home
home

    ᠵᠢᠷᠭᠤᠳᠤᠭᠠᠷ ᠬᠤᠭᠤᠴᠠᠭᠠᠨ ᠤ 《ᠲᠤᠮᠳᠡᠳᠦ ᠤᠯᠤᠰ ᠤᠨ ᠤᠮᠠᠷᠡᠳᠦ ᠬᠢᠭᠡᠳ ᠮᠤᠩᠭᠤᠯ ᠪᠠᠶᠢᠭᠠᠯ ᠰᠢᠪᠧᠷᠢᠶ᠎ᠠ ᠤᠷᠤᠨ ᠤ ᠡᠷᠳᠡᠨ ᠤ ᠰᠤᠶᠤᠯ》 ᠋ ᠤᠯᠨᠨ ᠤᠯᠤᠰ ᠤᠨ ᠡᠷᠳᠡᠮ ᠰᠢᠨᠵᠢᠯᠡᠭᠡᠨ ᠤ ᠬᠤᠷᠠᠯ ᠶᠠᠪᠤᠬᠳᠠᠵᠠᠢ

2016-10-01  19:55

ᠤᠯᠤᠰ ᠤᠨ 《ᠨᠢᠭᠡ ᠪᠦᠰᠡ ᠨᠢᠭᠡ ᠵᠠᠮ》 ᠋᠎ ᠤᠨ ᠪᠠᠶᠢᠯᠳᠤᠬᠤ ᠪᠤᠳᠤᠯᠭ᠎ᠠ ᠶᠢᠨ ᠰᠡᠳᠬᠢᠮᠵᠢ ᠶᠢ ᠴᠤᠤᠷᠢᠶᠠᠳᠤᠨ᠂ ᠲᠤᠮᠳᠠᠳᠤ᠂ ᠤᠷᠤᠰ᠂ ᠮᠤᠩᠭᠤᠯ ᠤᠯᠤᠰ ᠤᠨ ᠡᠷᠳᠡᠨ ᠤ ᠰᠤᠶᠤᠯ ᠤᠨ ᠰᠤᠳᠤᠯᠭᠠᠨ ᠪᠠ ᠲᠡᠤᠬᠡ ᠶᠢᠨ ᠰᠤᠳᠤᠯᠭᠠᠨ ᠤ ᠬᠦᠷᠢᠶ᠎ᠡ ᠬᠡᠪᠴᠢᠶ᠎ᠡ ᠳᠠᠬᠢ ᠡᠷᠳᠡᠮ ᠰᠢᠨᠵᠢᠯᠡᠭᠡ ᠶᠢᠨ ᠰᠤᠯᠢᠯᠴᠠᠭ᠎ᠠ ᠪᠠ ᠬᠠᠮᠳᠤᠷᠠᠯᠴᠠᠭ᠎ᠠ ᠪᠠᠨ ᠠᠬᠢᠭᠤᠯᠬᠤ ᠶᠢᠨ ᠲᠦᠯᠦᠭᠡ᠂ 10 ᠰᠠᠷ᠎ᠠ ᠶᠢᠨ 12᠎ ᠤᠨ ᠡᠳᠤᠷ᠂ ᠤᠯᠤᠰ ᠤᠨ ᠰᠤᠶᠤᠯ ᠤᠨ ᠶᠠᠮᠤᠨ ᠤ ᠵᠦᠪᠰᠢᠶᠡᠷᠡᠯ ᠢᠶᠠᠷ ᠦᠪᠤᠷ ᠮᠤᠩᠭᠤᠯ ᠤᠨ ᠮᠦᠽᠸᠢ ᠶᠢᠨ ᠬᠦᠷᠢᠶᠡᠯᠠᠩ ᠪᠤᠯᠤᠨ ᠦᠪᠡᠷᠳᠡᠭᠡᠨ ᠵᠠᠰᠠᠬᠤ ᠤᠷᠤᠨ ᠤ ᠲᠡᠤᠭᠡᠨ ᠲᠤᠷᠡᠰᠬᠠᠯᠳᠦ ᠵᠦᠢᠯᠡᠰ ᠬᠠᠭᠤᠴᠢ ᠰᠤᠳᠤᠯᠤᠯ ᠤᠨ ᠭᠠᠵᠡᠷ ᠬᠠᠮᠳᠤᠷᠡᠨ ᠡᠷᠬᠢᠯᠡᠭᠰᠡᠨ ᠵᠢᠷᠭᠤᠳᠤᠭᠠᠷ ᠬᠤᠭᠤᠴᠠᠭᠠᠨ ᠤ 《ᠲᠤᠮᠳᠡᠳᠦ ᠤᠯᠤᠰ ᠤᠨ ᠤᠮᠠᠷᠡᠳᠦ ᠬᠢᠭᠡᠳ ᠮᠤᠩᠭᠤᠯ · ᠪᠠᠶᠢᠭᠠᠯ · ᠰᠢᠪᠧᠷᠢᠶ᠎ᠠ ᠤᠷᠤᠨ ᠤ ᠡᠷᠳᠡᠨ ᠤ ᠰᠤᠶᠤᠯ》 ᠋ ᠤᠯᠨᠨ ᠤᠯᠤᠰ ᠤᠨ ᠡᠷᠳᠡᠮ ᠰᠢᠨᠵᠢᠯᠡᠭᠡᠨ ᠤ ᠬᠤᠷᠠᠯ ᠬᠦᠬᠡᠬᠤᠳᠠ ᠳᠤ ᠶᠠᠪᠤᠬᠳᠠᠪᠠ᠃

ᠲᠤᠰ ᠤᠯᠠᠨ ᠤᠯᠤᠰ ᠤᠨ ᠡᠷᠳᠡᠮ ᠰᠢᠨᠵᠢᠯᠡᠭᠡᠨ ᠤ ᠬᠤᠷᠡᠯ ᠨᠢ ᠲᠤᠮᠳᠡᠳᠦ ᠤᠷᠤᠰ ᠮᠤᠩᠭᠤᠯ ᠭᠤᠷᠪᠡᠨ ᠤᠯᠤᠰ ᠤᠨ ᠶᠡᠭᠡ ᠰᠤᠷᠭᠠᠭᠤᠯᠢ ᠨᠦᠭᠦᠳ ᠪᠤᠯᠤᠨ ᠰᠤᠳᠤᠯᠭᠠᠨ ᠤ ᠨᠢᠭᠡᠴᠠ ᠬᠠᠮᠳᠤᠷᠡᠨ ᠵᠤᠬᠢᠶᠠᠨ ᠪᠠᠶᠢᠭᠤᠯᠵᠦ ᠡᠬᠡᠯᠵᠢᠯᠡᠨ ᠶᠠᠪᠤᠬᠳᠠᠭᠤᠯᠵᠦ ᠪᠠᠶᠢᠭ᠎ᠠ ᠤᠯᠠᠨ ᠤᠯᠤᠰ ᠤᠨ ᠰᠢᠨᠵᠢᠳᠠᠢ ᠡᠷᠳᠡᠮ ᠰᠢᠨᠵᠢᠯᠡᠭᠡᠨ ᠤ ᠰᠤᠳᠤᠯᠭ᠎ᠠ ᠰᠤᠯᠢᠯᠴᠠᠭᠠᠨ ᠤ ᠬᠤᠷᠡᠯ ᠪᠤᠯᠤᠨ᠎ᠠ᠃ ᠤᠯᠠᠨ ᠲᠦᠷᠦᠯ ᠤᠨ ᠡᠷᠳᠡᠮ ᠰᠢᠨᠵᠢᠯᠡᠭᠡᠨ ᠤ ᠰᠤᠯᠢᠯᠴᠠᠭᠠᠨ ᠤ ᠠᠵᠢᠯᠯᠠᠭ᠎ᠠ ᠶᠠᠪᠤᠬᠳᠠᠭᠤᠯᠬᠤ ᠪᠠᠷ ᠲᠠᠮᠵᠢᠨ᠂ ᠪᠦᠰᠠ ᠤᠷᠤᠨ ᠳᠠᠬᠢ ᠡᠷᠳᠡᠨ ᠤ ᠰᠤᠶᠤᠯ ᠤᠨ ᠰᠤᠳᠤᠯᠭᠠᠨ ᠪᠠ ᠲᠡᠤᠭᠡᠨ ᠲᠤᠷᠡᠰᠬᠠᠯᠳᠦ ᠵᠦᠢᠯᠡᠰ᠂ ᠬᠠᠭᠤᠴᠢ ᠰᠤᠳᠤᠯᠤᠯ ᠤᠨ ᠬᠠᠮᠤᠭ ᠤᠨ ᠰᠢᠨ᠎ᠠ ᠰᠤᠳᠤᠯᠭᠠᠨ ᠤ ᠪᠠᠶᠢᠳᠠᠯ ᠢᠶᠠᠨ ᠰᠤᠯᠢᠯᠴᠠᠳᠠᠭ᠃ ᠡᠬᠦᠨ ᠢᠶᠠᠷ ᠲᠠᠮᠵᠢᠭᠤᠯᠤᠨ ᠤᠯᠤᠰ ᠬᠢᠭᠡᠳ ᠭᠠᠵᠡᠷ ᠤᠷᠤᠨ ᠤ ᠬᠤᠭᠤᠷᠤᠨᠳᠡᠬᠢ ᠰᠤᠶᠤᠯ ᠤᠨ ᠰᠤᠯᠢᠯᠴᠠᠭ᠎ᠠ ᠶᠢ ᠠᠬᠢᠭᠤᠯᠤᠨ ᠨᠢᠬᠳᠠᠷᠠᠭᠤᠯᠵᠦ᠂ ᠠᠽᠢᠶ᠎ᠠ ᠡᠸᠦ᠋ᠷᠤᠫᠡ ᠶᠢᠨ ᠲᠠᠯ᠎ᠠ ᠨᠤᠳᠤᠭ ᠤᠨ ᠡᠷᠳᠡᠨ ᠤ ᠲᠡᠤᠭᠡ ᠰᠤᠶᠤᠯ ᠤᠨ ᠰᠤᠳᠤᠯᠭᠠᠨ ᠢ ᠦᠷᠭᠡᠳᠭᠡᠬᠦ ᠠᠴᠢ ᠬᠤᠯᠪᠤᠬᠳᠠᠯ ᠲᠠᠢ᠃

ᠲᠤᠰ ᠤᠳᠠᠭᠠᠨ ᠤ ᠡᠷᠳᠡᠮ ᠰᠢᠨᠵᠢᠯᠡᠭᠡᠨ ᠤ ᠬᠤᠷᠡᠯ ᠳᠤ ᠲᠤᠮᠳᠡᠳᠦ᠂ ᠤᠷᠤᠰ᠂ ᠮᠤᠩᠭᠤᠯ᠂ ᠭᠧᠷᠮᠠᠨ ᠵᠡᠷᠭᠡ 12 ᠤᠯᠤᠰ ᠤᠨ 100 ᠭᠠᠷᠤᠢ ᠨᠢᠭᠡᠴᠡ ᠶᠢᠨ ᠡᠷᠳᠡᠮᠳᠡᠳ ᠤᠨ 《ᠴᠢᠯᠠᠭᠤᠨ ᠵᠡᠪᠰᠡᠭ ᠤᠨ ᠦᠶ᠎ᠠ》 ᠋᠂ 《ᠬᠠᠳᠡᠨ ᠵᠢᠷᠤᠭ ᠤᠨ ᠰᠤᠳᠤᠯᠤᠯ》 ᠋᠂ 《ᠰᠤᠶᠤᠯ ᠤᠨ ᠦᠪ ᠤᠨ ᠬᠠᠮᠠᠭᠠᠯᠠᠯᠳᠠ ᠪᠠ ᠰᠤᠳᠤᠯᠤᠯ》 ᠋ ᠵᠡᠷᠭᠡ ᠰᠤᠳᠤᠯᠭᠠᠨ ᠤ ᠬᠦᠷᠢᠶᠡᠨ ᠤ 200 ᠭᠠᠷᠤᠢ ᠡᠷᠳᠡᠮ ᠰᠢᠨᠵᠢᠯᠡᠭᠡᠨ ᠤ ᠦᠬᠦᠯᠠᠯ ᠢ ᠬᠤᠷᠢᠶᠡᠨ ᠤᠯᠤᠬᠰᠡᠨ ᠪᠦᠭᠡᠳ 10 ᠭᠠᠷᠤᠢ ᠤᠯᠤᠰ ᠤᠨ ᠡᠷᠳᠡᠮᠳᠡᠳ ᠬᠦᠷᠤᠯᠴᠡᠨ ᠢᠷᠡᠵᠦ ᠡᠷᠳᠡᠮ ᠰᠢᠨᠵᠢᠯᠡᠭᠡᠨ ᠤ ᠢᠯᠡᠳᠭᠡᠯ ᠬᠢᠪᠡ᠃

ᠢᠷᠡᠯᠲᠡ᠄      ᠨᠠᠶᠢᠷᠠᠭᠤᠯᠤᠭᠴᠢ᠄