home
home

    《ᠡᠷᠳᠡᠨᠢ ᠶᠢᠨ ᠳᠣᠪᠴᠢ》 ᠋ ᠠᠩᠬᠠᠳᠠᠭᠴᠢ ᠮᠦᠩᠭᠦᠨ ᠭᠦᠢᠯᠭᠡᠭᠡᠨ ᠤ ᠲᠡᠷᠢᠭᠦᠴᠦᠳ ᠤᠨ ᠶᠠᠷᠢᠯᠴᠠᠭᠠᠨ ᠤ ᠳᠠᠪᠴᠠᠩ

2016-10-01  20:40

《ᠡᠷᠳᠡᠨᠢ ᠶᠢᠨ ᠳᠣᠪᠴᠢ》 ᠋ ᠠᠩᠬᠠᠳᠠᠭᠴᠢ 《ᠨᠢᠭᠡ ᠪᠦᠰᠡ᠂ ᠨᠢᠭᠡ ᠵᠠᠮ》 ᠋ ᠢᠨᠲ᠋ᠧᠷᠨᠧᠲ ᠮᠦᠩᠭᠦᠨ ᠭᠦᠢᠯᠭᠡᠭᠡᠨ ᠤ ᠲᠡᠷᠢᠭᠦᠴᠦᠳ ᠤᠨ ᠶᠠᠷᠢᠯᠴᠠᠭᠠᠨ ᠤ ᠳᠠᠪᠴᠠᠩ ᠵᠢᠴᠢ 2015 ᠲᠠᠯ᠎ᠠ ᠨᠣᠲᠤᠭ ᠤᠨ ᠨᠠᠷᠭᠢᠯ ᠪᠠᠶᠠᠷ ᠤᠨ ᠵᠣᠰᠠᠯᠠᠩ ᠤᠨ ᠨᠡᠭᠡᠭᠡᠯᠲᠡ ᠶᠢᠨ ᠠᠵᠢᠯᠯᠠᠭ᠎ᠠ᠂ 2015 ᠣᠨ ᠤ 7 ᠰᠠᠷ᠎ᠠ ᠶᠢᠨ 26᠎ ᠤ ᠡᠳᠣᠷ ᠤᠨ 16 ᠴᠠᠭ ᠲᠤ ᠦᠪᠣᠷ ᠮᠣᠩᠭᠤᠯ ᠤᠨ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ 《ᠡᠷᠳᠡᠨᠢ ᠶᠢᠨ ᠳᠣᠪᠴᠢ ᠰᠣᠶᠣᠯ ᠤᠨ ᠠᠵᠣ ᠦᠢᠯᠡᠰ ᠤᠨ ᠬᠦᠷᠢᠶᠡᠯᠡᠩ》 ᠋᠎ ᠳᠤ ᠦᠪᠡᠳᠡᠭᠰᠢ ᠶᠡᠬᠡᠪᠡᠷ ᠶᠠᠪᠣᠭᠳᠠᠯ᠎ᠠ᠃

ᠡᠨᠡᠬᠦ ᠠᠵᠢᠯᠯᠠᠭ᠎ᠠ ᠶᠢ ᠣᠷᠳᠣᠰ ᠬᠤᠲᠠ ᠶᠢᠨ ᠡᠷᠳᠡᠨᠢ ᠶᠢᠨ ᠳᠣᠪᠴᠢ ᠰᠣᠶᠣᠯ ᠤᠨ ᠠᠵᠣ ᠦᠢᠯᠡᠰ ᠤᠨ ᠬᠦᠭᠵᠢᠭᠦᠯᠦᠯᠲᠡ ᠶᠢᠨ ᠬᠢᠵᠠᠭᠠᠷᠲᠣ ᠺᠣᠮᠫᠠᠨᠢ ᠠᠴᠠ ᠭᠤᠣᠯᠯᠠᠨ ᠡᠷᠬᠢᠯᠡᠵᠣ᠂ ᠣᠷᠳᠣᠰ ᠬᠤᠲᠠ ᠶᠢᠨ ᠰᠣᠶᠣᠯ ᠵᠢᠭᠤᠯᠴᠢᠯᠠᠯ ᠤᠨ ᠬᠦᠭᠵᠢᠭᠦᠯᠦᠯᠲᠡ ᠶᠢᠨ ᠺᠣᠮᠫᠠᠨᠢ ᠠᠴᠠ ᠳᠠᠭᠠᠭᠠᠴᠢᠯᠠᠨ ᠡᠷᠬᠢᠯᠡᠵᠣ ᠶᠠᠪᠣᠭᠳᠠᠭᠤᠯᠪᠠ᠃

ᠨᠡᠭᠡᠭᠡᠯᠲᠡ ᠶᠢᠨ ᠠᠵᠢᠯᠯᠠᠭ᠎ᠠ ᠳᠤ᠂ ᠣᠯᠣᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠣᠣᠯ ᠤᠨ ᠳᠡᠳ᠋ ᠡᠷᠬᠢᠯᠡᠭᠴᠢ ᠸᠧᠨ ᠵᠢᠩ᠂ ᠣᠷᠳᠣᠰ ᠬᠤᠲᠠ ᠶᠢᠨ ᠣᠯᠣᠰ ᠲᠦᠷᠦ ᠶᠢᠨ ᠵᠦᠪᠯᠡᠭᠡᠨ ᠤ ᠳᠡᠳ᠋ ᠲᠡᠷᠢᠭᠦᠯᠡᠭᠴᠢ ᠨᠠᠷᠠᠨᠲᠣᠶᠠᠭ᠎ᠠ ᠵᠡᠷᠭᠡ ᠣᠳᠣᠷᠢᠳᠣᠯᠭ᠎ᠠ ᠨᠠᠷ ᠮᠣᠷᠢᠯᠠᠨ ᠰᠠᠭᠠᠲᠠᠭᠰᠠᠨ ᠠᠴᠠ ᠭᠠᠳᠠᠨ᠎ᠠ᠂ ᠰᠢᠶᠠᠩᠭᠠᠩ᠂ ᠣᠣᠮᠧᠨ᠂ ᠭᠤᠸᠠᠩᠵᠸᠤ᠂ ᠬᠤᠨᠠᠨ᠂ ᠦᠬᠠᠨ ᠵᠡᠷᠭᠡ ᠭᠠᠵᠠᠷ ᠣᠷᠣᠨ ᠤ ᠠᠵᠣ ᠠᠬᠤᠶᠢᠯᠠᠯ ᠤᠨ ᠲᠡᠷᠢᠭᠦᠴᠦᠳ᠂ ᠬᠡᠪᠯᠡᠯ ᠮᠡᠳᠡᠭᠡᠯᠡᠯ ᠤᠨ ᠰᠣᠷᠪᠣᠯᠵᠢᠯᠠᠭᠴᠢ ᠨᠡᠶᠢᠲᠡ 200 ᠭᠠᠷᠣᠢ ᠬᠦᠮᠦᠰ ᠣᠷᠣᠯᠴᠠᠵᠣ᠂ ᠨᠠᠷᠠᠨᠲᠤᠶᠠᠭ᠎ᠠ ᠶᠣᠰᠣᠯᠠᠯ ᠡᠬᠢᠯᠡᠭᠰᠡᠨ ᠢ ᠵᠠᠷᠯᠠᠪᠠ᠃ ᠨᠡᠭᠡᠭᠡᠯᠲᠡ ᠶᠢᠨ ᠠᠵᠢᠯᠯᠠᠭ᠎ᠠ ᠳᠡᠭᠡᠷ᠎ᠡ᠂ ᠮᠣᠩᠭᠤᠯ ᠣᠷᠲᠣ ᠶᠢᠨ ᠳᠠᠭᠤᠣ᠂ ᠮᠣᠷᠢᠨ ᠬᠤᠭᠤᠷ᠂ ᠣᠷᠳᠣᠰ ᠪᠦᠵᠢᠭ ᠵᠡᠷᠭᠡ ᠣᠷᠠᠨ ᠰᠠᠶᠢᠬᠠᠨ ᠤ ᠲᠣᠭᠯᠠᠯᠲᠠ ᠦᠵᠡᠭᠦᠯᠵᠣ᠂ ᠦᠵᠡᠭᠴᠢ ᠣᠯᠠᠨ ᠢᠶᠠᠨ ᠪᠠᠶᠠᠰᠬᠠᠯ᠎ᠠ᠃

ᠡᠵᠡᠨ ᠬᠤᠷᠤᠭ᠎ᠠ ᠬᠤᠰᠢᠭᠤᠨ ᠳᠤ ᠪᠠᠶᠢᠷᠢᠰᠢᠬᠤ 《ᠡᠷᠳᠡᠨᠢ ᠶᠢᠨ ᠳᠣᠪᠴᠢ ᠰᠣᠶᠣᠯ ᠤᠨ ᠠᠵᠣ ᠦᠢᠯᠡᠰ ᠤᠨ ᠬᠦᠷᠢᠶᠡᠯᠡᠩ》 ᠋  ᠨᠢ ᠨᠡᠶᠢᠲᠡ 12210 ᠮᠣ᠋ ᠲᠠᠯᠠᠪᠠᠢ ᠲᠠᠢ ᠪᠠᠶᠢᠵᠣ᠂ ᠭᠤᠣᠯᠳᠠᠭᠤ 《ᠦᠨᠳᠦᠰᠦᠲᠡᠨ ᠤ ᠺᠢᠨᠣ᠋ ᠵᠦᠴᠦᠭᠡ ᠶᠢᠨ ᠰᠠᠭᠤᠷᠢᠨ》 ᠋᠂ 《ᠲᠠᠯ᠎ᠠ ᠨᠣᠲᠤᠭ ᠤᠨ ᠰᠣᠶᠣᠯ ᠪᠣᠯᠪᠠᠰᠣᠨ ᠤ ᠦᠵᠡᠰᠭᠦᠯᠡᠩ》 ᠋᠎ ᠢᠶᠠᠷ ᠭᠤᠣᠯ ᠪᠣᠯᠭᠠᠵᠣ᠂ ᠮᠣᠩᠭᠤᠯ ᠬᠠᠭᠠᠨᠲᠣ ᠣᠯᠣᠰ᠂ ᠶᠣᠸᠠᠨ ᠣᠯᠣᠰ ᠤᠨ ᠰᠣᠶᠣᠯ ᠪᠣᠯᠪᠠᠰᠣᠨ ᠤ ᠦᠵᠡᠭᠦᠯᠦᠯᠭᠡ ᠶᠢᠨ ᠲᠣᠭᠤᠷᠢᠭ᠂ ᠺᠢᠨᠣ᠋ ᠵᠦᠴᠦᠭᠡ ᠶᠢᠨ ᠲᠣᠭᠤᠷᠢᠭ᠂ ᠨᠠᠭᠠᠳᠣᠮ ᠴᠡᠩᠬᠡᠭᠦᠨ ᠤ ᠲᠣᠭᠤᠷᠢᠭ ᠵᠡᠷᠭᠡ 4 ᠲᠣᠭᠤᠷᠢᠭ ᠢ ᠪᠠᠭᠲᠠᠭᠠᠵᠣ᠂ ᠣᠯᠠᠨ ᠲᠠᠯ᠎ᠠ ᠠᠴᠠ 700 ᠵᠢᠯ ᠤᠨ ᠲᠡᠷᠲᠡᠭᠡᠬᠢ ᠮᠠᠨᠳᠣᠭᠰᠠᠨ ᠶᠡᠭᠡ ᠭᠦᠷᠦᠨ ᠶᠣᠸᠠᠨ ᠣᠯᠣᠰ ᠤᠨ ᠰᠣᠶᠣᠯ ᠪᠣᠯᠪᠠᠰᠣᠨ ᠢ ᠦᠵᠡᠭᠦᠯᠵᠣ᠂ ᠴᠢᠩᠭᠢᠰ ᠬᠠᠭᠠᠨ ᠤ ᠦᠶ᠎ᠡ ᠠᠴᠠ ᠶᠣᠸᠠᠨ ᠣᠯᠣᠰ ᠬᠦᠷᠲᠡᠯᠡᠬᠢ ᠮᠣᠩᠭᠤᠯ ᠲᠦᠷᠦ ᠶᠢᠨ 300 ᠵᠢᠯ ᠤᠨ ᠭᠡᠷᠡᠯ ᠰᠠᠴᠤᠷᠠᠩᠭᠤᠢ ᠲᠡᠣᠬᠡᠨ ᠬᠠᠭᠤᠳᠠᠰᠣ ᠢ ᠳᠡᠯᠭᠡᠨ ᠬᠠᠷᠠᠭᠤᠯᠬᠤ ᠶᠢ ᠵᠣᠷᠢᠨ ᠠᠵᠢᠯᠯᠠᠵᠣ ᠪᠠᠶᠢᠭ᠎ᠠ ᠰᠣᠶᠣᠯ ᠤᠨ ᠬᠦᠷᠢᠶᠡᠯᠡᠩ ᠪᠣᠯᠣᠨ᠎ᠠ᠃

ᠲᠣᠰ ᠣᠳᠠᠭᠠᠨ ᠤ ᠠᠵᠢᠯᠯᠠᠭ᠎ᠠ ᠨᠢ 7 ᠰᠠᠷ᠎ᠠ ᠶᠢᠨ 26᠎ ᠠᠴᠠ 28 ᠪᠣᠯᠲᠠᠯ᠎ᠠ ᠶᠠᠪᠣᠭᠳᠠᠵᠣ᠂ ᠡᠨᠡ ᠬᠤᠭᠤᠴᠠᠭᠠᠨ ᠳᠤ᠂ ᠲᠣᠮᠣ ᠬᠡᠯᠪᠡᠷᠢ ᠶᠢᠨ ᠦᠨᠳᠦᠰᠦᠲᠡᠨ ᠤ ᠳᠠᠭᠤᠯᠠᠯᠲᠣ ᠵᠦᠴᠦᠭᠡ 《ᠮᠠᠷᠺᠤ ᠫᠣᠯᠣ ᠶᠢᠨ ᠳᠣᠮᠤᠭ》 ᠋᠂ ᠣᠯᠠᠨ ᠠᠭᠤᠯᠭ᠎ᠠ ᠶᠢᠨ ᠣᠷᠠᠨ ᠰᠠᠶᠢᠬᠠᠨ ᠤ ᠲᠣᠭᠯᠠᠯᠲᠠ᠂ ᠡᠷᠳᠡᠨᠢ ᠶᠢᠨ ᠳᠣᠪᠴᠢ ᠰᠣᠶᠣᠯ ᠤᠨ ᠠᠵᠣ ᠦᠢᠯᠡᠰ ᠤᠨ ᠬᠦᠷᠢᠶᠡᠯᠡᠩ ᠤᠨ ᠳᠦᠷᠢ ᠳᠦᠷᠬᠦ ᠶᠢᠨ ᠡᠯᠴᠢᠨ  ᠤ ᠰᠢᠯᠭᠠᠷᠠᠭᠤᠯᠣᠯᠲᠠ ᠵᠡᠷᠭᠡ ᠠᠵᠢᠯᠯᠠᠭ᠎ᠠ ᠶᠢ ᠶᠠᠪᠣᠭᠳᠠᠭᠤᠯᠬᠤ ᠪᠦᠭᠡᠳ ᠬᠠᠭᠠᠯᠲᠠ ᠶᠢᠨ ᠶᠣᠰᠣᠯᠠᠯ ᠳᠤ ᠬᠦᠰᠡᠯᠡᠩ᠂ ᠤᠯᠠᠭᠠᠨᠲᠣᠶᠠᠭ᠎ᠠ᠂ ᠴᠠᠩ ᠺᠣᠸᠠᠨ ᠵᠡᠷᠭᠡ ᠨᠡᠷᠡᠲᠣ ᠤᠷᠠᠯᠢᠭᠴᠢᠳ ᠣᠷᠣᠯᠴᠠᠵᠣ ᠠᠶ᠎ᠠ ᠳᠠᠭᠤᠣ ᠪᠠᠨ ᠡᠷᠭᠦᠬᠦ ᠪᠠᠷ ᠪᠠᠶᠢᠨ᠎ᠠ᠃

ᠢᠷᠡᠯᠲᠡ᠄      ᠨᠠᠶᠢᠷᠠᠭᠤᠯᠤᠭᠴᠢ᠄