home
home

    ᠬᠤᠰᠢᠭᠤ ᠱᠠᠳᠣᠨ ᠤ ᠮᠣᠩᠭᠤᠯ ᠬᠢᠳᠡᠳ ᠭᠡᠯᠡᠨ ᠤ ᠣᠷᠴᠢᠭᠤᠯᠣᠭᠴᠢᠳ ᠤᠨ ᠨᠡᠶᠢᠭᠡᠮᠯᠢᠭ ᠪᠠᠭᠠᠷᠢᠨ ᠪᠠᠷᠠᠭᠤᠨ ᠬᠤᠰᠢᠭᠤᠨ ᠳᠤ ᠪᠠᠶᠢᠭᠤᠯᠣᠭᠳᠠᠪᠠ

2016-10-01  19:50

ᠡᠳᠦᠷ ᠢᠷᠡᠬᠦᠶ᠎ᠡ ᠦᠳᠳᠡᠷ ᠨᠡᠮᠡᠭᠳᠡᠵᠣ ᠪᠠᠶᠢᠭ᠎ᠠ ᠮᠣᠩᠭᠤᠯ ᠬᠢᠳᠡᠳ ᠭᠡᠯᠡᠨ ᠤ ᠣᠷᠴᠢᠭᠤᠯᠭ᠎ᠠ ᠶᠢᠨ ᠱᠠᠭᠠᠷᠳᠠᠯᠭ᠎ᠠ ᠳᠤ ᠵᠣᠬᠢᠴᠠᠭᠤᠯᠣᠨ᠂ ᠣᠷᠣᠨ ᠨᠣᠳᠤᠭ ᠤᠨ ᠢᠶᠠᠨ ᠠᠵᠣ ᠠᠬᠤᠢ ᠨᠡᠶᠢᠭᠡᠮ ᠤᠨ ᠬᠦᠭᠵᠢᠯᠳᠡ ᠳᠤ ᠦᠢᠯᠡᠴᠢᠯᠡᠬᠦ ᠶᠢᠨ ᠲᠦᠯᠦᠭᠡ᠂ ᠪᠠᠭᠠᠷᠢᠨ ᠪᠠᠷᠠᠭᠤᠨ ᠬᠤᠰᠢᠭᠤᠨ ᠤ ᠣᠳᠬ᠎ᠠ ᠣᠷᠠᠯᠢᠭ ᠤᠨ ᠬᠢᠨ ᠤ ᠬᠤᠯᠪᠣᠭ᠎ᠠ ᠠᠴᠠ ᠰᠠᠨᠠᠭᠠᠴᠢᠯᠠᠨ ᠪᠠᠶᠢᠭᠤᠯᠣᠭᠰᠠᠨ ᠬᠤᠰᠢᠭᠤ ᠰᠢᠶᠠᠨ ᠱᠠᠳᠣᠨ ᠤ ᠮᠣᠩᠭᠤᠯ ᠬᠢᠳᠡᠳ ᠭᠡᠯᠡᠨ ᠤ ᠣᠷᠴᠢᠭᠤᠯᠣᠭᠴᠢᠳ ᠤᠨ ᠨᠡᠶᠢᠭᠡᠮᠯᠢᠭ ᠤᠢᠢᠷ᠎ᠠ ᠳᠤ ᠪᠠᠭᠠᠷᠢᠨ ᠪᠠᠷᠠᠭᠤᠨ ᠬᠤᠰᠢᠭᠤᠨ ᠳᠤ ᠪᠠᠶᠢᠭᠤᠯᠣᠭᠳᠠᠪᠠ᠃

ᠲᠤᠰ ᠨᠡᠶᠢᠬᠡᠮᠯᠢᠭ ᠢ ᠪᠠᠶᠢᠭᠤᠯᠤᠬᠰᠠᠨ ᠨᠢ᠂ ᠮᠣᠩᠭᠤᠯ ᠬᠢᠳᠡᠳ ᠭᠡᠯᠡᠨ ᠤ ᠰᠣᠯᠢᠯᠴᠠᠭ᠎ᠠ ᠪᠠ ᠰᠠᠭᠠᠳ ᠦᠬᠡᠢ ᠭᠡᠷᠡᠭᠯᠡᠭᠡᠨ ᠳᠤ ᠠᠭᠤᠵᠢᠮ ᠣᠷᠴᠢᠨ ᠢ ᠪᠣᠢ ᠪᠣᠯᠭᠠᠭᠰᠠᠨ ᠪᠦ᠋ᠬᠡᠳ ᠪᠣᠰᠣᠳ ᠤᠨ ᠰᠢᠯᠢᠳᠡᠭ ᠢ ᠰᠣᠩᠭᠤᠨ ᠰᠢᠩᠭᠡᠭᠡᠵᠣ᠂ ᠮᠣᠩᠭᠤᠯ ᠵᠣᠬᠢᠶᠠᠯ ᠪᠦᠳᠦᠭᠡᠯ᠂ ᠮᠣᠩᠭᠤᠯ ᠦᠭᠡ ᠭᠡᠯᠨ ᠦᠰᠦᠭ ᠪᠢᠴᠢᠭ ᠤᠨ ᠪᠠᠶᠠᠯᠢᠭ ᠰᠠᠶᠢᠬᠠᠨ ᠢ ᠭᠠᠶᠢᠬᠠᠭᠤᠯᠵᠣ᠂ ᠮᠣᠩᠭᠤᠯ ᠰᠠᠶᠢᠬᠠᠨ ᠰᠣᠶᠣᠯ ᠵᠠᠩᠰᠢᠯ ᠢᠶᠠᠨ ᠲᠠᠶᠠᠭᠠᠷ ᠲᠤ ᠣᠬᠠᠭᠤᠯᠣᠨ ᠲᠠᠨᠢᠭᠤᠯᠬᠤ ᠳᠤ ᠣᠷᠣᠨ ᠵᠠᠢ ᠪᠠ ᠲᠦᠬᠦᠮ ᠨᠦᠬᠦᠴᠡᠯ ᠬᠠᠩᠭᠠᠬᠤ ᠪᠣᠯᠣᠨ᠎ᠠ᠃ ᠪᠠᠭᠠᠷᠢᠨ ᠪᠠᠷᠠᠭᠤᠨ ᠬᠤᠰᠢᠭᠤᠨ ᠤ ᠮᠣᠩᠭᠤᠯ ᠬᠢᠳᠡᠳ ᠭᠡᠯᠡᠨ ᠤ ᠣᠷᠴᠢᠭᠤᠯᠣᠭᠴᠢᠳ ᠤᠨ ᠨᠡᠶᠢᠭᠡᠮᠯᠢᠭ ᠨᠢ ᠮᠣᠩᠭᠤᠯ ᠬᠢᠳᠡᠳ ᠬᠤᠣᠰ ᠭᠡᠯᠡᠨ ᠤ ᠣᠷᠴᠢᠭᠤᠯᠣᠭᠴᠢᠳ ᠲᠠᠭᠠᠨ ᠲᠠᠪᠳᠠᠨ ᠪᠣᠯᠪᠠᠰᠣᠷᠠᠬᠤ᠂ ᠦᠢᠯᠡᠳᠦᠯᠭᠡᠵᠢᠬᠦᠯᠵᠣ ᠲᠡᠭᠡᠭᠰᠢᠯᠡᠬᠦᠯᠬᠦ ᠲᠠᠪᠴᠠᠩ ᠬᠠᠩᠭᠠᠵᠣ᠂ ᠡᠩᠨᠡᠭᠡᠨ ᠤ ᠪᠠᠨ ᠭᠡᠪ ᠴᠢᠨᠡᠷ ᠢ ᠲᠡᠭᠡᠭᠰᠢᠯᠡᠬᠦᠯᠣᠨ ᠦᠷᠭᠡᠳᠭᠡᠵᠣ᠂ ᠪᠣᠰᠣᠳ ᠭᠠᠵᠠᠷ ᠣᠷᠣᠨ ᠤ ᠮᠣᠩᠭᠤᠯ ᠬᠢᠳᠡᠳ ᠭᠡᠯᠡᠨ ᠤ ᠣᠷᠴᠢᠭᠤᠯᠣᠭᠴᠢᠳ ᠤᠨ ᠵᠣᠬᠢᠶᠠᠨ ᠪᠠᠶᠢᠭᠤᠯᠣᠯᠳᠡ ᠪᠠ ᠨᠡᠷ᠎ᠡ ᠨᠦᠯᠦᠭᠡ ᠲᠠᠢ ᠬᠦᠮᠦᠰ ᠯᠦᠭᠡ ᠶᠢᠨ ᠦᠢᠯᠠᠭᠠᠯᠴᠠᠭ᠎ᠠ ᠬᠠᠮᠳᠣᠷᠠᠯᠴᠠᠭ᠎ᠠ ᠶᠢ ᠰᠢᠯᠣᠭᠤᠳᠬᠠᠵᠣ᠂ ᠮᠣᠩᠭᠤᠯ ᠦᠭᠡ ᠭᠡᠯᠨ ᠦᠰᠦᠭ ᠪᠢᠴᠢᠭ ᠤᠨ ᠭᠡᠷᠡᠭᠯᠡᠯᠳᠡ ᠪᠠ ᠪᠠᠶᠢᠷᠢ ᠰᠠᠭᠤᠷᠢ ᠶᠢᠨ ᠪᠠᠬᠢᠵᠢᠯ ᠳᠤ ᠨᠢᠭᠡ ᠮᠦᠷᠦᠨ ᠤ ᠬᠦᠴᠦᠨ ᠪᠣᠯᠬᠤ ᠶᠢ ᠵᠣᠷᠢᠵᠣ ᠪᠠᠶᠢᠨ᠎ᠠ᠃

ᠢᠷᠡᠯᠲᠡ᠄      ᠨᠠᠶᠢᠷᠠᠭᠤᠯᠤᠭᠴᠢ᠄