home
home

    ᠪᠠᠶᠢᠭᠠᠯᠢ ᠳᠤ ᠠᠭᠤᠰᠣᠯᠴᠠᠨ᠂ ᠠᠮᠢᠳᠣᠷᠠᠯ ᠳᠤ ᠤᠶᠢᠷᠠᠳᠣᠭᠰᠠᠨ ᠬᠢᠴᠢᠶᠡᠯᠯᠡᠭᠡ

2016-10-06  12:05

ᠵᠤᠭ᠎ᠠ ᠪᠠᠶᠠᠰᠣᠯ ᠲᠠᠢ ᠵᠤᠨ ᠤ ᠠᠮᠠᠷᠠᠯᠳᠠ ᠠᠴᠠ ᠵᠣᠷᠢᠭ ᠡᠷᠴᠢᠯᠡᠨ ᠰᠣᠷᠣᠯᠴᠠᠬᠤ ᠰᠢᠨ᠎ᠡ ᠰᠣᠷᠣᠯᠭ᠎ᠠ ᠶᠢᠨ ᠬᠤᠭᠤᠴᠠᠭ᠎ᠠ ᠡᠬᠢᠯᠡᠭᠡᠳ ᠰᠣᠷᠣᠭᠴᠢᠳ ᠶᠠᠭᠠᠷᠠᠯᠳᠠᠳᠠᠢ ᠪᠠᠶᠢᠭᠰᠠᠨ ᠴᠠᠭ ᠲᠤ᠂ ᠲᠡᠯᠡᠬᠡᠢ ᠶᠢᠨ ᠲᠤᠭᠤᠷᠣᠤ ᠶᠢᠨ ᠲᠦᠷᠦᠯ ᠤᠨ ᠰᠠᠭᠤᠷᠢ ᠮᠦᠩᠬᠦᠨ ᠤ ᠨᠡᠶᠢᠭᠡᠮᠯᠢᠭ ᠤᠨ ᠲᠡᠷᠢᠬᠦᠯᠡᠭᠴᠢ ᠵᠢᠮᠦ ᠲᠦᠷᠦᠬᠦᠳᠡᠢ ᠲᠤᠮᠳᠠᠳᠤ ᠤᠯᠤᠰ᠂ ᠠᠮᠧᠷᠢᠺᠠ᠂ ᠶᠠᠫᠤᠨ᠂ ᠬᠠᠨ ᠤᠯᠤᠰ ᠵᠡᠷᠭᠡ ᠲᠦᠷᠪᠡᠨ ᠤᠯᠤᠰ ᠤᠨ ᠭᠡᠰᠢᠬᠦᠳ ᠪᠤᠯᠤᠨ ᠵᠡᠬᠦᠨ ᠬᠤᠶᠢᠳᠤ ᠶᠢᠨ ᠤᠢ ᠰᠢᠭᠤᠢ ᠶᠢᠨ ᠶᠡᠭᠡ ᠰᠤᠷᠭᠠᠭᠤᠯᠢ ᠶᠢᠨ ᠰᠠᠶᠢᠨ ᠲᠤᠷᠠᠴᠣᠳ ᠨᠡᠶᠢᠲᠡ34 ᠬᠦᠮᠦᠨ᠂ 《ᠪᠢᠳᠡ ᠡᠬᠡ ᠪᠠᠶᠢᠭᠠᠯᠢ ᠪᠠᠨ ᠬᠠᠮᠠᠭᠠᠯᠠᠨ ᠠᠮᠢ ᠠᠬᠤᠢ ᠶᠢᠨ ᠤᠷᠴᠢᠨ ᠲᠤᠭᠤᠷᠢᠨ ᠤ ᠦᠵᠡᠯᠳᠡ ᠲᠠᠨᠢᠯᠳᠡ ᠪᠠᠨ ᠲᠡᠭᠡᠭᠰᠢᠯᠡᠬᠦᠯᠦᠶ᠎ᠡ》 ᠋ ᠭᠡᠬᠦ ᠠᠷᠢᠭᠤᠨ ᠨᠠᠨᠳᠢᠨ ᠬᠦᠰᠡᠯᠡᠩ ᠡᠪᠦᠷᠯᠡᠨ ᠦᠪᠦᠷ ᠮᠤᠩᠭᠤᠯ ᠤᠨ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠣᠨ ᠲᠤᠮᠳᠠᠳᠣ ᠬᠤᠰᠢᠭᠤᠨ ᠳᠤ ᠢᠷᠡᠵᠦ᠂ 8 ᠰᠠᠷ᠎ᠠ ᠶᠢᠨ 28—30 ᠡᠳᠦᠷ ᠪᠣᠯᠳᠠᠯ᠎ᠠ᠂ ᠤᠯᠤᠰ ᠤᠨ ᠲᠡᠰ ᠤᠨ ᠬᠤᠷᠴᠢᠨ ᠤ ᠠᠮᠢ ᠠᠬᠤᠢ ᠶᠢᠨ ᠬᠠᠮᠠᠭᠠᠯᠠᠯᠳᠠ ᠶᠢᠨ ᠤᠷᠤᠨ ᠪᠤᠯᠬᠤ —— ᠰᠢᠨᠡᠵᠠᠮ ᠬᠠᠮᠠᠭᠠᠯᠠᠯᠳᠠ ᠶᠢᠨ ᠤᠷᠤᠨ ᠢᠶᠠᠷ ᠬᠢᠴᠢᠶᠡᠯᠯᠡᠭᠡ ᠶᠢᠨ ᠴᠢᠭ᠋ ᠪᠤᠯᠭᠠᠨ ᠪᠠᠶᠠᠨᠬᠤᠰᠢᠭᠤ ᠲᠦᠷᠪᠡᠳᠦᠭᠡᠷ ᠲᠤᠮᠳᠠᠳᠣ ᠰᠣᠷᠭᠠᠭᠤᠯᠢ ᠶᠢᠨ ᠶᠢᠰᠦᠳᠦᠭᠡᠷ ᠤᠨ ᠤ 450 ᠨᠡᠷᠡᠰ ᠰᠣᠷᠣᠭᠴᠢᠳ ᠲᠤ ᠲᠤᠭᠤᠷᠣᠤ ᠶᠢᠨ ᠲᠦᠷᠦᠯ ᠤᠨ ᠨᠡᠬᠦᠳᠡᠯ ᠤᠨ ᠵᠠᠮ ᠳᠠᠬᠢ ᠲᠡᠯᠡᠬᠡᠢ ᠶᠢᠨ ᠪᠠᠶᠢᠭᠠᠯᠢ ᠶᠢᠨ ᠬᠢᠴᠢᠶᠡᠯᠯᠡᠭᠡ ᠬᠢᠭᠰᠡᠨ ᠪᠠᠶᠢᠨ᠎ᠠ᠃

ᠲᠤᠰ ᠤᠳᠠᠭᠠᠨ ᠤ (2016 ᠣᠨ ᠤ) ᠬᠤᠷᠴᠢᠨ ᠤ ᠲᠡᠯᠡᠬᠡᠢ ᠶᠢᠨ ᠪᠠᠶᠢᠭᠠᠯᠢ ᠶᠢᠨ ᠬᠢᠴᠢᠶᠡᠯᠡᠯᠭᠡ ᠨᠢ ᠰᠣᠷᠣᠭᠴᠢᠳ ᠲᠤ ᠨᠤᠶᠢᠳᠠᠨ ᠭᠠᠵᠠᠷ ᠢ ᠲᠠᠨᠢᠬᠤ᠂ ᠲᠡᠬᠦᠨ ᠤ ᠦᠢᠯᠡᠳᠦᠯ ᠬᠡᠷᠡᠭᠴᠡᠭᠡ ᠶᠢ ᠮᠡᠳᠡᠬᠦ᠂ ᠰᠢᠪᠠᠭᠤᠳ ᠤᠨ ᠲᠦᠷᠦᠯ ᠪᠠ ᠤᠷᠭᠤᠮᠠᠯ ᠢ ᠠᠵᠢᠭᠯᠠᠨ ᠲᠠᠨᠢᠬᠤ ᠪᠠᠷ ᠭᠤᠤᠯ ᠠᠭᠤᠯᠭ᠎ᠠ ᠪᠤᠯᠭᠠᠵᠤ᠂ ᠤᠷᠤᠨ ᠨᠣᠳᠤᠭ ᠢᠶᠠᠨ ᠲᠠᠨᠢᠵᠤ ᠤᠶᠢᠯᠭᠠᠬᠤ ᠪᠠᠷ ᠵᠣᠷᠢᠯᠭ᠎ᠠ ᠪᠤᠯᠭᠠᠨ᠂ ᠨᠤᠶᠢᠳᠠᠨ ᠭᠠᠵᠠᠷ ᠤᠨ ᠲᠤᠭᠤᠶᠢᠯᠠᠩ᠂ ᠰᠢᠪᠠᠭᠤᠨ ᠤ ᠲᠤᠭᠤᠶᠢᠯᠠᠩ᠂ ᠤᠷᠭᠤᠮᠠᠯ ᠤᠨ ᠲᠤᠭᠤᠶᠢᠯᠠᠩ ᠭᠡᠬᠦ ᠭᠤᠷᠪᠠᠨ ᠲᠤᠭᠤᠶᠢᠯᠠᠩ ᠬᠤᠪᠢᠶᠠᠷᠢᠯᠠᠨ ᠯᠤᠩᠬᠤ᠂ ᠰᠢᠪᠡᠷ᠂ ᠤᠰᠣ᠂ ᠵᠢᠵᠢᠭ ᠴᠢᠯᠠᠭᠤ᠂ ᠢᠳᠡᠭᠡᠨ ᠤᠮᠳᠠᠭᠠᠨ ᠵᠡᠷᠭᠡ ᠪᠠᠷ ᠵᠠᠭᠪᠤᠷ ᠵᠤᠬᠢᠶᠠᠨ ᠰᠣᠷᠣᠭᠴᠢᠳ ᠲᠤ ᠪᠠᠶᠢᠭᠠᠯᠢ ᠶᠢᠨ ᠬᠢᠴᠢᠶᠡᠯ ᠤᠷᠤᠵᠤ᠂ ᠲᠡᠳᠡᠨᠣᠰ ᠲᠤ ᠠᠮᠢᠳᠠᠨ ᠤᠷᠭᠤᠮᠠᠯ ᠤᠨ ᠲᠦᠷᠰᠦ ᠪᠠᠶᠢᠳᠠᠯ ᠪᠠ ᠪᠠᠶᠢᠭᠠᠯᠢ ᠲᠠᠢ ᠵᠤᠬᠢᠴᠠᠯᠳᠣᠬᠤ ᠴᠢᠳᠠᠪᠤᠷᠢ ᠵᠢᠴᠢ ᠨᠤᠶᠢᠳᠠᠨ ᠭᠠᠵᠠᠷ ᠤᠨ ᠬᠦᠴᠦᠷᠬᠡᠭ ᠶᠡᠭᠡ ᠠᠭᠤᠷᠰᠢᠯ ᠤᠨ ᠦᠢᠯᠡᠳᠦᠯ᠂ ᠠᠮᠢᠳᠠᠨ ᠪᠠ ᠪᠠᠶᠢᠭᠠᠯᠢ ᠶᠢᠨ ᠵᠤᠬᠢᠴᠠᠯᠳᠣᠯ᠂ ᠰᠠᠯᠬᠢᠨ ᠢ ᠬᠠᠯᠠᠬᠠᠯᠠᠵᠤ ᠡᠯᠡᠰᠦ ᠶᠢ ᠲᠤᠭᠳᠠᠪᠤᠷᠢᠵᠢᠭᠤᠯᠬᠤ ᠶᠢ ᠲᠤᠭᠯᠠᠭᠠᠮ ᠤᠨ ᠠᠷᠭ᠎ᠠ ᠪᠠᠷ ᠲᠦᠷᠰᠦᠯᠢᠭ ᠢᠶᠠᠷ ᠢᠯᠡᠷᠡᠬᠦᠯᠬᠦ ᠶᠢᠨ ᠲᠠᠭᠠᠤ ᠰᠣᠷᠣᠭᠴᠢᠳ ᠢᠶᠠᠷ ᠵᠢᠷᠤᠭ ᠵᠢᠷᠣᠵᠤ ᠲᠡᠮᠳᠡᠭᠯᠡᠯ ᠬᠢᠬᠦ᠂ ᠭᠠᠷ ᠬᠦᠳᠡᠯᠵᠦ ᠤᠷᠠᠯᠠᠬᠤ ᠲᠠᠰᠬᠠᠯ ᠬᠢᠯᠭᠡᠬᠦ ᠪᠠᠷ ᠲᠠᠮᠵᠢᠵᠤ ᠪᠤᠳᠠᠳᠣ ᠦᠢᠯᠡᠳᠦᠯᠬᠡ ᠳᠤ ᠤᠷᠤᠯᠴᠠᠭᠤᠯᠤᠨ᠂ 《ᠦᠯᠡᠳᠡᠭᠡᠨ ᠬᠤᠴᠣᠷᠭᠠᠭᠰᠠᠨ ᠬᠦᠯ ᠤᠨ ᠮᠦᠷ ᠢᠶᠠᠨ ᠴᠡᠭᠡᠵᠢᠯᠡᠵᠦ᠂ ᠦᠪᠡᠷ ᠬᠤᠪᠢ ᠶᠢᠨ ᠬᠤᠭ ᠨᠤᠪᠰᠢ ᠪᠠᠨ ᠲᠤᠬᠢᠳᠠᠢ ᠲᠤᠬᠢᠷᠠᠭᠤᠯᠬᠤ》 ᠋ ᠶᠢ ᠭᠦᠨ ᠰᠠᠨᠠᠭᠠᠴᠢᠯᠠᠬᠤ ᠳᠤ᠂ ᠪᠠᠶᠠᠨᠬᠤᠰᠢᠭᠤ ᠲᠦᠷᠪᠡᠳᠦᠭᠡᠷ ᠲᠤᠮᠳᠠᠳᠣ ᠰᠣᠷᠭᠠᠭᠤᠯᠢ ᠶᠢᠨ ᠤᠷᠠᠨ ᠵᠢᠷᠤᠭ ᠤᠨ ᠪᠠᠭᠰᠢ ᠸᠠᠩ ᠬᠤᠸᠠ ᠠᠴᠠ ᠰᠡᠳᠬᠢᠯ ᠢᠭᠳᠦᠯᠦᠨ 《ᠰᠠᠷᠠᠭᠤᠯ ᠮᠤᠩᠭᠤᠯ᠂ ᠪᠠᠶᠢᠭᠠᠯᠢ᠂ ᠰᠢᠨ᠎ᠡ ᠨᠣᠳᠤᠭ》 ᠋ ᠭᠡᠬᠦ ᠲᠠᠩᠰᠤᠭ ᠰᠠᠶᠢᠬᠠᠨ ᠲᠠᠪᠤᠨ ᠮᠤᠩᠭᠤᠯ ᠦᠰᠦᠭ ᠪᠢᠴᠢᠵᠦ᠂ ᠲᠡᠯᠡᠬᠡᠢ ᠶᠢᠨ ᠲᠤᠭᠤᠷᠣᠤ ᠶᠢᠨ ᠲᠦᠷᠦᠯ ᠤᠨ ᠰᠠᠭᠤᠷᠢ ᠮᠦᠩᠬᠦᠨ ᠤ ᠨᠡᠶᠢᠭᠡᠮᠯᠢᠭ ᠤᠨ ᠲᠡᠷᠢᠬᠦᠯᠡᠭᠴᠢ ᠵᠢᠮᠦ ᠳᠤ ᠡᠷᠬᠦᠨ ᠦᠨᠢᠳᠡ ᠶᠢᠨ ᠲᠤᠷᠠᠰᠬᠠᠯ ᠪᠤᠯᠭᠠᠪᠠ᠃

ᠲᠤᠰ ᠤᠳᠠᠭᠠᠨ ᠤ ᠨᠡᠶᠢᠭᠡᠮ ᠤᠨ ᠦᠢᠯᠡᠳᠦᠯᠭᠡ ᠪᠠᠷ ᠲᠠᠮᠵᠢᠵᠦ᠂ ᠰᠣᠷᠣᠭᠴᠢ ᠨᠦᠬᠦᠳ ᠤᠨ ᠮᠢᠨᠢ ᠲᠦᠷᠰᠦᠯᠡᠨ ᠪᠤᠳᠣᠬᠤ ᠴᠢᠳᠠᠪᠤᠷᠢ ᠨᠡᠯᠢᠶᠡᠳ ᠬᠦᠮᠦᠵᠢᠭᠳᠡᠵᠦ᠂ ᠡᠬᠡ ᠪᠠᠶᠢᠭᠠᠯᠢ ᠳᠤ ᠪᠠᠨ ᠠᠭᠤᠰᠣᠨ᠂ ᠠᠮᠢᠳᠠᠨ ᠤᠷᠭᠤᠮᠠᠯ` ᠢ ᠬᠠᠶᠢᠷᠠᠯᠠᠵᠤ ᠬᠠᠮᠠᠭᠠᠯᠠᠬᠤ ᠦᠵᠡᠯ ᠤᠬᠠᠮᠰᠠᠷ ᠲᠠᠶᠢᠴᠢᠯᠠᠭᠳᠠᠵᠤ᠂ ᠨᠤᠳᠤᠭ ᠤᠰᠣᠨ ᠤ ᠪᠠᠨ ᠲᠤᠬᠠᠢ ᠲᠠᠨᠢᠯᠲᠠ ᠨᠢ ᠦᠨᠳᠦᠷᠵᠢᠬᠦᠯᠵᠦ᠂ ᠬᠦᠮᠦᠨ ᠪᠠᠶᠢᠭᠠᠯᠢ ᠶᠢᠨ ᠬᠠᠷᠢᠴᠠᠭ᠎ᠠ᠂ ᠬᠦᠮᠦᠨ ᠬᠦᠮᠦᠨ ᠤ ᠬᠤᠭᠤᠷᠤᠨᠳᠣᠬᠢ ᠬᠠᠷᠢᠯᠴᠠᠭᠠᠨ ᠤ ᠤᠤᠷ ᠴᠢᠳᠠᠪᠤᠷᠢ ᠲᠡᠭᠡᠭᠰᠢᠯᠡᠨ᠂ ᠡᠬᠡ ᠪᠠᠶᠢᠭᠠᠯᠢ ᠶᠢᠨ ᠡᠯᠪᠡᠭ ᠪᠠᠶᠠᠯᠢᠭ ᠦᠩᠬᠡ ᠦᠵᠡᠮᠵᠢ ᠠᠴᠠ ᠦᠯᠦᠬᠡᠢ ᠨᠣᠳᠤᠭ ᠤᠨ ᠢᠶᠠᠨ ᠡᠵᠡᠨ ᠬᠦᠮᠦᠨ ᠤ ᠲᠥᠷᠢ ᠲᠦᠷᠬᠦ ᠢᠯᠡ ᠲᠤᠳᠣᠷᠠᠵᠤ᠂ ᠬᠢᠴᠢᠶᠡᠯ ᠰᠣᠷᠣᠯᠭ᠎ᠠ ᠳᠤ ᠪᠠᠨ ᠴᠢᠷᠮᠠᠶᠢᠨ ᠲᠤᠮᠤ ᠪᠤᠯᠤᠭᠰᠠᠨ ᠤ ᠰᠡᠬᠦᠯᠡᠷ ᠭᠡᠷ ᠤᠷᠤᠨ ᠢᠶᠠᠨ ᠨᠡᠩ ᠰᠠᠶᠢᠨ ᠪᠦᠳᠦᠬᠡᠨ ᠪᠠᠶᠢᠭᠤᠯᠬᠤ ᠢᠳᠡᠬᠡᠯ ᠨᠢ ᠡᠷᠴᠢᠯᠡᠭᠳᠡᠨ ᠵᠣᠷᠢᠭ ᠨᠢ ᠬᠦᠪᠴᠢᠯᠡᠭᠳᠡᠭᠰᠡᠨ ᠪᠠᠶᠢᠳᠠᠯ ᠨᠢ ᠦᠢᠯᠡᠳᠦᠯᠭᠡ ᠶᠢᠨ ᠲᠠᠷᠠᠭᠠᠬᠢ ᠤᠯᠤᠯᠳᠠ ᠲᠦᠷᠦᠭᠳᠡᠯ ᠤᠨ ᠵᠤᠬᠢᠶᠠᠯ ᠪᠠ ᠰᠠᠶᠢᠨ ᠲᠤᠷᠠᠴᠣᠳ ᠲᠤ ᠪᠢᠴᠢᠭᠰᠡᠨ ᠲᠠᠯᠠᠷᠬᠠᠯ ᠤᠨ ᠵᠠᠬᠢᠳᠠᠯ ᠤᠨ ᠠᠭᠤᠯᠭ᠎ᠠ ᠳᠤ ᠢᠯᠡᠷᠡᠭᠰᠡᠨ ᠠᠴᠠ ᠦᠵᠡᠪᠡᠯ ᠪᠦᠳᠦᠭᠡᠯᠴᠢ ᠰᠠᠨᠠᠭ᠎ᠠ ᠰᠢᠩᠬᠡᠵᠦ᠂ ᠪᠦᠬᠦᠳᠡᠭᠡᠷ ᠢᠶᠠᠨ ᠪᠠᠶᠠᠰᠣᠯᠴᠠᠨ ᠤᠬᠠᠮᠰᠠᠷᠠᠬᠰᠠᠨ ᠰᠠᠶᠢᠬᠠᠨ ᠬᠢᠴᠢᠶᠡᠯ ᠪᠤᠯᠤᠬᠰᠠᠨ ᠪᠠᠶᠢᠨ᠎ᠠ᠃

ᠢᠷᠡᠯᠲᠡ᠄      ᠨᠠᠶᠢᠷᠠᠭᠤᠯᠤᠭᠴᠢ᠄