home
home

    ᠣᠯᠤᠰ ᠤᠨ ᠶᠡᠭᠡ ᠬᠤᠷᠠᠯ ᠤᠨ ᠳᠠᠷᠤᠭ᠎ᠠ ᠴᠢᠭᠤᠯᠭᠠᠨ ᠢ ᠬᠠᠭᠠᠵᠤ ᠦᠭᠡ ᠬᠡᠯᠡᠯ᠎ᠡ ( ᠬᠤᠶᠠᠷ )

2016-10-01  20:20

ᠲᠦᠷᠦ ᠶᠢᠨ ᠦᠮᠴᠢ ᠶᠢ 2015 — 2016 ᠣᠨ ᠳᠤ ᠬᠤᠪᠢᠴᠢᠯᠠᠬᠤ᠂ ᠦᠬᠡᠷᠡᠴᠢᠯᠡᠨ ᠪᠠᠶᠢᠭᠤᠯᠬᠤ ᠦᠨᠳᠦᠰᠦᠨ ᠴᠢᠭᠯᠡᠯ ᠪᠠᠳᠤᠯᠠᠭᠳᠠᠭᠰᠠᠨ ᠲᠠᠢ ᠬᠤᠯᠪᠤᠭᠳᠠᠭᠤᠯᠣᠨ ᠠᠵᠤ ᠠᠬᠤᠢ ᠶᠢᠨ ᠲᠤᠮᠤᠬᠠᠨ ᠨᠢᠭᠡᠴᠡ ᠨᠦᠭᠦᠳ ᠢ ᠬᠤᠪᠢᠴᠢᠯᠠᠬᠤ ᠶᠠᠪᠤᠴᠠ ᠳᠤ ᠬᠦᠷᠦᠩᠭᠡ ᠶᠢᠨ ᠪᠢᠷᠵᠢ ᠪᠠᠷ ᠬᠤᠪᠢᠴᠢᠯᠠᠬᠤ ᠠᠵᠢᠯᠯᠠᠭᠠᠨ ᠳᠤ ᠵᠠᠰᠠᠭ ᠤᠨ ᠭᠠᠵᠠᠷ ᠣᠨᠴᠠᠭᠠᠢ ᠠᠩᠬᠠᠷᠴᠦ ᠬᠤᠯᠪᠤᠭᠳᠠᠬᠤ ᠪᠠᠶᠢᠭᠤᠯᠤᠯᠭ᠎ᠠ ᠨᠤᠭᠤᠳ ᠤᠨ ᠦᠢᠯᠡ ᠠᠵᠢᠯᠯᠠᠭ᠎ᠠ ᠶᠢ ᠣᠨᠣᠪᠴᠢᠲᠠᠢ ᠵᠤᠬᠢᠶᠠᠨ ᠪᠠᠶᠢᠭᠤᠯᠬᠤ ᠬᠡᠷᠡᠭᠲᠡᠢ᠃

ᠬᠤᠲᠠ ᠰᠠᠭᠤᠷᠢᠨ ᠭᠠᠵᠠᠷ ᠢ ᠲᠠᠬᠢᠨ ᠬᠦᠭᠵᠢᠭᠦᠯᠬᠦ ᠲᠤᠬᠠᠢ ᠬᠠᠤᠯᠢ ᠪᠠᠳᠤᠯᠠᠭᠳᠠᠵᠤ᠂ ᠣᠯᠠᠭᠠᠨᠪᠠᠭᠠᠲᠣᠷ ᠬᠤᠲᠠ ᠠᠷᠢᠬᠢ᠂ ᠲᠠᠮᠠᠬᠢ᠂ ᠵᠣᠴᠢᠳ ᠪᠠᠭᠤᠳᠠᠯ ᠤᠨ ᠵᠢᠵᠢᠭᠯᠡᠩ ᠤᠨ ᠪᠤᠷᠤᠯᠠᠭᠤᠯᠤᠯᠳᠠ ᠠᠴᠠ ᠢᠷᠭᠡᠨ ᠤ ᠲᠦᠯᠦᠭᠡᠯᠡᠭᠴᠢᠳ ᠤᠨ ᠬᠤᠷᠠᠯ ᠤᠨ ᠲᠤᠭᠳᠠᠭᠠᠭᠰᠠᠨ ᠬᠤᠪᠢ ᠪᠠᠷ ᠲᠠᠲᠠᠪᠤᠷᠢ ᠠᠪᠬᠤ ᠬᠠᠣᠯᠢ ᠲᠠᠢ ᠪᠣᠯᠣᠭᠰᠠᠨ ᠢᠶᠠᠷ ᠭᠡᠷ ᠬᠤᠷᠤᠭᠠᠯᠠᠯ ᠤᠨ ᠲᠠᠬᠢᠨ ᠲᠦᠯᠦᠪᠯᠡᠯᠲᠡ ᠶᠢᠨ ᠬᠦᠷᠢᠶᠡᠨ ᠳᠤ ᠢᠨᠵᠧᠨᠧᠷ ᠪᠤᠯᠤᠨ ᠨᠡᠶᠢᠭᠡᠮ ᠤᠨ ᠲᠠᠳ᠋ ᠪᠦᠲᠦᠴᠡ᠂ ᠣᠷᠤᠨ ᠰᠠᠭᠤᠴᠠ᠂ ᠨᠡᠶᠢᠲᠡ ᠪᠠᠷ ᠠᠰᠢᠭᠯᠠᠬᠤ ᠪᠠᠷᠢᠯᠭ᠎ᠠ ᠪᠠᠶᠢᠭᠤᠯᠤᠮᠵᠢ ᠶᠢ ᠰᠢᠨ᠎ᠠ ᠪᠠᠷ ᠪᠠᠶᠢᠭᠤᠯᠬᠤ᠂ ᠣᠷᠤᠨ ᠨᠣᠲᠤᠭ ᠤᠨ ᠲᠦᠰᠦᠪ ᠢ ᠪᠦᠷᠢᠳᠦᠭᠦᠯᠬᠦ᠂ ᠲᠦᠪᠯᠡᠷᠡᠯ ᠢ ᠰᠠᠭᠠᠷᠠᠭᠤᠯᠬᠤ᠂ ᠣᠷᠤᠨ ᠨᠣᠲᠤᠭ ᠠᠴᠠ ᠨᠡᠶᠢᠰᠯᠡᠯ ᠬᠤᠲᠠ ᠣᠷᠣᠭᠤ ᠴᠢᠭᠯᠡᠭᠰᠡᠨ ᠬᠦᠮᠦᠨ ᠠᠮᠠ ᠶᠢᠨ ᠰᠢᠯᠵᠢᠯᠳᠠ ᠬᠦᠳᠡᠯᠭᠡᠭᠡᠨ ᠢ ᠡᠳ᠋ ᠤᠨ ᠵᠠᠰᠠᠭ ᠤᠨ ᠠᠷᠭ᠎ᠠ ᠪᠠᠷ ᠬᠢᠵᠠᠭᠠᠷᠯᠠᠬᠤ ᠡᠷᠬᠡ ᠵᠦᠢ ᠶᠢᠨ ᠣᠷᠴᠢᠨ ᠪᠦᠷᠢᠳᠴᠤ ᠪᠠᠶᠢᠨ᠎ᠠ᠃

《ᠲᠦᠷᠦ ᠠᠴᠠ ᠲᠡᠳᠭᠦᠪᠦᠷᠢ ᠶᠢᠨ ᠰᠢᠨᠡᠴᠢᠯᠡᠯ ᠤᠨ ᠲᠠᠯ᠎ᠠ ᠪᠠᠷ ᠪᠠᠷᠢᠮᠲᠠᠯᠠᠬᠤ ᠪᠤᠳᠤᠯᠭ᠎ᠠ ᠪᠠᠳᠣᠯᠠᠬᠤ ᠲᠤᠬᠠᠢ》 ᠋ ᠣᠯᠤᠰ ᠤᠨ ᠶᠡᠭᠡ ᠬᠤᠷᠠᠯ ᠤᠨ ᠲᠤᠭᠳᠠᠭᠠᠯ᠂ 《ᠲᠡᠳᠭᠦᠪᠦᠷᠢ ᠶᠢᠨ ᠳᠠᠭᠠᠳᠬᠠᠯ ᠤᠨ ᠰᠢᠮᠡᠳᠭᠡᠯ ᠤᠨ ᠨᠡᠷ᠎ᠡ ᠶᠢᠨ ᠲᠠᠩᠰᠠᠨ ᠤ ᠲᠤᠬᠠᠢ ᠬᠠᠣᠯᠢ ᠳᠤ ᠨᠡᠮᠡᠯᠲᠡ ᠣᠷᠤᠭᠤᠯᠬᠤ ᠲᠤᠬᠠᠢ》 ᠋᠂ 《ᠬᠡᠣᠬᠡᠳ ᠬᠠᠷᠠᠬᠤ ᠣᠶᠢᠯᠡᠴᠢᠯᠡᠭᠡᠨ ᠤ ᠲᠤᠬᠠᠢ》 ᠋ ᠬᠠᠤᠯᠢ ᠪᠠᠳᠤᠯᠠᠭᠳᠠᠭᠰᠠᠨ ᠢᠶᠠᠷ ᠣᠯᠠᠨ ᠲᠠᠪᠬᠤᠷᠭᠠᠳᠤ ᠲᠡᠳᠭᠦᠪᠦᠷᠢ ᠶᠢᠨ ᠲᠣᠭᠲᠠᠯᠴᠠᠭ᠎ᠠ ᠶᠢ ᠨᠡᠪᠳᠡᠷᠡᠭᠦᠯᠵᠦ᠂ ᠠᠬᠠᠮᠠᠳ ᠨᠠᠰᠤᠳᠠᠨ ᠤ ᠲᠡᠳᠬᠦᠪᠦᠷᠢ ᠶᠢ ᠣᠷᠳᠤ ᠬᠤᠭᠤᠴᠠᠭᠠᠨ ᠳᠤ ᠲᠣᠭᠳᠠᠪᠤᠷᠢᠲᠠᠢ ᠣᠯᠭᠤᠬᠤ᠂ ᠲᠡᠳᠭᠦᠪᠦᠷᠢ ᠶᠢᠨ ᠳᠠᠭᠠᠳᠬᠠᠯ ᠬᠠᠮᠤᠷᠬᠤ ᠬᠦᠷᠢᠶ᠎ᠡ ᠶᠢ ᠦᠷᠭᠡᠳᠬᠡᠬᠦ᠂ ᠲᠦᠷᠦ ᠠᠴᠠ ᠦᠵᠡᠭᠦᠯᠵᠦ ᠪᠤᠢ ᠨᠡᠶᠢᠭᠡᠮ ᠤᠨ ᠦᠢᠯᠡᠴᠢᠯᠡᠭᠡ ᠶᠢ ᠬᠡᠣᠬᠡᠳ ᠪᠦᠷᠢ ᠳᠤ ᠲᠡᠭᠰᠢ᠂ ᠬᠦᠷᠲᠡᠭᠡᠮᠵᠢ ᠲᠠᠢ ᠬᠦᠷᠭᠡᠬᠦ ᠡᠷᠬᠡ ᠵᠦᠢ ᠶᠢᠨ ᠵᠤᠬᠢᠴᠠᠭᠤᠯᠤᠯᠳᠠ  ᠶᠢ ᠬᠢᠵᠦ ᠴᠢᠳᠠᠯ᠎ᠠ᠃

ᠵᠠᠬᠢᠷᠭᠠᠨ ᠤ ᠪᠠᠶᠢᠭᠤᠯᠤᠯᠭ᠎ᠠ ᠶᠢᠨ ᠰᠠᠭᠤᠷᠢ ᠬᠠᠤᠯᠢ ᠪᠤᠯᠬᠤ 《ᠵᠠᠬᠢᠷᠭᠠᠨ ᠤ ᠶᠡᠷᠦᠩᠬᠡᠢ ᠬᠠᠤᠯᠢ》 ᠋᠂ 《ᠨᠡᠶᠢᠲᠡ ᠶᠢᠨ ᠰᠤᠨᠣᠰᠬᠠᠯ ᠤᠨ ᠲᠤᠬᠠᠢ》 ᠋ ᠬᠠᠤᠯᠢ ᠶᠢ ᠪᠠᠳᠤᠯᠠᠭᠰᠠᠨ ᠢᠶᠠᠷ ᠲᠦᠷᠦ ᠶᠢᠨ ᠦᠢᠯᠡ ᠠᠵᠢᠯᠯᠠᠭ᠎ᠠ ᠶᠢ ᠨᠢᠭᠡᠳᠦᠭᠰᠡᠨ ᠰᠲ᠋ᠠᠨᠳᠠᠷᠲ᠂ ᠵᠢᠱᠢᠭ  ᠲᠤ ᠣᠷᠣᠭᠤᠯᠵᠣ᠂ ᠢᠯᠡ ᠲᠣᠳᠣ᠂ ᠨᠡᠭᠡᠭᠡᠯᠳᠠ ᠲᠠᠢ᠂ ᠬᠠᠷᠢᠭᠤᠴᠠᠯᠭ᠎ᠠ ᠲᠠᠢ ᠪᠣᠯᠭᠠᠬᠤ᠂ ᠲᠦᠷᠦ ᠶᠢᠨ ᠪᠤᠳᠤᠯᠭ᠎ᠠ ᠪᠣᠯᠪᠠᠰᠣᠷᠠᠭᠤᠯᠬᠤ᠂ ᠬᠡᠯᠡᠯᠴᠡᠬᠦ᠂ ᠰᠢᠢᠳᠪᠦᠷᠢ ᠭᠠᠷᠭᠠᠬᠤ ᠲᠦᠪᠰᠢᠨ ᠳᠤ ᠢᠷᠭᠡᠳ᠂ ᠣᠯᠠᠨ ᠨᠡᠶᠢᠲᠡ ᠶᠢ ᠦᠷᠭᠡᠨ ᠢᠶᠠᠷ ᠣᠷᠤᠯᠴᠠᠵᠤ ᠲᠦᠷᠦ ᠶᠢᠨ ᠪᠤᠳᠤᠯᠭ᠎ᠠ᠂ ᠰᠢᠢᠳᠪᠦᠷᠢ ᠳᠤ ᠰᠠᠨᠠᠯ ᠢᠶᠠᠨ ᠲᠤᠰᠬᠠᠭᠤᠯᠬᠤ ᠪᠣᠳᠠᠲᠦ ᠪᠤᠯᠤᠮᠵᠢ ᠶᠢ ᠨᠡᠭᠡᠭᠡᠵᠣ ᠦᠭᠭᠦᠯ᠎ᠡ᠃

ᠰᠡᠭᠦᠯ ᠤᠨ ᠵᠢᠯ ᠤᠳ ᠲᠤ ᠰᠤᠭᠲᠤᠭᠤ ᠪᠠᠷ ᠲᠡᠭᠡᠭᠡᠪᠦᠷᠢ ᠶᠢᠨ ᠬᠡᠷᠡᠭᠰᠡᠯ ᠵᠢᠯᠤᠭᠤᠳᠤᠭᠰᠠᠨ ᠡᠳᠡᠭᠡᠳ ᠤᠨ ᠪᠣᠷᠣᠭᠤ ᠠᠴᠠ ᠣᠯᠠᠨ ᠮᠢᠩᠭᠠᠨ ᠬᠦᠮᠦᠨ ᠠᠮᠢ ᠨᠠᠰᠤ ᠪᠠᠨ ᠠᠯᠳᠠᠵᠦ᠂ ᠭᠡᠮᠳᠦᠵᠦ ᠪᠡᠷᠳᠡᠭᠰᠡᠨ ᠠᠴᠠ ᠬᠦᠳᠡᠯᠮᠦᠷᠢ ᠶᠢᠨ ᠴᠢᠳᠠᠪᠣᠷᠢ ᠪᠠᠨ ᠠᠯᠳᠠᠵᠦ ᠪᠠᠶᠢᠨ᠎ᠠ᠃ ᠣᠯᠤᠰ ᠤᠨ ᠶᠡᠭᠡ ᠬᠤᠷᠠᠯ 《ᠵᠠᠮ ᠤᠨ ᠬᠦᠳᠡᠯᠭᠡᠭᠡᠨ ᠤ ᠠᠶᠤᠯᠭᠦᠢ ᠪᠠᠶᠢᠳᠠᠯ ᠤᠨ ᠲᠤᠬᠠᠢ》 ᠋ ᠬᠠᠤᠯᠢ ᠶᠢ ᠰᠢᠨᠡᠴᠢᠯᠡᠨ ᠪᠠᠲᠣᠯᠠᠵᠣ᠂ ᠰᠤᠭᠲᠤᠭᠤ ᠪᠠᠷ ᠲᠡᠭᠡᠭᠡᠪᠦᠷᠢ ᠶᠢᠨ ᠬᠡᠷᠡᠭᠰᠡᠯ ᠵᠢᠯᠤᠭᠤᠳᠪᠠᠯ 384 ᠮᠢᠩᠭᠠᠨ ᠲᠦᠭᠦᠷᠢᠭ ᠢᠶᠠᠷ ᠲᠤᠷᠭᠠᠵᠤ᠂ ᠵᠢᠯᠤᠭᠤᠳᠬᠤ ᠡᠷᠬᠡ ᠶᠢ 6 ᠰᠠᠷ᠎ᠠ ᠠᠴᠠ 2 ᠵᠢᠯ ᠬᠦᠷᠳᠡᠯ᠎ᠡ ᠬᠤᠭᠤᠴᠠᠭ᠎ᠠ ᠪᠠᠷ ᠬᠠᠰᠣᠬᠤ᠂ ᠳᠡᠭᠡᠷᠡᠬᠢ ᠦᠢᠯᠡᠳᠦᠯᠭᠡ ᠶᠢ ᠳᠠᠪᠳᠠᠨ ᠦᠢᠯᠡᠳᠪᠡᠯ 384 — 768 ᠮᠢᠩᠭᠠᠨ ᠲᠦᠭᠦᠷᠢᠭ ᠢᠶᠠᠷ ᠲᠤᠷᠭᠠᠵᠤ᠂ 30 ᠬᠤᠨᠤᠭ ᠪᠠᠷᠢᠪᠴᠢᠯᠠᠵᠤ᠂ ᠵᠢᠯᠤᠭᠤᠨ ᠤ ᠡᠷᠬᠡ ᠶᠢ 3 ᠵᠢᠯ ᠬᠦᠷᠳᠡᠯ᠎ᠡ ᠬᠤᠭᠤᠴᠠᠭ᠎ᠠ ᠪᠠᠷ ᠬᠠᠰᠤᠬᠤ ᠪᠠᠷ ᠪᠣᠯᠣᠯ᠎ᠠ᠃ ᠴᠢᠨᠠᠭᠰᠢᠳᠠ ᠰᠢᠨ᠎ᠠ ᠪᠠᠷ ᠭᠠᠷᠬᠤ ᠡᠷᠡᠭᠦᠦ ᠶᠢᠨ ᠬᠠᠣᠯᠢ ᠳᠤ ᠳᠠᠪᠳᠠᠨ ᠦᠢᠯᠡᠳᠦᠭᠰᠡᠨ ᠲᠤᠬᠢᠶᠠᠯᠳᠤᠯ ᠳᠤ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠵᠤ ᠬᠤᠷᠢᠬᠤ ᠶᠠᠯ᠎ᠠ ᠲᠠᠢ ᠪᠤᠯᠭᠠᠬᠤ ᠪᠠᠷ ᠲᠦᠯᠦᠪᠯᠡᠵᠣ ᠪᠠᠶᠢᠨ᠎ᠠ᠃

ᠵᠠᠰᠠᠭ ᠤᠨ ᠭᠠᠵᠠᠷ ᠤᠨ ᠪᠦᠲᠦᠴᠡ᠂ ᠵᠤᠬᠢᠶᠠᠨ ᠪᠠᠶᠢᠭᠤᠯᠤᠯᠲᠠ ᠦᠭᠡᠷᠡᠴᠢᠯᠡᠭᠳᠡᠬᠦ ᠪᠦᠷᠢ ᠳᠤ ᠪᠦᠲᠦᠴᠡ ᠶᠢᠨ ᠦᠭᠡᠷᠡᠴᠢᠯᠡᠯᠲᠡ ᠨᠡᠷ᠎ᠡ ᠪᠠᠷ ᠲᠦᠷᠦ ᠶᠢᠨ ᠠᠯᠪᠠᠨ ᠬᠠᠭᠠᠭᠴᠢᠳ ᠢ ᠠᠵᠢᠯ ᠠᠴᠠ ᠴᠢᠯᠦᠭᠡᠯᠡᠳᠡᠭ᠂ ᠬᠠᠯᠠᠳᠠᠭ ᠪᠤᠷᠤᠭᠤ ᠵᠢᠱᠢᠭ ᠲᠤᠭᠲᠠᠭᠰᠠᠨ ᠢᠶᠠᠷ ᠲᠦᠷᠦ ᠶᠢᠨ ᠠᠯᠪᠠᠨ ᠬᠠᠭᠠᠭᠴᠢᠳ ᠤᠨ ᠳᠠᠷᠬᠠᠯᠠᠭ᠎ᠠ ᠰᠣᠯᠠᠷᠠᠵᠣ᠂ ᠪᠣᠯᠪᠠᠰᠣᠨ ᠬᠦᠴᠦᠨ ᠤ ᠴᠢᠳᠠᠪᠬᠢ ᠳᠣᠷᠣᠶᠢᠲᠠᠵᠦ ᠪᠠᠶᠢᠨ᠎ᠠ᠃ ᠡᠨᠡ ᠪᠤᠷᠤᠭᠤ ᠵᠢᠱᠢᠭ ᠢ ᠳᠠᠰᠤᠯᠤᠨ ᠵᠤᠭᠰᠤᠭᠠᠬᠤ ᠶᠢᠨ ᠲᠤᠯᠠᠳᠠ ᠬᠡᠳᠦᠬᠡᠨ ᠬᠤᠨᠤᠭ ᠤᠨ ᠡᠮᠦᠨ᠎ᠡ ᠮᠣᠩᠭᠤᠯ ᠣᠯᠤᠰ ᠤᠨ ᠶᠡᠷᠦᠩᠬᠡᠶᠢᠯᠡᠭᠴᠢ ᠵᠢᠨ‌ᠡᠷᠭᠦᠨ ᠪᠠᠷᠢᠭᠰᠠᠨ ᠲᠦᠷᠦ ᠶᠢᠨ ᠠᠯᠪᠠᠨ ᠤ ᠲᠤᠬᠠᠢ ᠬᠠᠣᠯᠢ ᠶᠢᠨ ᠰᠢᠨᠡᠴᠢᠯᠡᠭᠰᠡᠨ ᠨᠠᠶᠢᠷᠠᠭᠤᠯᠭ᠎ᠠ ᠶᠢᠨ ᠲᠦᠰᠣᠯ  ᠢ ᠣᠯᠤᠰ ᠤᠨ ᠶᠡᠭᠡ ᠬᠤᠷᠠᠯ ᠬᠡᠯᠡᠯᠴᠡᠬᠦ ᠪᠠᠷ ᠪᠣᠯᠣᠯ᠎ᠠ᠃

ᠡᠷᠬᠢᠮ ᠭᠡᠰᠢᠭᠦᠳ ᠡ᠂ ᠤᠭ᠍ᠶᠤᠲᠤᠯᠤᠭᠠᠢ ᠶᠢᠨ ᠣᠷᠳᠤ ᠶᠢ ᠠᠰᠢᠭᠯᠠᠬᠤ ᠠᠰᠠᠭᠤᠳᠠᠯ ᠢᠶᠠᠷ ᠣᠯᠤᠰ ᠤᠨ ᠶᠡᠭᠡ ᠬᠤᠷᠠᠯ ᠬᠤᠯᠪᠤᠭᠳᠠᠬᠤ ᠰᠶᠢᠳᠪᠤᠷᠢ ᠶᠢ ᠭᠠᠷᠭᠠᠭᠰᠠᠨ᠃ ᠤᠭ᠍ᠶᠤᠲᠤᠯᠤᠭᠠᠢ ᠶᠢᠨ ᠣᠷᠳᠤ ᠡᠳ᠋ ᠤᠨ ᠵᠠᠰᠠᠭ ᠤᠨ ᠡᠷᠭᠢᠯᠳᠠ ᠳᠤ ᠣᠷᠤᠵᠤ᠂ ᠪᠦᠲᠦᠭᠡᠭᠳᠡᠬᠦᠨ ᠢᠶᠠᠨ ᠡᠺᠰᠫᠣᠷᠲᠯᠠᠵᠤ ᠪᠠᠶᠢᠨ᠎ᠠ᠃ ᠮᠣᠩᠭᠤᠯ ᠣᠯᠤᠰ ᠤᠨ ᠵᠠᠰᠠᠭ ᠤᠨ ᠭᠠᠵᠠᠷ ᠤᠭ᠍ᠶᠤᠲᠤᠯᠤᠭᠠᠢ ᠶᠢᠨ ᠲᠠᠯᠳᠠ ᠠᠭᠤᠷᠬᠠᠢ ᠶᠢ ᠠᠰᠢᠭᠯᠠᠬᠤ ᠲᠦᠯᠦᠪᠯᠡᠭᠡ ᠶᠢ ᠬᠦᠷᠦᠩᠭᠡ ᠣᠷᠤᠭᠤᠯᠤᠭᠴᠢ ᠲᠠᠢ ᠬᠠᠮᠲᠣᠷᠠᠨ ᠪᠠᠳᠣᠯᠠᠭᠰᠠᠨ ᠨᠢ ᠵᠠᠬ᠎ᠠ ᠵᠡᠭᠡᠯᠢ ᠳᠤ ᠡᠶᠡᠷᠬᠦ ᠳᠣᠬᠢᠶ᠎ᠠ ᠦᠭᠭᠦᠯ᠎ᠡ᠃ ᠣᠳᠤ ᠤᠭ᠍ᠶᠤᠲᠤᠯᠤᠭᠠᠢ ᠶᠢᠨ ᠲᠠᠯᠳᠠ ᠠᠭᠤᠷᠬᠠᠢ ᠶᠢ ᠠᠰᠢᠭᠯᠠᠬᠤ ᠬᠦᠷᠦᠩᠭᠡ ᠣᠷᠣᠭᠤᠯᠣᠯᠲᠠ ᠶᠢ ᠮᠣᠩᠭᠤᠯ ᠣᠯᠤᠰ ᠬᠦᠯᠢᠶᠡᠵᠦ ᠪᠠᠶᠢᠨ᠎ᠠ᠃

ᠢᠷᠡᠯᠲᠡ᠄      ᠨᠠᠶᠢᠷᠠᠭᠤᠯᠤᠭᠴᠢ᠄