home
home

    ᠣᠯᠤᠰ ᠤᠨ ᠶᠡᠭᠡ ᠬᠤᠷᠠᠯ ᠤᠨ ᠳᠠᠷᠤᠭ᠎ᠠ ᠴᠢᠭᠤᠯᠭᠠᠨ ᠢ ᠬᠠᠭᠠᠵᠤ ᠦᠭᠡ ᠬᠡᠯᠡᠯ᠎ᠡ ( ᠨᠢᠭᠡ )

2016-10-01  20:12

ᠣᠯᠤᠰ ᠤᠨ ᠶᠡᠭᠡ ᠬᠤᠷᠠᠯ ᠤᠨ ᠬᠠᠪᠤᠷ ᠤᠨ ᠴᠢᠭᠤᠯᠭᠠᠨ ᠪ᠊ ᠰᠡᠭᠦᠯᠴᠢ ᠶᠢᠨ ᠬᠤᠷᠠᠯᠳᠣᠭᠠᠨ ᠪᠣᠯᠪᠡ᠃ ᠬᠤᠷᠠᠯᠳᠣᠭᠠᠨ ᠢᠶᠠᠷ ᠭᠠᠵᠠᠷ ᠤᠨ ᠲᠤᠬᠠᠢ ᠬᠠᠤᠯᠢ᠂ ᠣᠢ ᠶᠢᠨ ᠲᠤᠬᠠᠢ ᠬᠠᠤᠯᠢ᠂ ᠪᠠᠶᠢᠭᠠᠯᠢ ᠣᠷᠴᠢᠨ ᠢ ᠬᠠᠮᠠᠭᠠᠯᠠᠬᠤ ᠲᠤᠬᠠᠢ ᠬᠠᠤᠯᠢ᠂ ᠵᠠᠰᠠᠭ ᠤᠨ ᠭᠠᠵᠠᠷ ᠤᠨ ᠲᠣᠰᠬᠠᠢ ᠰᠠᠩ ᠤᠨ ᠲᠤᠬᠠᠢ ᠬᠠᠤᠯᠢ᠂ ᠲᠠᠩᠨᠠᠭᠤᠯ ᠤᠨ ᠪᠠᠶᠢᠭᠤᠯᠤᠯᠭ᠎ᠠ ᠶᠢᠨ ᠲᠤᠬᠠᠢ ᠬᠠᠤᠯᠢ᠂ ᠦᠨᠳᠦᠰᠦᠨ ᠤ ᠠᠶᠤᠯᠭᠦᠢ ᠪᠠᠶᠢᠳᠠᠯ ᠤᠨ ᠲᠤᠬᠠᠢ ᠬᠠᠤᠯᠢ᠂ ᠵᠡᠪᠰᠡᠭᠲᠣ ᠬᠦᠴᠦᠨ ᠤ ᠲᠤᠬᠠᠢ ᠬᠠᠤᠯᠢ᠂ ᠬᠢᠯᠢ ᠶᠢᠨ ᠲᠤᠬᠠᠢ ᠬᠠᠤᠯᠢ ᠵᠡᠷᠭᠡ ᠬᠠᠣᠯᠢ ᠶᠢᠨ ᠡᠴᠦᠰ ᠤᠨ ᠨᠠᠶᠢᠷᠠᠭᠤᠯᠭ᠎ᠠ ᠶᠢ ᠰᠤᠨᠣᠰᠤᠯ᠎ᠠ᠃ ᠮᠣᠩᠭᠤᠯ ᠣᠯᠤᠰ ᠤᠨ ᠶᠡᠭᠡ ᠬᠤᠷᠠᠯ ᠤᠨ 2015 ᠣᠨ ᠤ ᠬᠠᠪᠤᠷ ᠤᠨ ᠡᠭᠡᠯᠵᠢᠲᠤ ᠴᠢᠭᠤᠯᠭᠠᠨ ᠢ ᠬᠠᠭᠠᠵᠤ ᠣᠯᠤᠰ ᠤᠨ ᠶᠡᠭᠡ ᠬᠤᠷᠠᠯ ᠤᠨ ᠳᠠᠷᠤᠭ᠎ᠠ ᠵ᠊᠂ ᠡᠩᠬᠡᠪᠣᠯᠤᠳ ᠤᠨ ᠬᠡᠯᠡᠭᠰᠡᠨ ᠦᠭᠡ ᠶᠢ ᠬᠦᠷᠭᠡᠶ᠎ᠡ᠄

ᠦᠨᠦᠳᠦᠷ ᠣᠯᠤᠰ ᠤᠨ ᠶᠡᠭᠡ ᠬᠤᠷᠠᠯ ᠤᠨ 2015 ᠣᠨ ᠤ ᠬᠠᠪᠤᠷ ᠤᠨ ᠴᠢᠭᠤᠯᠭᠠᠨ ᠦᠨᠳᠦᠷᠯᠠᠵᠦ ᠪᠠᠶᠢᠨ᠎ᠠ᠃ ᠦᠩᠭᠡᠷᠡᠭᠰᠡᠨ ᠬᠤᠭᠤᠴᠠᠭᠠᠨ ᠳᠤ ᠨᠢᠭᠡᠳᠦᠭᠰᠡᠨ ᠬᠤᠷᠠᠯᠳᠤᠭᠠᠨ ᠢ 33 ᠣᠳᠠᠭ᠎ᠠ᠂ ᠪᠠᠶᠢᠩᠭᠤ ᠶᠢᠨ ᠪᠤᠯᠤᠨ ᠲᠠᠳ᠋ ᠬᠤᠷᠢᠶᠠᠨ ᠤ ᠬᠤᠷᠠᠯᠳᠤᠭᠠᠨ ᠢ ᠲᠠᠪᠬᠤᠷᠳᠠᠭᠰᠠᠨ ᠲᠤᠭ᠎ᠠ ᠪᠠᠷ 196 ᠣᠳᠠᠭ᠎ᠠ ᠬᠢᠵᠦ᠂ ᠪᠡᠶ᠎ᠡ ᠳᠠᠭᠠᠭᠠᠭᠰᠠᠨ ᠬᠠᠤᠯᠢ 20᠂ ᠬᠠᠣᠯᠢ ᠳᠤ ᠨᠡᠮᠡᠯᠲᠡ᠂ ᠦᠭᠡᠷᠡᠴᠢᠯᠡᠯᠲᠡ ᠣᠷᠤᠭᠤᠯᠬᠤ ᠲᠤᠬᠠᠢ ᠬᠠᠤᠯᠢ 64᠂ ᠣᠯᠠᠨ ᠣᠯᠤᠰ ᠤᠨ ᠭᠡᠷ᠎ᠠ᠂ ᠺᠤᠨᠸᠧᠨ᠋ᠼ᠂ ᠵᠢᠭᠡᠯᠡᠯᠭᠡ ᠶᠢᠨ ᠬᠡᠯᠡᠯᠴᠡᠭᠡᠷ ᠰᠤᠶᠤᠷᠬᠠᠨ ᠪᠠᠳᠣᠯᠠᠬᠤ ᠲᠤᠬᠠᠢ ᠬᠠᠤᠯᠢ 16᠂ ᠬᠠᠤᠯᠢ᠂ ᠬᠠᠣᠯᠢ ᠶᠢᠨ ᠬᠡᠰᠡᠭ᠂ ᠵᠦᠢᠯ᠂ ᠵᠢᠭᠠᠯᠳᠠ ᠶᠢ ᠬᠦᠴᠤᠨ ᠦᠭᠡᠢ ᠪᠤᠯᠤᠭᠰᠠᠨ ᠳᠤ ᠲᠣᠭᠠᠴᠢᠬᠤ ᠲᠤᠬᠠᠢ ᠬᠠᠤᠯᠢ 18᠂ ᠣᠯᠤᠰ ᠤᠨ ᠶᠡᠭᠡ ᠬᠤᠷᠠᠯ ᠤᠨ ᠲᠤᠭᠳᠠᠭᠠᠯ 32᠂ ᠪᠠᠶᠢᠩᠭᠤ ᠶᠢᠨ ᠬᠤᠷᠢᠶᠠᠨ ᠤ ᠲᠤᠭᠳᠠᠭᠠᠯ 93᠎ ᠶᠢ ᠲᠤᠰ ᠲᠤᠰ ᠬᠡᠯᠡᠯᠴᠡᠵᠦ ᠪᠠᠲᠤᠯᠠᠯ᠎ᠠ᠃ ᠬᠠᠪᠤᠷ ᠤᠨ ᠴᠢᠭᠤᠯᠭᠠᠨ ᠢᠶᠠᠷ ᠮᠣᠩᠭᠤᠯ ᠣᠯᠤᠰ ᠤᠨ 2016 ᠣᠨ ᠤ ᠲᠦᠰᠦᠪ ᠤᠨ ᠬᠦᠷᠢᠶᠡᠨ ᠤ ᠮᠡᠳᠡᠭᠳᠡᠯ᠂ 2017 — 2018 ᠣᠨ ᠤ ᠲᠦᠰᠦᠪ ᠤᠨ ᠳᠦᠰᠦᠭᠡᠯᠡᠯ ᠤᠨ ᠲᠤᠬᠠᠢ᠂ ᠮᠣᠩᠭᠤᠯ ᠣᠯᠤᠰ ᠤᠨ ᠡᠳ᠋ ᠤᠨ ᠵᠠᠰᠠᠭ᠂ ᠨᠡᠶᠢᠭᠡᠮ ᠢ 2016 ᠣᠨ ᠳᠤ ᠬᠦᠭᠵᠢᠭᠦᠯᠬᠦ ᠦᠨᠳᠦᠰᠦᠨ ᠴᠢᠭᠯᠡᠯ᠂ 《ᠵᠠᠰᠠᠭ ᠤᠨ ᠭᠠᠵᠠᠷ ᠤᠨ ᠦᠷᠢ ᠶᠢᠨ ᠣᠳᠣᠷᠢᠳᠣᠯᠭ᠎ᠠ ᠶᠢᠨ 2016 — 2018 ᠣᠨ ᠤ ᠪᠠᠶᠢᠯᠳᠣᠬᠤ ᠪᠣᠲᠣᠯᠭ᠎ᠠ ᠶᠢᠨ ᠪᠠᠷᠢᠮᠲᠠ ᠪᠢᠴᠢᠭ》 ᠋ ᠪᠤᠯᠤᠨ ᠡᠳ᠋ ᠤᠨ ᠵᠠᠰᠠᠭ᠂ ᠨᠡᠶᠢᠭᠡᠮ᠂ ᠡᠷᠬᠡ ᠵᠦᠢ ᠶᠢᠨ ᠴᠢᠭᠯᠡᠯ ᠤᠨ ᠲᠤᠮᠤᠬᠠᠨ ᠬᠠᠤᠯᠢ ᠨᠤᠭᠤᠳ ᠪᠠᠲᠤᠯᠠᠭᠳᠠᠯ᠎ᠠ᠃ ᠲᠦᠷᠦ ᠠᠴᠠ ᠠᠵᠤ ᠦᠢᠯᠡᠳᠪᠦᠷᠢ᠂ ᠡᠷᠴᠢᠮ ᠬᠦᠴᠦᠨ ᠤ ᠲᠠᠯ᠎ᠠ ᠪᠠᠷ ᠪᠠᠷᠢᠮᠲᠠᠯᠠᠬᠤ ᠪᠤᠳᠤᠯᠭ᠎ᠠ᠂ ᠬᠤᠲᠠ ᠰᠠᠭᠤᠷᠢᠨ ᠭᠠᠵᠠᠷ ᠢ ᠲᠠᠬᠢᠨ ᠬᠦᠭᠵᠢᠭᠦᠯᠬᠦ᠂ ᠦᠢᠯᠡᠳᠪᠦᠷᠢᠯᠡᠯ ᠢ ᠳᠡᠮᠵᠢᠬᠦ ᠲᠤᠬᠠᠢ ᠬᠠᠤᠯᠢ ᠶᠢ ᠰᠢᠨ᠎ᠠ ᠪᠠᠷ ᠪᠠᠲᠣᠯᠠᠵᠣ᠂ ᠲᠦᠷᠦ ᠶᠢᠨ ᠦᠮᠴᠢ ᠶᠢ 2015 — 2016 ᠣᠨ ᠳᠤ ᠬᠤᠪᠢᠴᠢᠯᠠᠬᠤ᠂ ᠦᠬᠡᠷᠡᠴᠢᠯᠡᠨ ᠪᠠᠶᠢᠭᠤᠯᠬᠤ ᠦᠨᠳᠦᠰᠦᠨ ᠴᠢᠭᠯᠡᠯ ᠢ ᠲᠤᠳᠤᠷᠬᠠᠶᠢᠯᠠᠯ᠎ᠠ᠃

ᠦᠨᠳᠦᠰᠦᠨ ᠤ ᠦᠢᠯᠡᠳᠪᠦᠷᠢ ᠰᠲ᠋ᠠᠨᠳᠠᠷᠲ ᠱᠠᠭᠠᠷᠳᠠᠯᠭ᠎ᠠ ᠬᠠᠩᠭᠠᠭᠰᠠᠨ ᠪᠠᠷᠠᠭ᠎ᠠ ᠪᠠᠷ ᠳᠣᠲᠣᠭᠠᠳᠣ ᠶᠢᠨ ᠬᠡᠷᠡᠭᠴᠡᠭᠡ ᠶᠢ ᠬᠠᠩᠭᠠᠬᠤ ᠪᠣᠯᠣᠮᠵᠢᠲᠠᠢ ᠲᠤᠬᠢᠶᠠᠯᠳᠤᠯ ᠳᠤ ᠭᠠᠳᠠᠭᠠᠳᠤ ᠶᠢᠨ ᠪᠠᠷᠠᠭ᠎ᠠ ᠨᠡᠶᠢᠯᠡᠭᠦᠯᠦᠭᠴᠢ ᠶᠢ ᠲᠢᠶᠡᠨᠳᠧᠷ ᠲᠤ ᠰᠢᠯᠭᠠᠷᠠᠭᠤᠯᠬᠤ ᠶᠢ ᠬᠤᠷᠢᠭᠯᠠᠬᠤ᠂ ᠡᠬᠡ ᠣᠷᠤᠨ ᠳᠠᠭᠠᠨ ᠦᠢᠯᠡᠳᠪᠦᠷᠢᠯᠡᠵᠤ ᠪᠠᠶᠢᠭ᠎ᠠ 370 ᠣᠷᠴᠢᠮ ᠨᠡᠷ᠎ᠡ ᠲᠦᠷᠦᠯ ᠤᠨ ᠢᠮᠫᠣᠷᠲ ᠤᠨ ᠪᠠᠷᠠᠭᠠᠨ ᠳᠤ ᠨᠣᠭᠳᠠᠭᠤᠯᠵᠤ ᠪᠠᠶᠢᠭᠰᠠᠨ 5 ᠬᠤᠪᠢ ᠶᠢᠨ ᠭᠠᠶᠢᠯᠢ ᠶᠢᠨ ᠠᠯᠪᠠᠨ ᠲᠠᠳᠠᠪᠤᠷᠢ ᠶᠢ 20 ᠬᠦᠷᠳᠡᠯ᠎ᠡ ᠬᠤᠪᠢ ᠪᠠᠷ ᠨᠡᠮᠡᠭᠳᠡᠭᠦᠯᠬᠦ᠂ ᠲᠦᠭᠦᠬᠡᠢ ᠪᠤᠯᠤᠨ ᠠᠩᠬᠠᠨ ᠱᠠᠲᠤᠨ ᠤ ᠪᠤᠯᠪᠠᠰᠤᠷᠠᠭᠤᠯᠤᠯᠳᠠ ᠬᠢᠭᠰᠡᠨ ᠪᠦᠲᠦᠭᠡᠭᠳᠡᠬᠦᠨ ᠢ ᠭᠠᠳᠠᠭᠠᠳᠦ ᠳᠤ ᠭᠠᠷᠭᠠᠬᠤ ᠳᠤ ᠨᠡᠮᠡᠭᠳᠡᠭᠰᠡᠨ ᠦᠷᠲᠡᠭ ᠤᠨ ᠠᠯᠪᠠᠨ ᠲᠠᠲᠠᠪᠤᠷᠢ ᠲᠦᠯᠦᠳᠡᠭ ᠪᠣᠯᠭᠠᠬᠤ ᠦᠭᠡᠷᠡᠴᠢᠯᠡᠯᠲᠡ ᠶᠢ ᠬᠤᠯᠪᠤᠭᠳᠠᠬᠤ ᠬᠠᠤᠯᠢ ᠨᠤᠭᠤᠳ ᠲᠤ ᠬᠢᠵᠦ᠂ ᠳᠣᠲᠣᠭᠠᠳᠣ ᠶᠢᠨ ᠣᠶᠢᠯᠠᠳᠪᠦᠷᠢ ᠠᠴᠠ ᠬᠤᠳᠠᠯᠳᠤᠨ ᠠᠪᠬᠤ ᠪᠠᠷᠠᠭᠠᠨ ᠤ ᠵᠢᠭᠰᠠᠭᠠᠯᠳᠠ ᠶᠢ ᠪᠠᠳᠣᠯᠠᠬᠤ᠂ ᠭᠠᠶᠢᠯᠢ ᠶᠢᠨ ᠠᠯᠪᠠᠨ ᠲᠠᠳᠠᠪᠣᠷᠢ ᠶᠢᠨ ᠬᠤᠪᠢ ᠬᠡᠮᠵᠢᠶ᠎ᠠ ᠶᠢ ᠪᠠᠷᠠᠭᠠᠨ ᠤ ᠣᠨᠴᠠᠯᠢᠭ ᠢ ᠬᠠᠷᠠᠭᠠᠯᠵᠠᠨ ᠲᠣᠭᠲᠠᠭᠠᠬᠤ ᠡᠷᠬᠡ ᠶᠢ ᠵᠠᠰᠠᠭ ᠤᠨ ᠭᠠᠵᠠᠷ ᠲᠤ ᠣᠯᠭᠤᠯ᠎ᠠ᠃ ᠢᠩᠬᠢᠭᠰᠡᠨ ᠢᠶᠠᠷ ᠲᠦᠭᠦᠬᠡᠢ ᠪᠤᠯᠤᠨ ᠦᠷᠲᠡᠭ ᠪᠠᠭ᠎ᠠ ᠰᠢᠩᠭᠡᠭᠰᠡᠨ ᠪᠦᠲᠦᠭᠡᠭᠳᠡᠬᠦᠨ ᠢ ᠭᠠᠳᠠᠭᠰᠢ ᠪᠠᠨ ᠭᠠᠷᠭᠠᠬᠤ ᠣᠷᠤᠰᠬᠠᠯ ᠢ ᠬᠢᠵᠠᠭᠠᠷᠯᠠᠵᠦ᠂ ᠳᠣᠲᠣᠭᠠᠳᠣ ᠶᠢᠨ ᠦᠢᠯᠡᠳᠪᠦᠷᠢᠯᠡᠭᠴᠢᠳ᠂ ᠢᠷᠭᠡᠳ ᠢᠶᠠᠨ ᠳᠡᠮᠵᠢᠬᠦ ᠨᠦᠬᠦᠴᠡᠯ ᠪᠦᠷᠢᠳᠴᠤ ᠪᠠᠶᠢᠨ᠎ᠠ᠃ ᠲᠡᠭᠦᠨᠴᠢᠯᠡᠨ ᠨᠡᠮᠡᠭᠳᠡᠭᠰᠡᠨ ᠦᠷᠲᠡᠭ ᠤᠨ ᠠᠯᠪᠠᠨ ᠲᠠᠳᠠᠪᠣᠷᠢ ᠶᠢᠨ 10 ᠰᠠᠶ᠎ᠠ ᠶᠢᠨ ᠪᠣᠱᠤᠭ᠎ᠠ ᠶᠢ 50 ᠰᠠᠶ᠎ᠠ ᠲᠦᠭᠦᠷᠢᠭ ᠪᠣᠯᠭᠠᠨ ᠨᠡᠮᠡᠭᠳᠡᠭᠦᠯᠵᠦ᠂ ᠨᠡᠮᠡᠭᠳᠡᠭᠰᠡᠨ ᠦᠷᠲᠡᠭ ᠤᠨ ᠠᠯᠪᠠᠨ ᠲᠠᠲᠠᠪᠤᠷᠢ ᠲᠦᠯᠦᠭᠴᠢ ᠢᠷᠭᠡᠨ ᠳᠤ ᠬᠤᠳᠠᠯᠳᠤᠨ ᠠᠪᠤᠯᠳᠠ ᠳᠤ ᠪᠠᠨ ᠲᠦᠯᠣᠭ᠍ᠰᠡᠨ ᠨᠡᠮᠡᠭᠳᠡᠭᠰᠡᠨ ᠦᠷᠲᠡᠭ ᠤᠨ ᠠᠯᠪᠠᠨ ᠳᠠᠲᠠᠪᠣᠷᠢ ᠶᠢᠨ 2 ᠬᠦᠷᠳᠡᠯ᠎ᠡ ᠬᠤᠪᠢ ᠶᠢ ᠪᠤᠴᠠᠭᠠᠨ ᠣᠯᠭᠤᠬᠤ ᠪᠠᠷ ᠪᠣᠯᠣᠯ᠎ᠠ᠃

ᠢᠷᠡᠯᠲᠡ᠄      ᠨᠠᠶᠢᠷᠠᠭᠤᠯᠤᠭᠴᠢ᠄