home
home

    ᠮᠤᠩᠭᠤᠯ ᠰᠤᠳᠤᠯᠤᠯ ᠤᠨ ᠤᠯᠠᠨ ᠤᠯᠤᠰ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ

2016-10-01  20:43

8 ᠰᠠᠷ᠎ᠠ ᠶᠢᠨ 21᠎ ᠤ ᠦᠳᠡ ᠶᠢᠨ ᠡᠮᠦᠨ᠎ᠡ᠂ ᠲᠤᠮᠳᠠᠳᠤ ᠤᠯᠤᠰ ᠤᠨ ᠲᠦᠷᠪᠡᠳᠦᠭᠡᠷ ᠬᠤᠭᠤᠴᠠᠭᠠᠨ ᠤ ᠮᠤᠩᠭᠤᠯ ᠰᠤᠳᠤᠯᠤᠯ ᠤᠨ ᠤᠯᠠᠨ ᠤᠯᠤᠰ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠬᠦᠬᠡᠬᠤᠳᠠ ᠶᠢᠨ ᠰᠢᠨ᠎ᠡ ᠬᠤᠳᠠ ᠵᠤᠴᠢᠳ ᠤᠨ ᠪᠠᠭᠤᠳᠠᠯ ᠳᠤ ᠡᠬᠢᠯᠡᠵᠦ᠂ ᠦᠪᠡᠷᠳᠡᠭᠡᠨ ᠵᠠᠰᠠᠬᠤ ᠤᠷᠤᠨ ᠤ ᠤᠬᠠᠭᠤᠯᠬᠤ ᠬᠡᠯᠳᠡᠰ ᠤᠨ ᠲᠠᠷᠤᠭ᠎ᠠ ᠤᠯᠠᠭᠠᠨ ᠬᠤᠷᠠᠯ ᠳᠤ ᠤᠷᠤᠯᠴᠠᠨ ᠴᠢᠬᠤᠯᠠ ᠶᠠᠷᠢᠶ᠎ᠠ ᠲᠡᠯᠪᠢᠵᠠᠢ᠃

ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠲᠤᠮᠳᠠᠳᠤ ᠤᠯᠤᠰ ᠤᠨ ᠮᠤᠩᠭᠤᠯ ᠰᠤᠳᠤᠯᠤᠯ ᠤᠨ ᠨᠡᠶᠢᠭᠡᠮᠯᠢᠭ ᠠᠴᠠ ᠲᠠᠭᠠᠭᠠᠴᠢᠯᠠᠨ ᠡᠷᠭᠢᠯᠡᠭᠰᠡᠨ ᠲᠤᠰ ᠬᠤᠷᠠᠯ ᠳᠤ ᠤᠯᠠᠨ ᠤᠯᠤᠰ ᠤᠨ ᠬᠤᠯᠪᠤᠭᠠᠲᠦ ᠪᠠᠶᠢᠭᠤᠯᠭ᠎ᠠ ᠶᠢᠨ ᠰᠤᠷᠭᠠᠨ ᠬᠦᠮᠦᠵᠢᠯ ᠤᠨ ᠡᠷᠭᠡ ᠶᠢᠨ ᠲᠤᠰᠬᠠᠢ ᠢᠯᠡᠳᠭᠡᠭᠴᠢ ᠺᠢᠱᠤᠷᠧ ᠊ ᠰᠢᠩᠭᠧ ᠪᠠᠷ ᠲᠦᠯᠦᠭᠡᠯᠡᠭᠦᠯᠦᠭᠰᠡᠨ ᠮᠤᠩᠭᠤᠯ᠂ ᠤᠷᠤᠰ᠂ ᠠᠮᠧᠷᠢᠺᠠ᠂ ᠶᠠᠫᠥᠨ᠂ ᠬᠠᠨᠭ᠍ᠭᠠᠷᠢ᠂ ᠡᠮᠦᠨᠡᠲᠦ ᠰᠤᠯᠤᠩᠭᠤᠰ ᠵᠡᠷᠭᠡ ᠬᠤᠷᠢᠭᠠᠳ ᠤᠯᠤᠰ ᠤᠨ ᠵᠠᠭᠤ ᠢᠯᠡᠭᠦᠦ ᠡᠷᠳᠡᠮᠳᠡᠳ ᠤᠷᠤᠯᠴᠠᠭᠰᠠᠨ ᠪᠠᠶᠢᠨ᠎ᠠ᠃ ᠲᠤᠰ ᠤᠳᠠᠭᠠᠨ ᠤ ᠬᠤᠷᠠᠯ ᠨᠢ 8 ᠰᠠᠷ᠎ᠠ ᠶᠢᠨ 21᠂ 22 ᠬᠤᠶᠠᠷ ᠡᠳᠦᠷ ᠬᠦᠬᠡᠬᠤᠳᠠᠨ᠎ᠠ ᠶᠠᠪᠤᠭᠳᠠᠬᠤ ᠪᠤᠯᠤᠨ᠎ᠠ᠃

ᠢᠷᠡᠯᠲᠡ᠄      ᠨᠠᠶᠢᠷᠠᠭᠤᠯᠤᠭᠴᠢ᠄