home
home

    ᠤᠷᠤᠰ ᠤᠨ ᠬᠡᠤᠬᠡᠳ ᠵᠤᠰᠠᠬᠤ ᠳᠤᠷᠠᠳᠠᠢ

2016-10-01  22:10

ᠵᠢᠯ ᠪᠦᠷᠢ ᠶᠢᠨ ᠵᠤᠨ ᠤ ᠤᠯᠠᠷᠢᠯ ᠳᠤ᠂ ᠤᠷᠤᠰ ᠤᠨ ᠦᠵᠡᠮᠵᠢᠳᠤ ᠵᠤᠰᠠᠯᠠᠩ ᠤᠨ ᠳᠤᠰᠬᠤᠨ ᠪᠤᠶᠤ ᠰᠤᠪᠢᠯᠠᠯᠳᠠ ᠶᠢᠨ ᠬᠦᠷᠢᠶᠡᠯᠡᠩ ᠨᠢ ᠤᠯᠠᠨ ᠵᠦᠢᠯ ᠤᠨ ᠵᠤᠰᠠᠯᠠᠩ ᠡᠷᠬᠢᠯᠡᠵᠤ᠂ ᠵᠢᠱᠢᠶᠡᠯᠡᠪᠡᠯ ᠭᠠᠳᠠᠭᠠᠳᠤ ᠬᠡᠯᠡ᠂ ᠬᠦᠭᠵᠢᠮ᠂ ᠰᠢ ᠵᠦᠴᠤᠭᠡ᠂ ᠪᠡᠶ᠎ᠠ ᠳᠠᠮᠢᠷ᠂ ᠤᠳᠬ᠎ᠠ ᠵᠤᠬᠢᠶᠠᠯ ᠵᠡᠷᠭᠡ ᠵᠤᠰᠠᠯᠠᠩ ᠡᠷᠬᠢᠯᠡᠵᠤ᠂ ᠴᠢᠨᠠᠬᠰᠢᠯᠠᠪᠠᠯ ᠪᠠᠰᠠ ᠬᠡᠤᠬᠡᠳ ᠲᠤ ᠡᠳ᠋ ᠤᠨ ᠶᠠᠪᠤᠳᠠᠯ ᠢ ᠬᠠᠮᠢᠶᠠᠷᠬᠤ᠂ ᠠᠷᠠᠯᠵᠢᠶ᠎ᠠ ᠬᠢᠬᠦ᠂ ᠤᠯᠤᠰ ᠤᠨ ᠵᠤᠰᠠᠯᠠᠩ ᠤᠨ ᠬᠠᠮᠢᠶᠠᠷᠤᠯᠳᠠ ᠶᠢ ᠰᠤᠷᠭᠠᠳᠠᠬ᠃ ᠵᠠᠷᠢᠮ ᠭᠡᠷ ᠤᠨ ᠠᠬᠠᠮᠠᠳ ᠵᠤᠨ ᠤ ᠴᠢᠯᠤᠭᠡᠨ ᠤ ᠬᠤᠭᠤᠴᠠᠭ᠎ᠠ ᠶᠢ ᠠᠰᠢᠬᠯᠠᠨ ᠪᠦᠬᠦ ᠭᠡᠷ ᠢᠶᠠᠷ ᠢᠶᠠᠨ ᠭᠠᠳᠠᠬᠰᠢ ᠭᠠᠷᠴᠤ ᠵᠤᠰᠠᠵᠤ᠂ ᠬᠡᠤᠬᠡᠳ ᠢᠶᠠᠨ ᠳᠠᠭᠠᠭᠤᠯᠤᠨ ᠳᠡᠤᠭᠡ ᠰᠤᠶᠤᠯ ᠤᠨ ᠡᠷᠳᠡᠨ ᠤ ᠦᠯᠡᠳᠡᠭᠳᠡᠯ ᠢ ᠦᠵᠡᠳᠡᠭ ᠪᠠᠶᠢᠨ᠎ᠠ᠃ ᠵᠠᠷᠢᠮ ᠨᠢ ᠪᠠᠰᠠ ᠬᠦᠳᠡᠭᠡ ᠶᠢᠨ ᠭᠡᠷ ᠲᠡᠭᠡᠨ ᠵᠤᠰᠠᠳᠠᠬ ᠪᠠᠶᠢᠨ᠎ᠠ᠃ ᠤᠷᠤᠰ ᠤᠨ ᠡᠩ ᠤᠨ ᠭᠡᠷ ᠪᠦᠯᠢ ᠶᠢᠨ ᠠᠮᠠᠷᠠᠯᠳᠠ ᠶᠢᠨ ᠭᠠᠵᠠᠷ ᠳᠠᠶᠢᠮᠤ ᠭᠤᠶᠤᠮᠰᠤᠬ ᠪᠢᠰᠢ᠂ ᠭᠡᠪᠡᠴᠤ ᠡᠭᠡ ᠪᠠᠶᠢᠭᠠᠯᠢ ᠶᠢᠨ ᠦᠨᠤᠷ ᠠᠮᠳᠠ ᠪᠢᠯᠬᠠᠮ᠎ᠠ ᠪᠠᠶᠢᠳᠠᠬ᠃ ᠭᠡᠷ ᠤᠨ ᠠᠬᠠᠮᠠᠳ ᠨᠢ ᠬᠡᠤᠬᠡᠳ ᠢᠶᠠᠨ ᠪᠡᠶ᠎ᠠ ᠶᠢᠨ ᠬᠦᠳᠡᠯᠮᠤᠷᠢ ᠳᠤ ᠤᠷᠤᠯᠴᠠᠭᠤᠯᠵᠤ᠂ ᠵᠢᠱᠢᠶᠡᠯᠡᠪᠡᠯ ᠨᠤᠭᠤᠭ᠎ᠠ ᠳᠠᠷᠢᠬᠤ᠂ ᠵᠢᠮᠢᠰ ᠬᠤᠷᠢᠶᠠᠬᠤ᠂ ᠵᠢᠵᠢᠭ ᠠᠮᠢᠳᠠᠨ ᠢ ᠬᠠᠷᠠᠭᠠᠯᠵᠠᠬᠤ᠂ ᠪᠢᠴᠢᠬᠠᠨ ᠰᠢᠪᠠᠭᠤ ᠳᠤ ᠡᠪᠤᠯ ᠦᠩᠭᠡᠷᠡᠬᠦ ᠡᠭᠦᠷ ᠪᠠᠷᠢᠵᠤ ᠦᠭᠬᠦ ᠵᠡᠷᠭᠡ ᠪᠤᠯᠤᠨ᠎ᠠ᠃

ᠢᠷᠡᠯᠲᠡ᠄      ᠨᠠᠶᠢᠷᠠᠭᠤᠯᠤᠭᠴᠢ᠄