home
home

    ᠯᠢᠶᠤᠤ ᠤᠯᠤᠰ ᠤᠨ ᠳᠡᠭᠡᠳᠤ ᠨᠠᠶᠢᠰᠯᠠᠯ ᠤᠨ ᠪᠠᠭᠤᠷᠢ ᠶᠢᠨ ᠬᠠᠭᠤᠴᠢ ᠰᠤᠳᠤᠯᠤᠯ ᠴᠢᠬᠤᠯᠠ ᠢᠯᠡᠷᠡᠭᠦᠯᠤᠯᠳᠡ ᠲᠠᠢ ᠪᠤᠯᠪᠠ

2016-10-01  21:13

ᠰᠤᠷᠪᠤᠯᠵᠢᠯᠠᠬᠴᠢ 9 ᠰᠠᠷ᠎ᠠ ᠶᠢᠨ 6᠎ ᠤ ᠡᠳᠦᠷ ᠦᠪᠡᠷᠳᠡᠭᠡᠨ ᠵᠠᠰᠠᠬᠤ ᠤᠷᠤᠨ ᠤ ᠳᠡᠤᠭᠡ ᠶᠢᠨ ᠳᠤᠷᠠᠰᠬᠠᠯᠳᠤ ᠵᠦᠢᠯ ᠤᠨ ᠳᠤᠪᠴᠢᠶ᠎ᠠ ᠠᠴᠠ ᠤᠢᠢᠯᠠᠭᠠᠬᠰᠠᠨ ᠢᠶᠠᠷ᠂ ᠳᠤᠮᠳᠠᠳᠤ ᠤᠯᠤᠰ ᠤᠨ ᠨᠡᠶᠢᠭᠡᠮ ᠤᠨ ᠰᠢᠡᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ ᠰᠤᠳᠤᠯᠤᠯ ᠤᠨ ᠭᠠᠵᠠᠷ ᠤᠨ ᠦᠪᠤᠷ ᠮᠤᠩᠭᠤᠯ ᠤᠨ ᠬᠤᠶᠠᠳᠤᠭᠠᠷ ᠠᠵᠢᠯᠯᠠᠬᠤ ᠠᠩᠬᠢ ᠪᠠ ᠦᠪᠤᠷ ᠮᠤᠩᠭᠤᠯ ᠤᠨ ᠳᠡᠤᠬᠡ ᠶᠢᠨ ᠳᠤᠷᠠᠰᠬᠠᠯᠳᠤ ᠵᠦᠢᠯ ᠤᠨ ᠬᠠᠭᠤᠴᠢ ᠰᠤᠳᠤᠯᠤᠯ ᠤᠨ ᠭᠠᠵᠠᠷ ᠬᠤᠯᠪᠤᠭᠠᠯᠠᠨ ᠪᠦᠷᠢᠯᠳᠦᠭᠰᠡᠨ 《ᠯᠢᠶᠤᠤ ᠤᠯᠤᠰ ᠤᠨ ᠳᠡᠭᠡᠳᠤ ᠨᠠᠶᠢᠰᠯᠠᠯ ᠤᠨ ᠪᠠᠭᠤᠷᠢ ᠶᠢᠨ ᠬᠠᠭᠤᠴᠢ ᠰᠤᠳᠤᠯᠬᠤ ᠠᠩᠬᠢ》 ᠋ 2 ᠰᠠᠷ᠎ᠠ ᠰᠢᠬᠠᠮ ᠤᠨ ᠮᠠᠯᠳᠠᠯᠳᠠ ᠪᠠᠷ ᠳᠠᠮᠵᠢᠨ᠂ ᠳᠤᠳᠤᠭᠠᠳᠤ ᠬᠤᠳᠠ ᠶᠢᠨ ᠵᠡᠭᠦᠨ ᠡᠭᠦᠳᠡ᠂ ᠤᠷᠳᠤᠨ ᠤ ᠬᠤᠳᠠ ᠶᠢᠨ ᠵᠡᠭᠦᠨ ᠡᠭᠦᠳᠡ ᠠᠴᠠ ᠤᠷᠳᠤᠨ ᠤ ᠬᠤᠳᠠ ᠶᠢᠨ ᠳᠤᠳᠤᠷᠠᠬᠢ ᠳᠤᠮᠤ ᠬᠡᠯᠪᠡᠷᠢ ᠶᠢᠨ ᠬᠦᠷᠢᠶ᠎ᠠ ᠶᠢᠨ ᠳᠡᠩᠭᠡᠯᠢᠭ ᠱᠤᠭᠤᠮ ᠤᠨ ᠪᠠᠶᠢᠷᠢᠯᠠᠭᠤᠯᠤᠯᠳᠠ ᠶᠢ ᠠᠩᠬ᠎ᠠ ᠤᠳᠠᠭ᠎ᠠ ᠢᠯᠡᠷᠡᠭᠦᠯᠦᠭᠰᠡᠨ ᠪᠡ ᠨᠤᠳᠠᠯᠠᠵᠤ᠂ ᠯᠢᠶᠤᠤ ᠤᠯᠤᠰ ᠤᠨ ᠳᠡᠭᠡᠳᠤ ᠨᠠᠶᠢᠰᠯᠠᠯ ᠤᠨ ᠳᠤᠳᠤᠭᠠᠳᠤ ᠬᠤᠳᠠ ᠶᠢᠨ ᠳᠤᠳᠤᠷᠠᠬᠢ ᠵᠡᠭᠦᠡᠰᠢ ᠴᠢᠭᠯᠡᠯ ᠤᠨ ᠪᠠᠷᠢᠯᠭ᠎ᠠ ᠶᠢᠨ ᠬᠠᠭᠤᠴᠢ ᠰᠤᠳᠤᠯᠤᠯ ᠤᠨ ᠢᠯᠡᠷᠡᠭᠦᠯᠤᠯᠳᠡ ᠳᠤᠮᠳᠡᠬᠢ ᠬᠤᠭᠤᠰᠤᠨ ᠢ ᠨᠦᠬᠦᠪᠤᠷᠢᠯᠡᠵᠠᠢ᠃ ᠳᠤᠰ ᠤᠳᠠᠭ᠎ᠠ ᠶᠢᠨ ᠬᠠᠭᠤᠴᠢ ᠰᠤᠳᠤᠯᠤᠯ ᠤᠨ ᠮᠠᠯᠳᠠᠯᠳᠠ ᠶᠢᠨ ᠦᠷ᠎ᠠ ᠪᠦᠳᠤᠭᠡᠯ ᠨᠢ᠂ ᠯᠢᠶᠤᠤ ᠤᠯᠤᠰ ᠤᠨ ᠳᠡᠭᠡᠳᠤ ᠨᠡᠶᠢᠰᠯᠠᠯ ᠢ ᠳᠡᠯᠡᠭᠡᠢ ᠶᠢᠨ ᠰᠤᠶᠤᠯ ᠤᠨ ᠦᠪ ᠲᠤ ᠭᠤᠶᠤᠴᠢᠯᠠᠨ ᠮᠡᠳᠡᠭᠦᠯᠬᠦ ᠳᠤ ᠪᠦᠷ ᠪᠠᠳᠤ ᠴᠢᠩᠭ᠎ᠠ ᠡᠷᠳᠡᠮ ᠰᠢᠡᠵᠢᠯᠡᠭᠡᠨ ᠤ ᠳᠤᠯᠬᠤ ᠴᠡᠭ ᠬᠠᠩᠭᠠᠵᠠᠢ᠃

ᠢᠷᠡᠯᠲᠡ᠄      ᠨᠠᠶᠢᠷᠠᠭᠤᠯᠤᠭᠴᠢ᠄