home
home

    ᠬᠦᠭᠵᠢᠭᠰᠡᠡ ᠤᠯᠤᠰ ᠤᠳ ᠤᠨ ᠭᠡᠷ ᠪᠦᠯᠢ ᠶᠢᠨ ᠰᠤᠷᠭᠠᠠ ᠬᠦᠮᠦᠵᠢᠯ

2016-10-06  11:52

ᠠᠮᠧᠷᠢᠺᠠ ᠤᠯᠤᠰ ᠲᠤ ᠭᠡᠷ ᠪᠦᠯᠢ ᠶᠢᠨ ᠰᠤᠷᠭᠠᠠ ᠬᠦᠮᠦᠵᠢᠯ ᠨᠢ ᠬᠡᠦᠬᠡᠳ ᠤᠨ ᠡᠬᠦᠳᠦᠨ ᠪᠦᠳᠦᠭᠡᠬᠦ ᠵᠤᠷᠢᠭ ᠰᠠᠨᠠᠭ᠎ᠠ᠂ ᠪᠠᠶ᠎ᠠ  ᠪᠠᠨ ᠲᠠᠭᠠᠭᠠᠭᠰᠠᠠ ᠬᠦᠮᠦᠨ ᠪᠤᠯᠬᠤ ᠶᠢ ᠬᠦᠮᠦᠵᠢᠬᠦᠯᠬᠦ ᠪᠠᠷ ᠭᠠᠷᠤᠭ᠎ᠠ ᠪᠤᠯᠭᠠᠳᠠᠭ ᠰᠠᠠ᠃ ᠠᠪᠤ ᠡᠵᠢ ᠨᠢ ᠬᠡᠦᠬᠡᠳ ᠢᠶᠠᠨ ᠬᠠᠷᠠᠬᠠᠠ ᠪᠠᠭ᠎ᠠ ᠠᠴᠠ ᠨᠢ ᠬᠦᠳᠡᠯᠮᠤᠷᠢᠯᠡᠬᠦ ᠶᠢᠨ ᠦᠨ᠎ᠠ ᠦᠷᠳᠡᠭ ᠢ ᠲᠠᠨᠢᠭᠤᠯᠵᠤ᠂ ᠬᠡᠦᠬᠡᠳ ᠤᠨ ᠢᠶᠠᠨ ᠡᠪᠳᠡᠷᠡᠭᠰᠡᠡ ᠨᠠᠭᠠᠳᠤᠮ ᠤᠨ ᠮᠠᠰᠢᠨ ᠲᠤᠨᠤᠭ ᠢ ᠦᠪᠡᠷ ᠤᠨ ᠪᠡᠶ᠎ᠡ ᠪᠠᠷ ᠨᠢ ᠵᠠᠰᠠᠭᠤᠯᠬᠤ ᠪᠤᠶᠤ ᠭᠠᠳᠠᠨ᠎ᠠ ᠭᠠᠷᠭᠠᠵᠤ ᠬᠦᠳᠡᠯᠮᠤᠷᠢᠯᠡᠬᠦ ᠪᠠᠷ ᠲᠠᠮᠵᠢᠭᠤᠯᠤᠨ ᠪᠠᠶ᠎ᠠ ᠪᠠᠨ ᠲᠠᠭᠠᠭᠠᠬᠤ ᠬᠦᠮᠦᠵᠢᠯ ᠬᠦᠷᠳᠡᠭᠡᠳᠡᠭ᠃ ᠪᠠᠶᠠᠠ ᠠᠶᠢᠯ ᠤᠨ ᠬᠡᠦᠬᠡᠳ ᠪᠤᠯᠪᠠᠴᠤ ᠪᠠᠶ᠎ᠠ ᠪᠠᠨ ᠲᠠᠭᠠᠭᠠᠵᠤ ᠠᠮᠢᠳᠤᠷᠠᠬᠤ ᠵᠠᠮ ᠢᠶᠠᠨ ᠡᠷᠢᠳᠡᠭ ᠃ ᠠᠮᠧᠷᠢᠺᠠ ᠶᠢᠨ ᠲᠤᠮᠳᠠᠳᠤ ᠰᠤᠷᠭᠠᠭᠤᠯᠢ ᠳᠤ 《ᠵᠤᠭᠤᠰ ᠵᠠᠷᠤᠶ᠎ᠠ ᠭᠡᠪᠡᠯ ᠦᠪᠡᠷ ᠢᠶᠠᠨ ᠤᠯᠤᠨ᠎ᠠ》 ᠋ ᠭᠡᠰᠡᠡ ᠦᠭᠡ ᠲᠡᠯᠭᠡᠷᠡᠵᠤ ᠪᠠᠶᠢᠳᠠᠭ᠃ ᠲᠠᠷᠢᠶᠠᠴᠢᠨ ᠠᠶᠢᠯ ᠤᠨ ᠬᠡᠦᠬᠡᠳ ᠡᠪᠡᠰᠤ ᠬᠠᠳᠤᠬᠤ᠂ ᠭᠡᠷ ᠪᠠᠶᠢᠰᠢᠩ ᠢᠶᠠᠨ ᠱᠤᠸᠠᠵᠠᠳᠠᠬᠤ ᠵᠡᠷᠭᠡ ᠠᠵᠢᠯ ᠤᠳ ᠢ ᠬᠢᠳᠡᠭ᠃

ᠰᠸᠢᠰ ᠤᠯᠤᠰ ᠲᠤ ᠡᠴᠢᠭᠡ ᠡᠭᠡ ᠨᠢ ᠬᠡᠦᠬᠡᠳ ᠢᠶᠠᠨ ᠴᠢᠳᠠᠯ ᠦᠭᠡᠢ ᠬᠦᠮᠦᠨ ᠪᠤᠯᠭᠠᠬᠤ ᠦᠭᠡᠢ ᠶᠢᠨ ᠲᠦᠯᠦᠭᠡ᠂ ᠬᠠᠷᠠᠬᠠᠠ ᠪᠠᠭ᠎ᠠ ᠠᠴᠠ ᠨᠢ ᠬᠡᠦᠬᠡᠳ ᠤᠨ ᠢᠶᠠᠨ ᠪᠠᠶ᠎ᠠ ᠪᠠᠨ ᠲᠠᠭᠠᠭᠠᠬᠤ ᠴᠢᠳᠠᠪᠤᠷᠢ ᠶᠢ ᠬᠦᠮᠦᠵᠢᠬᠦᠯᠳᠡᠭ᠃ ᠵᠢᠱᠢᠶᠠᠯᠠᠪᠠᠯ᠂ ᠠᠷᠪᠠᠠ ᠵᠢᠷᠭᠤᠭ᠎ᠠ ᠲᠤᠯᠤᠭᠠᠠ ᠨᠠᠰᠤ ᠬᠦᠷᠦᠭᠰᠡᠡ ᠦᠬᠢᠨ ᠠᠩᠬ᠎ᠠ ᠲᠤᠮᠳᠠᠳᠤ ᠪᠠᠨ ᠲᠡᠬᠦᠰᠭᠡᠮᠡᠭᠴᠡ ᠭᠡᠷ ᠤᠨ ᠰᠤᠷᠳᠠᠯ ᠪᠤᠯᠪᠠᠰᠤᠷᠠᠯ ᠢᠶᠠᠷ ᠴᠢᠩᠭ᠎ᠠ ᠠᠶᠢᠯ ᠳᠤ ᠤᠴᠢᠵᠤ᠂ ᠵᠢᠯ ᠰᠢᠬᠠᠮ ᠡᠮᠡᠭᠳᠡᠢ ᠵᠠᠷᠤᠴᠠ ᠪᠤᠯᠳᠠᠬ᠂ ᠦᠳᠡ ᠶᠢᠨ ᠡᠮᠤᠨ᠎ᠠ ᠨᠢ ᠬᠦᠳᠡᠯᠮᠤᠷᠢᠯᠡᠵᠤ᠂ ᠦᠳᠡ ᠶᠢᠨ ᠬᠤᠶᠢᠨ᠎ᠠ ᠨᠢ ᠬᠢᠴᠢᠶᠠᠯ ᠤᠷᠤᠨ᠎ᠠ᠃ ᠢᠩᠬᠢᠬᠦ ᠨᠢ ᠨᠢᠭᠡ ᠲᠠᠯ᠎ᠠ ᠪᠠᠷ ᠬᠡᠦᠬᠡᠳ ᠤᠨ ᠬᠦᠳᠡᠯᠮᠤᠷᠢᠯᠡᠬᠦ ᠴᠢᠳᠠᠪᠤᠷᠢ ᠶᠢ ᠪᠤᠯᠪᠠᠰᠤᠷᠠᠭᠤᠯᠤᠨ᠂ ᠪᠠᠶ᠎ᠠ ᠪᠠᠨ ᠲᠠᠭᠠᠭᠠᠵᠤ ᠠᠮᠢᠳᠤᠷᠠᠬᠤ ᠵᠠᠮ ᠢ ᠡᠷᠢᠯᠬᠢᠯᠡᠬᠦ ᠳᠤᠨᠢ ᠲᠤᠰᠠ ᠲᠠᠮᠵᠢᠯᠭᠡ ᠪᠤᠯᠳᠠᠭ᠃ ᠨᠦᠬᠦᠭᠡ ᠲᠠᠯ᠎ᠠ ᠪᠠᠷ ᠬᠡᠦᠬᠡᠳ ᠤᠨ ᠦᠭᠡ ᠬᠡᠯᠡᠡ ᠤ ᠢᠯᠡᠳᠭᠡᠬᠦ ᠴᠢᠳᠠᠪᠤᠷᠢ ᠶᠢ ᠲᠡᠭᠡᠭᠰᠢᠯᠡᠬᠦᠯᠬᠦ ᠳᠤ ᠠᠰᠢᠭᠳᠠᠢ ᠪᠠᠶᠢᠳᠠᠭ᠃

ᠶᠠᠫᠦᠨ ᠤᠯᠤᠰ ᠲᠤ᠂ ᠬᠡᠦᠬᠡᠳ ᠤᠨ ᠤᠶᠤᠨ ᠰᠠᠨᠠᠭᠠᠠ ᠳᠤᠨᠢ ᠪᠠᠭ᠎ᠠ ᠠᠴᠠ ᠨᠢ 《ᠪᠤᠰᠤᠳ ᠲᠤ ᠶᠠᠷᠰᠢᠭ ᠲᠦᠪᠡᠭ ᠲᠠᠳᠠᠬᠤ ᠦᠭᠡᠢ》 ᠋ ᠭᠡᠬᠦ ᠦᠵᠡᠯ ᠰᠠᠨᠠᠭᠠᠠ ᠤ ᠬᠦᠮᠦᠵᠢᠯ ᠬᠦᠷᠳᠡᠭᠡᠳᠡᠭ ᠪᠦᠭᠡᠳ ᠡᠳᠤᠷ ᠲᠤᠳᠤᠮ ᠤᠨ ᠠᠮᠢᠳᠤᠷᠠᠯ ᠲᠤᠮᠳᠠ ᠪᠠᠨ ᠬᠡᠦᠬᠡᠳ ᠤᠨ ᠪᠠᠶ᠎ᠠ ᠪᠠᠨ ᠲᠠᠭᠠᠭᠠᠬᠤ ᠴᠢᠳᠠᠪᠤᠷᠢ ᠪᠠ ᠦᠪᠡᠷ ᠢᠶᠠᠨ ᠬᠦᠴᠦᠷᠭᠡᠭᠵᠢᠬᠦ ᠵᠤᠷᠢᠭ ᠰᠠᠨᠠᠭ᠎ᠠ ᠶᠢ ᠠᠩᠬᠠᠷᠤᠨ ᠬᠦᠮᠦᠵᠢᠬᠦᠯᠳᠡᠭ ᠶᠤᠮ᠃ ᠪᠦᠬᠦ ᠭᠡᠷ ᠢᠶᠠᠷ ᠢᠶᠠᠨ ᠭᠠᠳᠠᠭᠰᠢ ᠭᠠᠷᠴᠤ ᠵᠤᠭᠠᠴᠠᠬᠤ ᠦᠶᠡᠰ᠂ ᠬᠡᠳᠤᠢ ᠪᠠᠭ᠎ᠠ ᠬᠡᠦᠬᠡᠳ ᠪᠤᠯᠪᠠᠴᠤ ᠴᠦᠮ ᠨᠢᠭᠡ ᠪᠤᠭᠴᠤ ᠡᠬᠦᠷᠴᠤ ᠶᠠᠪᠤᠳᠠᠭ᠃ ᠶᠠᠭᠠᠬᠢᠭᠠᠳ ᠪᠤᠢ ᠭᠡᠪᠡᠯ 《ᠲᠤᠳᠤᠷ᠎ᠠ ᠨᠢ ᠲᠡᠳᠡᠡ ᠤ ᠦᠪᠡᠷ ᠤᠨ ᠬᠢᠨᠢ ᠬᠡᠷᠡᠭᠯᠡᠳᠡᠭ ᠵᠦᠢᠯᠡᠰ ᠪᠠᠶᠢᠭ᠎ᠠ ᠲᠤᠯᠠ ᠲᠡᠳᠡ ᠦᠪᠡᠷ ᠢᠶᠠᠨ ᠡᠬᠦᠷᠴᠤ ᠶᠠᠪᠤᠬᠤ ᠶᠤᠰᠦᠳᠠᠢ》 ᠋ ᠭᠡᠨ᠎ᠠ᠃ ᠰᠤᠷᠭᠠᠭᠤᠯᠢ ᠳᠤ ᠤᠷᠤᠭᠰᠠᠠ ᠤ ᠲᠠᠷᠠᠭ᠎ᠠ᠂ ᠤᠯᠠᠩᠬᠢ ᠰᠤᠷᠤᠭᠴᠢᠳ ᠬᠢᠴᠢᠶᠠᠯ ᠤᠨ ᠭᠠᠳᠠᠨᠠᠬᠢ ᠴᠠᠭ ᠢᠶᠠᠷ ᠢᠶᠠᠨ ᠬᠦᠳᠡᠯᠮᠤᠷᠢᠯᠡᠵᠤ ᠵᠤᠭᠤᠰ ᠤᠯᠳᠠᠭ ᠪᠢᠯᠠ᠃ ᠶᠡᠭᠡ ᠰᠤᠷᠭᠠᠭᠤᠯᠢ ᠶᠢᠨ ᠤᠶᠤᠳᠠᠳ ᠠᠵᠢᠯᠴᠢ ᠠᠷᠪᠢᠴᠢ ᠪᠠᠷ ᠰᠤᠷᠤᠯᠭ᠎ᠠ ᠪᠠᠨ ᠲᠡᠳᠬᠦᠵᠤ ᠪᠠᠶᠢᠭ᠎ᠠ ᠶᠠᠪᠤᠳᠠᠯ ᠵᠦᠩᠳᠡᠭᠡᠡ ᠬᠠᠷᠠᠭᠳᠠᠵᠤ ᠪᠠᠶᠢᠳᠠᠭ᠂ ᠴᠢᠨᠠᠭᠰᠢᠯᠠᠪᠠᠯ ᠵᠤᠭᠤᠰ ᠲᠠᠢ ᠠᠶᠢᠯ ᠤᠨ ᠬᠡᠦᠬᠡᠳ ᠴᠤ ᠬᠤᠭᠤᠯᠠᠠ ᠭᠡᠷ ᠲᠤ ᠠᠶᠠᠭ᠎ᠠ ᠰᠠᠪᠠ ᠤᠬᠢᠶᠠᠬᠤ᠂ ᠲᠡᠯᠭᠡᠬᠦᠷ ᠲᠤ ᠪᠠᠷᠠᠭ᠎ᠠ ᠲᠠᠸᠠᠷ ᠵᠦᠭᠡᠭᠡᠪᠤᠷᠢᠯᠡᠬᠦ᠂ ᠨᠠᠰᠤᠳᠠᠳ ᠢ ᠠᠰᠠᠷᠠᠬᠤ᠂ ᠭᠡᠷ ᠤᠨ ᠪᠠᠭᠰᠢ ᠪᠤᠯᠬᠤ ᠵᠡᠷᠭᠡ ᠠᠷᠭ᠎ᠠ ᠪᠠᠷ ᠰᠤᠷᠤᠯᠭ᠎ᠠ ᠶᠢᠨ ᠰᠦᠢᠳᠭᠡᠯ ᠢᠶᠠᠨ ᠤᠯᠵᠤ ᠲᠤᠰᠢᠶᠠᠳᠠᠭ ᠶᠤᠮ᠃

ᠢᠷᠡᠯᠲᠡ᠄      ᠨᠠᠶᠢᠷᠠᠭᠤᠯᠤᠭᠴᠢ᠄