home
home

    ᠲᠤᠮᠳᠠᠳᠤ ᠪᠠ ᠶᠠᠫᠦᠨ ᠤ ᠬᠡᠦᠬᠡᠳ ᠤᠨ ᠴᠡᠴᠡᠷᠯᠢᠭ ᠤᠨ ᠰᠤᠷᠭᠠᠠ ᠬᠦᠮᠦᠵᠢᠯ ᠤᠨ ᠬᠠᠷᠢᠴᠠᠭᠤᠯᠤᠯ

2016-10-06  11:38

ᠤᠯᠠᠠ ᠤ ᠮᠡᠳᠡᠭᠡᠵᠢ ᠪᠠᠷ ᠶᠠᠫᠦᠨ ᠪᠤᠯ ᠰᠤᠷᠭᠠᠠ ᠬᠦᠮᠦᠵᠢᠯ ᠢ ᠲᠦᠢᠯ ᠢᠶᠠᠷ ᠴᠢᠬᠤᠯᠠᠴᠢᠯᠠᠳᠠᠭ ᠤᠯᠤᠰ ᠶᠤᠮ᠂ ᠶᠠᠫᠦᠨ ᠤ ᠠᠵᠤ ᠠᠬᠤᠢ ᠡᠳᠤᠷ ᠢᠷᠡᠬᠦᠶ᠎ᠠ ᠨᠢᠰᠬᠦ ᠮᠠᠳᠤ ᠲᠦᠷᠭᠡᠡ ᠬᠦᠭᠵᠢᠭᠰᠡᠡ ᠤ ᠨᠢᠭᠡ ᠰᠢᠯᠳᠠᠭᠠᠠ ᠨᠢ ᠲᠠᠷᠦᠢ ᠰᠢᠰᠲ᠋ᠧᠮ ᠨᠢ ᠪᠦᠷᠢᠨ ᠲᠦᠬᠦᠷᠵᠢᠭᠰᠡᠡ᠂ ᠲᠦᠷᠢᠮ ᠨᠢ ᠲᠡᠬᠦᠯᠳᠡᠷᠵᠢᠭᠰᠡᠡ᠂ ᠪᠠᠯᠠ ᠤᠷᠤᠭᠤᠯᠤᠯᠳᠠ ᠨᠢ ᠬᠦᠷᠦᠯᠴᠡᠬᠦ᠋ᠢᠴᠡ ᠤᠯᠤᠰ ᠠᠷᠠᠳ ᠤᠨ ᠰᠤᠷᠭᠠᠠ ᠬᠦᠮᠦᠵᠢᠯ ᠪᠤᠯᠤᠨ᠎ᠠ ᠭᠡᠵᠤ ᠬᠦᠮᠦᠰ ᠦᠵᠡᠵᠡᠭᠡᠳᠡᠭ᠃ ᠲᠡᠭᠡᠬᠦᠯᠡᠷ ᠶᠠᠫᠦᠨ ᠤ ᠪᠦᠳᠦᠮᠵᠢᠳᠠᠢ ᠲᠤᠷᠰᠢᠯᠭ᠎ᠠ ᠶᠢ ᠪᠢᠳᠠ ᠲᠤᠯᠢᠳᠠᠠ ᠰᠤᠷᠤᠯᠴᠠᠭᠤᠰᠢᠳᠠᠢ ᠶᠤᠮ᠃

ᠨᠢᠭᠡ᠂ ᠰᠤᠷᠭᠠᠠ ᠬᠦᠮᠦᠵᠢᠯ ᠤᠨ ᠵᠠᠷᠴᠢᠮ ᠪᠤᠯᠤᠨ ᠵᠤᠷᠢᠯᠭ᠎ᠠ ᠶᠢᠨ ᠬᠠᠷᠢᠴᠠᠭᠤᠯᠤᠯ

ᠶᠠᠫᠦᠨ ᠤ ᠬᠡᠦᠬᠡᠳ ᠤᠨ ᠴᠡᠴᠡᠷᠯᠢᠭ ᠤᠨ ᠰᠤᠷᠭᠠᠠ ᠬᠦᠮᠦᠵᠢᠯ ᠤᠨ ᠵᠠᠷᠴᠢᠮ ᠪᠤᠯ ᠬᠡᠦᠬᠡᠳ ᠦᠶ᠎ᠠ ᠶᠢᠨ ᠤᠨᠴᠠᠯᠢᠭ ᠰᠢᠨᠵᠢ ᠵᠢᠴᠢ ᠬᠡᠦᠬᠡᠳ ᠤᠨ ᠨᠡᠶᠢᠬᠡᠮ ᠤᠨ ᠤᠷᠴᠢᠨ ᠲᠤᠭᠤᠷᠢᠨ ᠲᠠᠢ ᠦᠢᠷᠠᠳᠤᠬᠤ ᠪᠠᠷ ᠰᠠᠭᠤᠷᠢ ᠪᠤᠯᠭᠠᠠ ᠬᠦᠮᠦᠵᠢᠯ ᠬᠢᠳᠡᠭ ᠪᠤᠯᠬᠤᠷ ᠪᠠᠭᠰᠢ ᠨᠠᠷ ᠪᠤᠯᠤᠨ ᠬᠡᠦᠬᠡᠳ ᠤᠳ ᠬᠠᠮᠳᠤᠪᠠᠷ ᠰᠠᠶᠢᠨ ᠰᠠᠶᠢᠬᠠᠠ ᠰᠤᠷᠭᠠᠠ ᠬᠦᠮᠦᠵᠢᠯ ᠤᠨ ᠤᠷᠴᠢᠨ ᠲᠤᠭᠤᠷᠢᠨ ᠢ ᠪᠤᠢ ᠪᠤᠯᠭᠠᠬᠤ ᠪᠠᠷ ᠴᠢᠷᠮᠠᠶᠢᠵᠠᠭᠠᠳᠠᠭ ᠪᠠᠶᠢᠨ᠎ᠠ᠃

ᠮᠠᠨ ᠤ ᠤᠯᠤᠰ ᠤᠨ ᠬᠡᠦᠬᠡᠳ ᠤᠨ ᠴᠡᠴᠡᠷᠯᠢᠭ ᠤᠨ ᠰᠤᠷᠭᠠᠠ ᠬᠦᠮᠦᠵᠢᠯ ᠤᠨ ᠠᠵᠢᠯ ᠤᠨ ᠵᠠᠷᠴᠢᠮ ᠪᠤᠯ ᠶᠤᠰᠤ ᠮᠤᠷᠠᠯ᠂ ᠤᠶᠤᠨ ᠤᠬᠠᠭᠠᠠ᠂ ᠪᠠᠶ᠎ᠠ ᠮᠠᠬᠠᠪᠤᠳ᠂ ᠭᠤᠸ᠎ᠠ ᠰᠠᠶᠢᠬᠠᠨ ᠵᠡᠷᠭᠡ ᠡᠯ᠎ᠠ ᠲᠠᠯ᠎ᠠ ᠶᠢᠨ ᠬᠦᠮᠦᠵᠢᠯ ᠢ ᠬᠠᠷᠢᠯᠴᠠᠠ ᠠᠭᠤᠰᠬᠠᠠ ᠨᠢᠭᠡᠳᠭᠡᠵᠤ᠂ ᠤᠷᠭᠠᠨᠢᠭ ᠢᠶᠠᠷ ᠤᠶᠠᠯᠳᠤᠭᠤᠯᠳᠠᠭ᠃ ᠬᠡᠦᠬᠡᠳ ᠤᠨ ᠪᠠᠶ᠎ᠠ ᠰᠡᠳᠬᠢᠴᠡ ᠶᠢᠨ ᠬᠦᠭᠵᠢᠯᠳᠡ ᠶᠢᠨ ᠵᠢᠮ᠎ᠠ ᠬᠠᠦᠯᠢ ᠶᠢ ᠵᠢᠷᠤᠮᠯᠠᠵᠤ᠂ ᠬᠡᠦᠬᠡᠳ ᠤᠨ ᠨᠠᠰᠤᠨ ᠤ ᠤᠨᠴᠠᠯᠢᠭ ᠲᠤ ᠲᠤᠬᠢᠷᠠᠭᠤᠯᠤᠨ᠂ ᠪᠤᠳᠠᠭᠠᠯᠢ ᠪᠠᠶ᠎ᠠ ᠶᠢᠨ ᠵᠦᠷᠢᠶ᠎ᠠ ᠶᠢ ᠠᠩᠬᠠᠷᠤᠨ᠂ ᠬᠦᠮᠦᠨ ᠢ ᠦᠨᠳᠦᠰᠦᠯᠡᠡ ᠰᠤᠷᠭᠠᠠ ᠬᠦᠮᠦᠵᠢᠬᠦᠯᠵᠤ᠂ ᠬᠡᠦᠬᠡᠳ ᠤᠨ ᠵᠠᠩ ᠴᠢᠨᠠᠷ ᠤᠨ ᠡᠷᠡᠬᠦᠯ ᠬᠦᠭᠵᠢᠯᠳᠡ ᠶᠢ ᠬᠦᠳᠦᠯᠦᠨ ᠵᠢᠯᠤᠭᠤᠳᠳᠠᠭ᠃

ᠬᠡᠦᠬᠡᠳ ᠦᠶ᠎ᠠ ᠪᠤᠯ ᠨᠢᠭᠡ ᠬᠦᠮᠦᠨ ᠤ ᠵᠠᠩ ᠰᠤᠷᠳᠠᠯ ᠤᠨ ᠪᠤᠢ ᠪᠤᠯᠵᠤ ᠪᠦᠷᠢᠯᠳᠦᠬᠦ ᠶᠢ ᠬᠦᠮᠦᠵᠢᠬᠦᠯᠬᠦ ᠲᠠᠢ ᠬᠤᠯᠪᠤᠭᠳᠠᠬᠤ ᠴᠢᠬᠤᠯᠠ ᠴᠠᠭ ᠦᠶ᠎ᠠ ᠪᠤᠯᠤᠨ᠎ᠠ᠃ ᠡᠨᠡᠬᠦ ᠪᠠᠶᠢᠳᠠᠯ ᠢ ᠦᠨᠳᠦᠰᠦᠯᠡᠡ ᠶᠠᠫᠦᠨ ᠤ ᠬᠡᠦᠬᠡᠳ ᠤᠨ ᠴᠡᠴᠡᠷᠯᠢᠭ ᠲᠤᠤᠷᠠᠬᠢ ᠮᠠᠳᠤ ᠱᠠᠭᠠᠷᠳᠠᠯᠭ᠎ᠠ ᠶᠢ ᠪᠡᠶᠡᠯᠡᠬᠦᠯᠬᠦ ᠪᠠᠷ ᠴᠢᠷᠮᠠᠶᠢᠳᠠᠭ᠄ (1) ᠬᠡᠦᠬᠡᠳ ᠤᠨ ᠪᠠᠶ᠎ᠠ ᠰᠡᠳᠬᠢᠴᠡ ᠶᠢᠨ ᠡᠷᠡᠬᠦᠯ ᠴᠢᠬᠢᠷᠠᠭ ᠢ ᠬᠦᠮᠦᠵᠢᠬᠦᠯᠬᠦ  ᠪᠠᠷ ᠰᠠᠭᠤᠷᠢ ᠪᠤᠯᠭᠠᠠ᠂ ᠬᠡᠦᠬᠡᠳ ᠤᠨ ᠰᠠᠶᠢᠨ ᠰᠠᠶᠢᠬᠠᠠ ᠠᠮᠢᠳᠤᠷᠠᠯ ᠤᠨ ᠲᠠᠳᠬᠠᠯ᠂ ᠤᠪᠤᠷ ᠢ ᠪᠤᠢ ᠪᠤᠯᠭᠠᠵᠤ᠂ ᠬᠡᠦᠬᠡᠳ ᠢ ᠡᠷᠡᠬᠦᠯ ᠴᠢᠬᠢᠷᠠᠭ᠂ ᠠᠮᠤᠷ ᠲᠦᠪᠰᠢᠨ᠂ ᠵᠤᠯ ᠵᠢᠷᠭᠠᠯ ᠲᠠᠢ ᠠᠮᠢᠳᠤᠷᠠᠭᠤᠯᠳᠠᠭ᠃ (2) ᠬᠡᠦᠬᠡᠳ ᠤᠨ ᠬᠠᠶᠢᠷ᠎ᠠ ᠰᠡᠳᠬᠢᠯᠭᠡ ᠶᠢ ᠬᠦᠮᠦᠵᠢᠬᠦᠯᠵᠤ᠂ ᠪᠠᠶ᠎ᠠ ᠪᠠᠨ ᠲᠠᠭᠠᠭᠠᠬᠤ ᠵᠤᠷᠢᠭ ᠰᠠᠨᠠᠭ᠎ᠠ ᠶᠢ ᠬᠦᠮᠦᠵᠢᠬᠦᠯᠦᠨ᠂ ᠬᠦᠮᠦᠨ ᠲᠠᠢ ᠬᠠᠮᠳᠤᠷᠠᠠ ᠬᠤᠷᠰᠢᠬᠤ ᠤᠪᠤᠷ ᠵᠢᠴᠢ ᠠᠩᠬ᠎ᠠ ᠠᠯᠬᠤᠮ ᠤᠨ ᠶᠤᠰᠤ ᠮᠤᠷᠠᠯ ᠤᠨ ᠦᠵᠡᠯᠳᠡ ᠶᠢ ᠪᠦᠷᠢᠯᠳᠦᠬᠦᠯᠦᠨ ᠪᠤᠢ ᠪᠤᠯᠭᠠᠳᠠᠭ᠃ (3) ᠬᠡᠦᠬᠡᠳ ᠤᠨ ᠬᠠᠷᠢᠯᠴᠠᠵᠤ ᠪᠠᠶᠢᠭ᠎ᠠ ᠨᠡᠶᠢᠬᠡᠮ ᠤᠨ ᠤᠷᠴᠢᠨ ᠲᠤᠭᠤᠷᠢᠨ᠂ ᠬᠡᠷᠡᠭ ᠪᠤᠳᠠᠰ ᠢ ᠬᠠᠯᠠᠮᠵᠢᠯᠠᠠ ᠠᠩᠬᠠᠷᠬᠤ ᠲᠤᠷ᠎ᠠ ᠪᠠᠬ᠎ᠠ ᠶᠢ ᠬᠦᠮᠦᠵᠢᠬᠦᠯᠵᠤ᠂ ᠡᠬᠦᠨ ᠤ ᠤᠯᠠᠮ ᠢᠶᠠᠷ ᠬᠡᠦᠬᠡᠳ ᠤᠨ ᠲᠤᠳᠤᠭᠠᠳᠤ ᠰᠡᠳᠬᠢᠯᠭᠡ ᠶᠢ ᠪᠠᠶᠠᠯᠢᠭᠵᠢᠭᠤᠯᠤᠨ᠂ ᠬᠡᠦᠬᠡᠳ ᠤᠨ ᠰᠡᠳᠬᠢᠬᠦᠢ ᠶᠢᠨ ᠴᠢᠳᠠᠪᠤᠷᠢ ᠶᠢ ᠬᠦᠮᠦᠵᠢᠬᠦᠯᠳᠡᠭ ᠪᠠᠶᠢᠨ᠎ᠠ᠃ (4) ᠡᠳᠤᠷ ᠲᠤᠳᠤᠮ ᠤᠨ ᠠᠮᠢᠳᠤᠷᠠᠯ ᠲᠤᠮᠳᠠ ᠬᠡᠦᠬᠡᠳ ᠤᠨ ᠦᠭᠡ ᠬᠡᠯᠡᠡ ᠤ ᠢᠯᠡᠳᠬᠡᠬᠦ ᠴᠢᠳᠠᠪᠤᠷᠢ ᠶᠢ ᠬᠦᠮᠦᠵᠢᠬᠦᠯᠳᠡᠭ᠃

ᠶᠠᠫᠤᠨ ᠤ ᠬᠡᠤᠬᠡᠳ ᠤᠨ ᠴᠡᠴᠡᠷᠯᠢᠭ ᠤᠨ ᠬᠢᠨ ᠤ ᠶᠠᠪᠤᠭᠳᠠᠭᠤᠯᠤᠭᠰᠠᠨ ᠡᠪᠦᠯ ᠤᠨ ᠤᠮᠪᠠᠯᠲᠠ

ᠮᠠᠨ ᠤ ᠤᠯᠤᠰ ᠤᠨ ᠬᠡᠦᠬᠡᠳ ᠤᠨ ᠴᠡᠴᠡᠷᠯᠢᠭ ᠪᠤᠯ ᠠᠮᠤᠷ ᠲᠦᠪᠰᠢᠨ ᠤ ᠬᠦᠮᠦᠵᠢᠯ ᠢᠶᠠᠷ ᠬᠠᠷᠠᠯᠳᠠ ᠪᠤᠯᠭᠠᠵᠤ᠂ ᠬᠡᠦᠬᠡᠳ ᠤᠨ ᠨᠠᠰᠤᠨ ᠤ ᠠᠳᠠᠯᠢ ᠪᠤᠰᠤ ᠪᠠᠷ ᠨᠢ 3—4 ᠨᠠᠰᠤᠨ ᠤ ᠬᠡᠦᠬᠡᠳ ᠲᠤ ᠲᠠᠨᠢᠯ ᠪᠤᠰᠤ ᠬᠦᠮᠦᠨ ᠲᠠᠢ ᠤᠢᠢᠷᠠᠳᠤᠬᠤ ᠦᠭᠡᠢ᠂ ᠲᠤᠮᠤᠴᠤᠤᠯ ᠠᠴᠠ ᠪᠠᠨ ᠰᠠᠯᠵᠤ ᠬᠤᠯᠠ ᠶᠠᠪᠤᠬᠤ ᠦᠭᠡᠢ᠂ ᠠᠶᠤᠯ ᠲᠠᠢ ᠡᠳ᠋ ᠲᠠᠢ ᠤᠢᠢᠷᠠᠳᠤᠬᠤ ᠦᠭᠡᠢ ᠬᠦᠮᠦᠵᠢᠯ ᠬᠢᠳᠡᠭ᠃ 4—5 ᠨᠠᠰᠤᠨ ᠤ ᠬᠡᠦᠬᠡᠳ ᠲᠤ ᠠᠶᠤᠯ ᠲᠠᠢ ᠲᠤᠭᠯᠠᠭᠠᠮ ᠨᠠᠭᠠᠳᠬᠤ ᠦᠭᠡᠢ᠂ ᠠᠶᠤᠯ ᠲᠠᠢ ᠭᠠᠵᠠᠷ ᠤᠴᠢᠬᠤ ᠦᠭᠡᠢ᠂ ᠵᠠᠮ ᠬᠠᠷᠢᠯᠴᠠᠭᠠᠠ ᠤ ᠠᠮᠤᠷ ᠲᠦᠪᠰᠢᠨ ᠢ ᠤᠢᠢᠯᠠᠭᠠᠬᠤ ᠬᠦᠮᠦᠵᠢᠯ ᠬᠢᠳᠡᠭ᠃ 5—6 ᠨᠠᠰᠤᠨ ᠤ ᠬᠡᠦᠬᠡᠳ ᠲᠤ ᠲᠦᠬᠦᠮ ᠲᠦᠳᠠ ᠠᠶᠤᠯ ᠲᠦᠭᠰᠢᠬᠦᠷᠢ ᠶᠢ ᠰᠢᠢᠳᠪᠤᠷᠢᠯᠡᠬᠦ ᠬᠦᠮᠦᠵᠢᠯ ᠬᠢᠳᠡᠭ᠂ ᠬᠠᠷᠢᠨ ᠮᠠᠨ ᠤ ᠤᠯᠤᠰ ᠤᠨ ᠬᠡᠦᠬᠡᠳ ᠤᠨ ᠴᠡᠴᠡᠷᠯᠢᠭ ᠤᠨ ᠠᠮᠤᠷ ᠲᠦᠪᠰᠢᠨ ᠤ ᠬᠦᠮᠦᠵᠢᠯ ᠳᠤ ᠠᠶᠤᠯ ᠠᠴᠠ ᠵᠠᠶᠢᠯᠠᠬᠤ ᠪᠤᠯᠪᠠᠰᠤᠷᠠᠯ᠂ ᠦᠪᠡᠷ ᠢ ᠪᠠᠨ ᠠᠪᠤᠷᠠᠬᠤ ᠵᠡᠷᠭᠡ ᠲᠠᠯ᠎ᠠ ᠶᠢᠨ ᠪᠤᠯᠪᠠᠰᠤᠷᠠᠯ ᠪᠠᠷᠤᠭ ᠪᠠᠶᠢᠬᠤ ᠦᠭᠡᠢ ᠪᠠᠶᠢᠳᠠᠭ᠂ ᠡᠨᠡ ᠨᠢ ᠪᠢᠳᠠᠠ ᠤ ᠠᠩᠬᠠᠷᠤᠨ ᠴᠢᠬᠤᠯᠠᠴᠢᠯᠠᠭᠤᠰᠢᠳᠠᠢ ᠲᠠᠯ᠎ᠠ ᠪᠤᠯᠤᠨ᠎ᠠ᠃

ᠬᠤᠶᠠᠷ᠂ ᠰᠤᠷᠭᠠᠠ ᠬᠦᠮᠦᠵᠢᠯ ᠤᠨ ᠬᠢᠴᠢᠶᠡᠯᠯᠡᠭᠡ ᠶᠢᠨ ᠲᠤᠬᠢᠷᠠᠭᠤᠯᠤᠯᠳᠠ ᠶᠢᠨ ᠬᠠᠷᠢᠴᠠᠭᠤᠯᠤᠯ

(ᠨᠢᠭᠡ) ᠶᠠᠫᠦᠨ

1᠂ ᠠᠵᠢᠯᠯᠠᠭ᠎ᠠ ᠶᠢᠨ ᠬᠡᠯᠪᠡᠷᠢ — ᠬᠡᠦᠬᠡᠳ ᠤᠨ ᠴᠡᠴᠡᠷᠯᠢᠭ ᠤᠨ ᠠᠮᠢᠳᠤᠷᠠᠯ ᠤᠨ ᠬᠡᠯᠪᠡᠷᠢ ᠶᠢ ᠲᠤᠷ᠎ᠠ ᠶᠢᠨ ᠠᠵᠢᠯᠯᠠᠭ᠎ᠠ ᠪᠠ ᠬᠠᠮᠳᠤ ᠶᠢᠨ ᠠᠵᠢᠯᠯᠠᠭ᠎ᠠ ᠭᠡᠵᠤ ᠬᠤᠪᠢᠶᠠᠳᠠᠭ ᠨᠢ ᠮᠠᠨ ᠤ ᠤᠯᠤᠰ ᠲᠠᠢ ᠠᠳᠠᠯᠢ ᠦᠭᠡᠢ ᠶᠤᠮ᠃ ᠶᠠᠫᠦᠨ ᠤ ᠬᠡᠦᠬᠡᠳ ᠤᠨ ᠴᠡᠴᠡᠷᠯᠢᠭ  ᠨᠢ ᠲᠤᠷ᠎ᠠ ᠶᠢᠨ ᠠᠵᠢᠯᠯᠠᠭ᠎ᠠ ᠪᠠᠷ ᠭᠤᠤᠯ ᠴᠤᠭᠴᠠ ᠪᠤᠯᠭᠠᠵᠤ᠂ ᠠᠩᠬᠢ ᠨᠢᠭᠡᠴᠡ᠂ ᠡᠯ᠎ᠠ ᠨᠠᠰᠤᠨ ᠤ ᠱᠠᠳᠤᠨ ᠳᠠᠬᠢ ᠬᠡᠦᠬᠡᠳ ᠲᠤ ᠦᠪᠡᠷ ᠤᠨ ᠲᠤᠷ᠎ᠠ ᠰᠤᠨᠢᠷᠬᠠᠯ ᠢᠶᠠᠨ ᠦᠨᠳᠦᠰᠦᠯᠠᠠ ᠭᠡᠷ ᠤᠨ ᠭᠠᠳᠠᠨᠡᠬᠢ ᠲᠤᠮᠤ ᠬᠡᠯᠪᠡᠷᠢ ᠶᠢᠨ ᠪᠠᠶ᠎ᠠ ᠶᠢᠨ ᠬᠦᠳᠡᠯᠭᠡᠭᠡᠡ ᠤ ᠪᠠᠭᠠᠵᠢ ᠲᠤᠨᠤᠭ (ᠲᠡᠬᠦᠵᠢᠩ᠂ ᠲᠡᠪᠬᠡᠷᠭᠡ ᠤᠷᠣ᠂ ᠠᠪᠠᠷᠢᠬᠤ ᠵᠢᠶᠠᠰᠠ ᠵᠡᠷᠭᠡ)᠂ ᠪᠠᠭ᠎ᠠ ᠬᠡᠯᠪᠡᠷᠢ ᠶᠢᠨ ᠬᠦᠳᠡᠯᠭᠡᠭᠡᠨ ᠤ ᠪᠠᠭᠠᠵᠢ ᠬᠡᠷᠡᠭᠰᠡᠯ ( ᠪᠦᠮᠪᠦᠭᠡ᠂ ᠲᠡᠭᠡᠰᠤ᠂ ᠡᠯᠡᠰᠤ ᠵᠡᠷᠭᠡ ᠪᠠᠭᠠᠵᠢ ᠬᠡᠷᠡᠭᠰᠡᠯ) ᠵᠢᠴᠢ ᠭᠡᠷ ᠲᠤᠳᠤᠷᠠᠭᠢ ᠨᠠᠭᠠᠳᠤᠮ ᠲᠤᠭᠯᠠᠭᠠᠮ ᠤᠨ ᠵᠦᠢᠯᠡᠰ (ᠵᠡᠷᠭᠡᠯᠡᠬᠦ ᠮᠤᠳᠤᠨ ᠲᠤᠭᠯᠠᠭᠠᠮ ᠵᠡᠷᠭᠡᠯᠡᠬᠦ᠂ ᠨᠤᠮ ᠪᠢᠴᠢᠭ ᠵᠢᠷᠤᠭ ᠲᠠᠪᠳᠠᠷ ᠵᠡᠷᠭᠡ) ᠋ ᠢ ᠰᠠᠶᠢᠨ ᠲᠤᠷ᠎ᠠ ᠠᠴᠠ ᠪᠠᠨ ᠰᠤᠩᠭᠤᠵᠤ ᠨᠠᠭᠠᠳᠬᠤ ᠪᠤᠶᠤ ᠰᠣᠨᠢᠷᠬᠠᠬᠤ᠂ ᠬᠡᠦᠬᠡᠳ ᠤᠨ ᠰᠡᠳᠬᠢᠴᠡ ᠶᠢᠨ ᠲᠠᠯ᠎ᠠ ᠪᠠᠷ ᠬᠢ ᠲᠤᠷ᠎ᠠ ᠪᠠᠬ᠎ᠠ ᠶᠢ ᠠᠯᠢ ᠴᠢᠳᠠᠬᠤᠢᠢᠴᠠ ᠪᠠᠷ ᠬᠠᠩᠭᠠᠵᠤ᠂ ᠡᠷᠡᠬᠦᠯ ᠬᠦᠭᠵᠢᠯᠳᠡ ᠶᠢ ᠠᠬᠢᠭᠤᠯᠳᠠᠭ ᠁ ᠶᠠᠫᠦᠨ ᠤ ᠬᠡᠦᠬᠡᠳ ᠤᠨ ᠴᠡᠴᠡᠷᠯᠢᠭ ᠨᠢ ᠲᠤᠭᠯᠠᠭᠠᠮ ᠢᠶᠠᠷ ᠵᠠᠭᠤᠴᠢ ᠪᠤᠯᠭᠠᠵᠤ᠂ ᠬᠡᠦᠬᠡᠳ ᠤᠨ ᠮᠡᠳᠡᠷᠡᠬᠦ ᠴᠢᠳᠠᠪᠤᠷᠢ ᠶᠢ ᠬᠦᠢᠴᠡᠳ ᠬᠦᠮᠦᠵᠢᠬᠦᠯᠵᠤ᠂ ᠨᠠᠭᠠᠳᠤᠮ ᠤᠨ ᠶᠠᠪᠤᠴᠠ ᠳᠤ ᠮᠡᠳᠡᠯᠭᠡ ᠬᠤᠷᠠᠮᠳᠤᠭᠤᠯᠤᠨ᠂ ᠲᠤᠷᠰᠢᠯᠭ᠎ᠠ ᠪᠠᠨ ᠪᠠᠳᠤᠳᠬᠠᠵᠤ᠂ ᠡᠬᠦᠨ ᠤ ᠤᠯᠠᠮ ᠢᠶᠠᠷ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠳᠠᠭ ᠪᠠᠶᠢᠨ᠎ᠠ᠃

ᠡᠳᠤᠷ ᠪᠦᠷᠢ ᠶᠢᠨ ᠲᠦᠯᠦᠪᠯᠡᠭᠡ ᠲᠠᠢ᠂ ᠵᠤᠬᠢᠶᠠᠠ ᠪᠠᠶᠢᠭᠤᠯᠤᠯᠳᠠ ᠲᠠᠢ ᠰᠤᠷᠭᠠᠠ ᠬᠦᠮᠦᠵᠢᠯ ᠤᠨ ᠠᠵᠢᠯᠯᠠᠭ᠎ᠠ ᠲᠤᠳᠤᠷ᠎ᠠ᠂ ᠬᠠᠮᠳᠤ ᠶᠢᠨ ᠠᠵᠢᠯᠯᠠᠭ᠎ᠠ ᠶᠢᠨ ᠴᠠᠭ ᠤᠨ ᠡᠵᠡᠯᠡᠬᠦ ᠬᠠᠷᠢᠴᠠᠯ ᠨᠢ ᠲᠤᠩ ᠪᠠᠭ᠎ᠠ᠂ ᠪᠠᠷᠤᠭ ᠡᠳᠤᠷ ᠲᠤ 20—50 ᠮᠢᠨᠦ᠋ᠲ ᠯᠠ ᠪᠠᠶᠢᠳᠠᠭ᠃ ᠡᠬᠦᠨ ᠳᠡᠭᠡᠨ ᠭᠤᠤᠯᠳᠠᠭᠤ ᠮᠠᠨᠳᠤ ᠠᠰᠠᠭᠤᠬᠤ᠂ ᠲᠠᠭᠤᠤ ᠲᠠᠭᠤᠯᠠᠬᠤ᠂ ᠦᠯᠢᠭᠡᠷ ᠰᠤᠨᠤᠰᠬᠤ᠂ ᠴᠠᠭᠠᠰᠤ ᠨᠤᠭᠤᠯᠬᠤ ᠠᠵᠢᠯᠯᠠᠭ᠎ᠠ ᠵᠡᠷᠭᠡ ᠰᠠᠭᠤᠷᠢ ᠮᠡᠳᠡᠯᠭᠡ᠂ ᠦᠨᠳᠦᠰᠦᠨ ᠤᠷ᠎ᠠ ᠴᠢᠳᠠᠪᠤᠷᠢ ᠶᠢᠨ ᠬᠦᠮᠦᠵᠢᠯ ᠬᠢᠳᠡᠭ᠃

2᠂ ᠬᠢᠴᠢᠶᠠᠯᠯᠡᠭᠡ ᠶᠢᠨ ᠲᠤᠬᠢᠷᠠᠭᠤᠯᠤᠯᠳᠠ — ᠡᠯ᠎ᠠ ᠬᠦᠷᠢᠶ᠎ᠠ ᠬᠡᠪᠴᠢᠶᠠᠠ ᠤ ᠰᠤᠷᠭᠠᠠ ᠬᠦᠮᠦᠵᠢᠯ ᠤᠨ ᠠᠭᠤᠯᠭ᠎ᠠ ᠶᠢ ᠶᠠᠷᠦᠩᠬᠡᠶᠢᠯᠡᠭᠡᠳ ᠬᠡᠦᠬᠡᠳ ᠤᠨ ᠴᠡᠴᠡᠷᠯᠢᠭ ᠤᠨ 《ᠠᠵᠢᠯᠯᠠᠭ᠎ᠠ》 ᠋ ᠭᠡᠳᠡᠭ᠃ ᠶᠠᠫᠦᠨ ᠤ ᠬᠡᠦᠬᠡᠳ ᠤᠨ ᠴᠡᠴᠡᠷᠯᠢᠭ ᠤᠨ ᠤᠯᠠᠩᠬᠢ ᠠᠵᠢᠯᠯᠠᠭ᠎ᠠ ᠳᠤ ᠭᠡᠷ ᠤᠨ ᠠᠬᠠᠮᠠᠳ ᠢ ᠤᠷᠤᠯᠴᠠᠭᠤᠯᠳᠠᠭ ᠦᠭᠡᠢ᠂ ᠬᠡᠦᠬᠡᠳ ᠤᠨ ᠴᠡᠴᠡᠷᠯᠢᠭ ᠠᠴᠠ ᠲᠤᠭᠳᠠᠭᠰᠠᠠ ᠬᠤᠭᠤᠴᠠᠭ᠎ᠠ ᠲᠠᠢ  ᠪᠠᠷ ᠴᠡᠴᠡᠷᠯᠢᠭ ᠤᠨ ᠢᠶᠠᠨ ᠭᠤᠤᠯ ᠭᠤᠤᠯ ᠠᠵᠢᠯᠯᠠᠭ᠎ᠠ ᠵᠢᠴᠢ ᠰᠤᠷᠭᠠᠠ ᠬᠦᠮᠦᠵᠢᠯ ᠤᠨ ᠠᠭᠤᠯᠭ᠎ᠠ ᠶᠢ ᠴᠠᠭᠠᠰᠤᠨ ᠲᠡᠭᠡᠷ᠎ᠠ ᠲᠠᠷᠤᠮᠠᠯᠯᠠᠠ ᠮᠠᠲ᠋ᠧᠷᠢᠶᠠᠯ ᠤᠨ ᠬᠡᠯᠪᠡᠷᠢ ᠪᠠᠷ ᠭᠡᠷ ᠤᠨ ᠠᠬᠠᠮᠠᠳ ᠲᠤ ᠮᠡᠳᠡᠭᠳᠡᠳᠡᠭ᠃

(ᠬᠤᠶᠠᠷ) ᠲᠤᠮᠳᠠᠳᠤ ᠤᠯᠤᠰ

ᠲᠤᠮᠳᠠᠳᠤ ᠤᠯᠤᠰ ᠤᠨ ᠬᠡᠦᠬᠡᠳ ᠤᠨ ᠴᠡᠴᠡᠷᠯᠢᠭ ᠤᠨ ᠬᠢᠴᠢᠶᠡᠯᠯᠡᠭᠡ ᠶᠢᠨ ᠲᠤᠬᠢᠷᠠᠭᠤᠯᠤᠯᠳᠠ ᠳᠤ ᠬᠠᠶᠢᠷ᠎ᠠ ᠰᠡᠳᠬᠢᠯᠭᠡ ᠶᠢᠨ ᠬᠦᠮᠦᠵᠢᠯ ᠢ ᠲᠦᠢᠯ ᠢᠶᠠᠷ ᠴᠢᠬᠤᠯᠠᠴᠢᠯᠠᠳᠠᠭ᠃ ᠵᠢᠱᠢᠶᠠᠯᠠᠪᠠᠯ ᠬᠡᠦᠬᠡᠳ ᠲᠤ ᠤᠯᠤᠰ ᠢᠶᠠᠨ ᠬᠠᠶᠢᠷᠠᠯᠠᠬᠤ᠂ ᠭᠡᠷ ᠤᠷᠤᠨ ᠢᠶᠠᠨ ᠬᠠᠶᠢᠷᠠᠯᠠᠬᠤ᠂ ᠬᠠᠮᠳᠤ ᠨᠠᠶᠢᠳᠠ ᠪᠠᠨ ᠬᠠᠶᠢᠷᠠᠯᠠᠬᠤ᠂ ᠬᠦᠳᠡᠯᠮᠤᠷᠢ ᠶᠢ ᠬᠠᠶᠢᠷᠠᠯᠠᠬᠤ ᠵᠡᠷᠭᠡ ᠬᠠᠶᠢᠷ᠎ᠠ ᠰᠡᠳᠬᠢᠯᠭᠡ ᠶᠢᠨ ᠬᠦᠮᠦᠵᠢᠯ ᠢ ᠢᠯᠡᠬᠦᠭᠡᠡ ᠬᠢᠵᠤ᠂ ᠬᠡᠦᠬᠡᠳ ᠤᠨ ᠬᠠᠷᠢᠴᠠᠬᠤᠢ ᠴᠢᠳᠠᠪᠤᠷᠢ ᠶᠢᠨ ᠬᠦᠭᠵᠢᠯᠳᠡ ᠶᠢ ᠪᠦᠳᠦᠮᠵᠢᠳᠠᠢ ᠠᠬᠢᠭᠤᠯᠳᠠᠭ᠃ ᠡᠬᠦᠨ ᠤ ᠲᠠᠭᠠᠤ ᠮᠠᠨ ᠤ ᠤᠯᠤᠰ ᠤᠨ ᠰᠤᠷᠭᠠᠠ ᠬᠦᠮᠦᠵᠢᠯ ᠤᠨ ᠵᠤᠷᠢᠯᠭ᠎ᠠ ᠶᠢᠨ ᠲᠤᠬᠢᠷᠠᠭᠤᠯᠤᠯᠳᠠ ᠲᠡᠭᠡᠷ᠎ᠠ ᠬᠡᠦᠬᠡᠳ ᠤᠨ ᠭᠤᠸ᠎ᠠ ᠰᠠᠶᠢᠬᠠᠨ ᠤ ᠬᠦᠷᠳᠡᠭᠡᠯ ᠵᠢᠴᠢ ᠢᠯᠡᠷᠡᠬᠦᠯᠬᠦ ᠴᠢᠳᠠᠪᠤᠷᠢ ᠶᠢ ᠬᠦᠮᠦᠵᠢᠬᠦᠯᠬᠦ ᠶᠢ ᠴᠢᠬᠤᠯᠠᠴᠢᠯᠠᠳᠠᠭ᠃ ᠤᠷ᠎ᠠ ᠮᠡᠷᠭᠡᠰᠢᠯ ᠢ ᠤᠯᠠᠮᠵᠢᠯᠠᠬᠤ ᠶᠢ ᠤᠨᠴᠠᠭᠠᠢ ᠴᠢᠬᠤᠯᠠᠴᠢᠯᠠᠭᠰᠠᠠ ᠢᠶᠠᠷ ᠬᠡᠦᠬᠡᠳ ᠤᠳ ᠤᠨ ᠭᠤᠸ᠎ᠠ ᠰᠠᠶᠢᠬᠠᠠ ᠤ ᠢᠯᠡᠳᠭᠡᠬᠦ ᠴᠢᠳᠠᠪᠤᠷᠢ ᠨᠠᠯᠢᠶᠠᠳ ᠴᠢᠩᠭ᠎ᠠ ᠪᠠᠶᠢᠳᠠᠭ᠃

ᠭᠤᠷᠪᠠ᠂ ᠳ᠋ᠦᠩᠨᠡᠯᠳᠡ ᠪᠠ ᠵᠠᠳᠠᠯᠤᠯᠳᠠ

ᠶᠠᠫᠦᠨ ᠤ ᠬᠡᠦᠬᠡᠳ ᠤᠨ ᠴᠡᠴᠡᠷᠯᠢᠭ ᠤᠨ ᠰᠤᠷᠭᠠᠠ ᠬᠦᠮᠦᠵᠢᠯ ᠤᠨ ᠤᠨᠴᠠᠯᠢᠭ

1᠂ ᠬᠡᠦᠬᠡᠳ ᠢ ᠨᠡᠶᠢᠬᠡᠮ ᠲᠠᠢ ᠦᠢᠷᠠᠳᠤᠭᠤᠯᠬᠤ᠂ ᠪᠠᠶᠢᠭᠠᠯᠢ ᠤᠷᠴᠢᠨ ᠲᠠᠢ ᠦᠢᠷᠠᠳᠤᠭᠤᠯᠬᠤ ᠪᠠᠷ ᠰᠠᠭᠤᠷᠢ ᠪᠤᠯᠭᠠᠭᠰᠠᠠ ᠤᠯᠠᠠ ᠬᠡᠯᠪᠡᠷᠢ ᠮᠠᠶ᠋ᠢᠭ ᠢᠶᠠᠷ ᠦᠪᠡᠷ ᠢᠶᠠᠨ ᠠᠵᠢᠯᠯᠠᠭ᠎ᠠ ᠦᠷᠨᠢᠬᠦᠯᠬᠦ ᠵᠠᠷᠴᠢᠮ ᠢ ᠪᠠᠷᠢᠮᠳᠠᠯᠠᠵᠤ᠂ ᠬᠡᠦᠬᠡᠳ ᠤᠨ ᠦᠪᠡᠷ ᠢᠶᠠᠨ ᠡᠵᠡᠡ ᠮᠡᠳᠡᠬᠦ᠂ ᠪᠠᠶ᠎ᠠ ᠪᠠᠨ ᠲᠠᠭᠠᠭᠠᠬᠤ᠂ ᠦᠪᠡᠷ ᠢ ᠪᠠᠨ ᠱᠠᠭᠠᠷᠳᠠᠬᠤ ᠴᠢᠳᠠᠪᠤᠷᠢ ᠶᠢ ᠬᠦᠮᠦᠵᠢᠬᠦᠯᠬᠦ ᠪᠠᠷ ᠬᠠᠷᠠᠯᠳᠠ ᠪᠤᠯᠭᠠᠵᠤ᠂ ᠬᠡᠦᠬᠡᠳ ᠤᠨ ᠪᠠᠶ᠎ᠠ ᠰᠡᠳᠬᠢᠴᠡ ᠶᠢ ᠡᠷᠡᠬᠦᠯ ᠢᠶᠠᠷ ᠬᠦᠭᠵᠢᠬᠦᠯᠳᠡᠭ᠃

2᠂ ᠶᠠᠫᠦᠨ ᠤ ᠬᠡᠦᠬᠡᠳ ᠤᠨ ᠴᠡᠴᠡᠷᠯᠢᠭ ᠤᠨ ᠰᠤᠷᠭᠠᠠ ᠬᠦᠮᠦᠵᠢᠯ ᠳᠤ ᠬᠡᠦᠬᠡᠳ ᠤᠨ ᠡᠯ᠎ᠠ ᠲᠠᠯ᠎ᠠ ᠶᠢᠨ ᠠᠵᠢᠯᠯᠠᠭ᠎ᠠ ᠳᠠᠬᠢ ᠲᠤᠷ᠎ᠠ ᠰᠤᠨᠢᠷᠬᠠᠯ᠂ ᠤᠷᠮ᠎ᠠ ᠪᠠᠬ᠎ᠠ ᠶᠢ ᠴᠢᠬᠤᠯᠠᠴᠢᠯᠠᠵᠤ᠂ ᠬᠡᠦᠬᠡᠳ ᠤᠳ ᠤᠨ ᠡᠯ᠎ᠠ ᠵᠦᠢᠯ ᠤᠨ ᠠᠵᠢᠯᠯᠠᠭ᠎ᠠ ᠶᠢᠨ ᠲᠤᠮᠳᠠᠬᠢ ᠭᠤᠤᠯ ᠴᠤᠭᠴᠠ ᠶᠢᠨ ᠪᠠᠶᠢᠷᠢ ᠰᠠᠭᠤᠷᠢ ᠶᠢ ᠪᠠᠳᠤᠯᠠᠠ᠂ ᠬᠡᠦᠬᠡᠳ ᠤᠨ ᠡᠯ᠎ᠠ ᠵᠦᠢᠯ ᠤᠨ ᠠᠵᠢᠯᠯᠠᠭ᠎ᠠ ᠳᠤ ᠤᠷᠤᠯᠴᠠᠬᠤ ᠶᠠᠪᠤᠴᠠ ᠳᠠᠬᠢ ᠤᠷᠮ᠎ᠠ ᠰᠡᠳᠬᠢᠯᠭᠡ᠂ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠬᠢ ᠲᠦᠷᠦᠭᠳᠡᠯ ᠵᠢᠴᠢ ᠠᠮᠢᠳᠤᠷᠠᠯ ᠤᠨ ᠲᠤᠷᠰᠢᠯᠭ᠎ᠠ ᠶᠢᠨ ᠬᠤᠷᠠᠮᠳᠤᠭᠤᠯᠤᠯ ᠢ ᠠᠩᠬᠠᠷᠳᠠᠭ ᠶᠤᠮ᠃

 

ᠢᠷᠡᠯᠲᠡ᠄      ᠨᠠᠶᠢᠷᠠᠭᠤᠯᠤᠭᠴᠢ᠄