤᠷᠤᠨ ᠤ ᠠᠩᠬᠠᠳᠤᠭᠠᠷ ᠪᠦᠯᠦᠭ 10 ᠶᠡᠭᠡ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ》 ᠋ ᠤᠨ ᠨᠢᠭᠡ ᠪᠠᠷ ᠴᠤᠯᠠᠯᠠᠪᠠ᠃ ᠲᠤᠰ ᠪᠠᠭᠤᠷᠢ ᠨᠢ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠠᠵᠢᠯ ᠤᠨ ᠳᠤᠮᠳᠠ ᠠᠩᠬ᠎ᠠ ᠤᠳᠠᠭ᠎ᠠ ᠤᠮᠠᠷᠠᠳᠤ ᠥᠷᠭᠡᠷᠢᠭ ᠤᠨ 43 ᠭᠷᠠᠳᠦ᠋ᠰ ᠠᠴᠠ ᠤᠮᠠᠷᠠᠰᠢ ᠤᠷᠤᠨ ᠳᠤ ᠢᠯᠡᠷᠡᠭᠦᠯᠥᠭᠰᠡᠨ ᠳᠡᠯᠡᠭᠡᠢ ᠳᠡᠭᠡᠷᠡᠬᠢ ᠴᠥᠬᠡᠨ ᠬᠡᠳᠤᠨ ᠪᠠᠯᠠᠷ ᠡᠷᠳᠡᠨ ᠤ ᠠᠶᠢᠯ ᠲᠤᠰᠬᠤᠨ ᠤ ᠪᠠᠭᠤᠷᠢ ᠪᠠᠶᠢᠵᠤ᠂ ᠬᠡᠪᠴᠢᠶ᠎ᠡ ᠪᠠᠷ ᠶᠡᠭᠡ᠂ ᠪᠥᠷᠢᠨ ᠪᠥᠲᠥᠨ ᠬᠠᠳᠠᠭᠠᠯᠠᠬᠳᠠᠬᠰᠠᠨ ᠪᠥᠭᠡᠳ ᠡᠯᠪᠡᠭ ᠤᠯᠠᠨ ᠲᠤᠷᠠᠰᠬᠠᠯᠳᠤ ᠪᠤᠳᠠᠰ ᠢᠶᠠᠷ ᠢᠶᠠᠨ ᠪᠥᠬᠦ᠋ᠢᠯᠡ ᠵᠡᠭᠦᠨ ᠬᠤᠶᠢᠳᠤ ᠤᠷᠤᠨ ᠵᠢᠴᠢ ᠪᠥᠬᠦ ᠤᠯᠤᠰ ᠲᠤ ᠴᠥ ᠬᠤᠪᠤᠷ ᠶᠤᠮ᠃

ᠬᠠᠮᠪᠤ ᠶᠢᠨ ᠪᠠᠭᠤᠷᠢ ᠪᠤᠯ ᠮᠠᠨ ᠤ ᠤᠯᠤᠰ ᠤᠨ ᠬᠠᠭᠤᠴᠢ ᠰᠤᠳᠤᠯᠤᠯ ᠤᠨ ᠴᠢᠬᠤᠯᠠ ᠶᠡᠭᠡ ᠢᠯᠡᠷᠡᠭᠦᠯᠥᠯᠲᠠ ᠪᠠᠶᠢᠵᠤ᠂ ᠬᠤᠷᠴᠢᠨ ᠨᠤᠲᠤᠬ ᠤᠨ ᠲᠡᠤᠬᠡ ᠶᠢᠨ ᠭᠡᠷᠡᠴᠢ ᠶᠢ 1000 ᠭᠠᠷᠤᠢ ᠵᠢᠯ ᠤᠷᠢᠳᠴᠢᠯᠠᠭᠤᠯᠤᠭᠰᠠᠨ ᠢᠶᠠᠷ ᠪᠠᠷᠠᠬᠤ ᠦᠬᠡᠢ ᠬᠤᠷᠴᠢᠨ ᠨᠤᠲᠤᠬ ᠪᠤᠯ ᠳᠤᠮᠳᠠᠳᠤ ᠶᠢᠨ ᠡᠷᠳᠡᠨ ᠤ ᠪᠤᠯᠪᠠᠰᠤᠨ ᠤ ᠡᠬᠢ ᠡᠭᠦᠰᠥᠯ ᠤᠨ ᠭᠠᠵᠠᠷ ᠤᠨ ᠨᠢᠭᠡ ᠭᠡᠰᠡᠨ ᠢ ᠪᠥᠷᠢᠮᠥᠰᠥᠨ ᠭᠡᠷᠡᠴᠢᠯᠡᠵᠠᠢ᠃ ᠲᠤᠰ ᠴᠡᠴᠡᠷᠯᠢᠭ ᠢ ᠪᠠᠶᠢᠭᠤᠯᠵᠤ ᠨᠡᠭᠡᠭᠡᠭᠰᠡᠨ ᠨᠢ ᠥᠪᠥᠷ ᠮᠤᠩᠭᠤᠯ ᠤᠨ ᠰᠤᠶᠤᠯ ᠤᠨ ᠥᠪ ᠤᠨ ᠬᠠᠮᠠᠭᠠᠯᠠᠯᠲᠠ ᠶᠢᠨ ᠠᠵᠢᠯ ᠤᠨ ᠨᠢᠭᠡᠨ ᠪᠠᠶᠠᠷᠳᠤ ᠶᠠᠪᠤᠳᠠᠯ ᠪᠤᠯᠤᠨ᠎ᠠ᠃ ᠴᠡᠴᠡᠷᠯᠢᠭ ᠤᠨ ᠡᠭᠦᠳᠡ ᠰᠡᠭᠦᠬᠦ ᠶᠤᠰᠤᠯᠠᠯ ᠳᠡᠭᠡᠷ᠎ᠠ ᠪᠠᠰᠠ 《ᠥᠪᠥᠷ ᠮᠤᠩᠭᠤᠯ ᠤᠨ ᠬᠠᠮᠪᠤ ᠶᠢᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ》 ᠋᠂ 《ᠬᠠᠮᠪᠤ ᠶᠢᠨ ᠪᠠᠭᠤᠷᠢ ᠶᠢᠨ ᠬᠠᠮᠠᠭᠠᠯᠠᠯᠲᠠ ᠥᠵᠡᠭᠦᠯᠥᠯᠭᠡ ᠶᠢᠨ ᠰᠠᠩ》 ᠋᠂ 《ᠬᠤᠷᠴᠢᠨ ᠤ ᠪᠠᠯᠠᠷ ᠡᠷᠳᠡᠨ ᠤ ᠰᠤᠶᠤᠯ ᠤᠨ ᠮᠥᠽᠧᠢ》 ᠋᠂ 《ᠬᠠᠮᠪᠤ ᠶᠢᠨ ᠪᠠᠭᠤᠷᠢ ᠶᠢᠨ ᠰᠤᠳᠤᠯᠤᠯ ᠬᠠᠮᠢᠶᠠᠷᠤᠯᠲᠠ ᠶᠢᠨ ᠲᠥᠪ》 ᠋᠂《ᠥᠪᠥᠷ ᠮᠤᠩᠭᠤᠯ ᠤᠨ ᠲᠡᠤᠬᠡ ᠶᠢᠨ ᠲᠤᠷᠠᠰᠬᠠᠯᠳᠤ ᠵᠥᠢᠯ ᠬᠠᠭᠤᠴᠢ ᠰᠤᠳᠤᠯᠤᠯ ᠤᠨ ᠭᠠᠵᠠᠷ ᠤᠨ ᠬᠠᠮᠪᠤ ᠶᠢᠨ ᠪᠠᠭᠤᠷᠢ ᠶᠢᠨ ᠬᠠᠭᠤᠴᠢ ᠰᠤᠳᠤᠯᠤᠯ ᠤᠨ ᠥᠷᠳᠡᠭᠡ》 ᠋᠂ 《ᠬᠢᠷᠢᠨ ᠶᠡᠭᠡ ᠰᠤᠷᠭᠠᠭᠤᠯᠢ ᠶᠢᠨ ᠬᠢᠯᠢ ᠬᠢᠵᠠᠭᠠᠷ ᠤᠨ ᠬᠠᠭᠤᠴᠢ ᠰᠤᠳᠤᠯᠤᠯ ᠤᠨ ᠲᠥᠪ ᠤᠨ ᠬᠠᠮᠪᠤ ᠶᠢᠨ ᠪᠠᠭᠤᠷᠢ ᠶᠢᠨ ᠰᠤᠳᠤᠯᠤᠯ ᠤᠨ ᠳᠠᠳᠤᠯᠭ᠎ᠠ ᠶᠢᠨ ᠰᠠᠭᠤᠷᠢᠨ》 ᠋ ᠵᠡᠷᠭᠡ ᠵᠢᠷᠭᠤᠭᠠᠨ ᠫᠠᠶᠢᠰᠠ ᠶᠢ ᠢᠷᠠᠭᠰᠠᠨ ᠪᠠᠶᠢᠨ᠎ᠠ᠃

ᠢᠷᠡᠯᠲᠡ᠄      ᠨᠠᠶᠢᠷᠠᠭᠤᠯᠤᠭᠴᠢ᠄