home
home

    ᠥᠨᠢᠳᠡ ᠰᠤᠷᠬᠤ ᠬᠢᠴᠢᠶᠡᠯ ᠥᠪᠯᠡᠨ ᠤᠯᠠᠮᠵᠢᠯᠠᠬᠤ ᠰᠤᠶᠤᠯ

2016-10-06  12:10

ᠰᠥᠨᠢᠳ ᠪᠠᠷᠠᠭᠤᠨ ᠬᠤᠰᠢᠭᠤᠨ ᠤ ᠮᠤᠩᠭᠤᠯ ᠥᠨᠳᠥᠰᠥᠳᠡᠨ ᠤ ᠲᠤᠮᠳᠠᠳᠤ ᠰᠤᠷᠭᠠᠭᠤᠯᠢ ᠨᠢ ᠵᠢᠭᠠᠨ ᠰᠤᠷᠭᠠᠯᠳᠠ ᠶᠢᠨ ᠶᠠᠪᠤᠴᠠ  ᠳᠠᠭᠠᠨ ᠥᠨᠳᠥᠰᠥᠳᠡᠨ ᠤ ᠤᠯᠠᠮᠵᠢᠯᠠᠯᠳᠤ ᠰᠤᠶᠤᠯ ᠢᠷᠭᠡᠨᠰᠢᠯ ᠤᠨ ᠬᠢᠴᠢᠶᠡᠯᠡᠯᠭᠡ ᠶᠢ ᠴᠢᠩᠭ᠎ᠠ ᠠᠳᠬᠤᠵᠤ᠂ ᠤᠨᠴᠠᠯᠢᠭᠳᠤ ᠰᠤᠷᠭᠠᠨ ᠬᠥᠮᠥᠵᠢᠯ ᠤᠨ ᠡᠴᠢᠨ᠎ᠡ ᠥᠢᠯᠡᠳᠥᠯ ᠢ ᠬᠥᠢᠴᠡᠳ ᠪᠠᠳᠠᠷᠠᠭᠤᠯᠵᠤ᠂ᠰᠤᠷᠤᠭᠴᠢᠳ ᠤᠨ ᠤᠤᠷ ᠴᠢᠳᠠᠪᠤᠷᠢ ᠪᠠ ᠬᠥᠮᠥᠵᠢᠯ ᠢ ᠤᠶᠠᠯᠳᠤᠭᠤᠯᠤᠨ᠂ ᠰᠤᠷᠭᠠᠭᠤᠯᠢ ᠶᠢᠨ ᠬᠥᠷᠢᠶᠡᠨ ᠤ ᠰᠤᠶᠤᠯ ᠤᠨ ᠠᠭᠤᠷ ᠠᠮᠢᠰᠬᠤᠯ ᠢ ᠥᠳᠭᠡᠷᠡᠬᠦᠯᠵᠥ᠂ ᠪᠠᠭᠰᠢ ᠰᠤᠷᠤᠭᠴᠢᠳ ᠤᠨ ᠢᠳᠡᠪᠬᠢᠵᠢᠯ ᠢ ᠲᠡᠭᠡᠭᠰᠢᠯᠡᠬᠦᠯᠵᠥ ᠢᠯᠡᠳᠳᠡ ᠠᠮᠵᠢᠯᠳᠠ ᠪᠥᠳᠥᠮᠵᠢ ᠭᠠᠷᠭᠠᠭᠰᠠᠭᠠᠷ ᠢᠷᠡᠵᠡᠢ᠃

ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠮᠡᠭᠴᠡ᠂ ᠰᠥᠨᠢᠳ ᠪᠠᠷᠠᠭᠤᠨ ᠬᠤᠰᠢᠭᠤᠨ ᠤ ᠮᠤᠩᠭᠤᠯ ᠥᠨᠳᠥᠰᠥᠳᠡᠨ ᠤ ᠲᠤᠮᠳᠠᠳᠤ ᠰᠤᠷᠭᠠᠭᠤᠯᠢ ᠨᠢ ᠥᠨᠳᠥᠰᠤᠳᠡᠨ ᠤ ᠢᠵᠠᠭᠤᠷ ᠰᠤᠶᠤᠯ ᠤᠨ ᠭᠠᠶᠢᠬᠠᠮᠰᠢᠭ ᠢ ᠥᠵᠡᠬᠦᠯᠥᠨ ᠲᠠᠨᠢᠭᠤᠯᠵᠤ ᠤᠯᠠᠮᠵᠢᠯᠠᠨ ᠬᠥᠭᠵᠢᠬᠦᠯᠵᠥ᠂ ᠮᠤᠩᠭᠤᠯ ᠥᠨᠳᠥᠰᠥᠳᠡᠨ ᠤ ᠥᠢᠯᠡᠳᠪᠤᠷᠢᠯᠡᠯ ᠠᠮᠢᠳᠤᠷᠠᠯ ᠤᠨ ᠤᠨ ᠤᠳᠠᠭᠠᠨ ᠤ ᠶᠠᠪᠤᠴᠠ ᠳᠤ ᠪᠥᠷᠢᠳᠥᠨ ᠲᠤᠭᠳᠠᠨᠢᠭᠰᠠᠨ ᠭᠠᠷ ᠤᠷᠠᠯᠠᠯ ᠤᠨ ᠰᠤᠶᠤᠯ ᠢ ᠰᠤᠷᠤᠭᠴᠢᠳ ᠲᠤ ᠤᠯᠠᠮ ᠰᠠᠶᠢᠨ ᠢᠶᠠᠷ ᠲᠠᠨᠢᠭᠤᠯᠬᠤ ᠵᠤᠷᠢᠯᠭ᠎ᠠ ᠪᠠᠷ ᠥᠡᠭᠭᠡᠷᠡᠬᠦ ᠡᠪᠥᠯ  ᠤᠨ ᠠᠮᠠᠷᠠᠯᠳᠠ ᠶᠢᠨ ᠬᠤᠭᠤᠴᠠᠭᠠᠨ ᠳᠤ ᠰᠤᠷᠤᠭᠴᠢᠳ ᠲᠤ ᠥᠨᠳᠥᠰᠥᠳᠡᠨ ᠤ ᠡᠳ᠋ᠯᠡᠯ ᠬᠡᠷᠡᠭᠰᠡᠯ ᠢ ᠭᠠᠷ ᠤᠷᠠᠯᠠᠯ ᠤᠨ ᠬᠡᠯᠪᠡᠷᠢ ᠪᠠᠷ ᠤᠷᠠᠯᠠᠨ ᠪᠥᠳᠥᠭᠡᠭᠦ ᠲᠠᠰᠬᠠᠯ ᠲᠠᠭᠠᠭᠠᠯᠭᠠᠪᠤᠷᠢ ᠥᠯᠡᠳᠡᠭᠡᠵᠥ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠮᠡᠭᠴᠡ ᠰᠤᠷᠭᠠᠭᠤᠯᠢ ᠶᠢᠨ ᠠᠩᠬᠠᠳᠤᠭᠠᠷ ᠤᠳᠠᠭᠠᠨ ᠤ 《ᠮᠥᠡᠭᠭᠦᠨ ᠪᠤᠶᠢᠯᠡ》 ᠋ ᠥᠨᠳᠥᠰᠥᠳᠡᠨ ᠤ ᠤᠨᠴᠠᠯᠢᠭᠳᠤ ᠭᠠᠷ ᠤᠷᠠᠯᠠᠯ ᠤᠨ ᠪᠥᠳᠥᠭᠡᠯ ᠤᠨ ᠤᠷᠤᠯᠳᠤᠭᠠᠨ ᠢ ᠶᠠᠪᠤᠭᠳᠠᠭᠤᠯᠵᠤ᠂ ᠰᠤᠷᠤᠭᠴᠢᠳ ᠤᠨ ᠪᠥᠳᠥᠭᠡᠯ ᠢ ᠲᠡᠯᠭᠡᠨ ᠥᠵᠡᠬᠦᠯᠵᠥ᠂ ᠠᠳᠠᠯᠢᠳᠬᠠᠨ ᠰᠢᠯᠭᠠᠷᠠᠭᠤᠯᠤᠭᠰᠠᠨ ᠪᠠᠶᠢᠨ᠎ᠠ᠃

ᠲᠤᠰ ᠤᠳᠠᠭᠠᠨ ᠤ ᠠᠵᠢᠯᠯᠠᠭ᠎ᠠ ᠳᠤ ᠪᠥᠬᠦ ᠰᠤᠷᠭᠠᠭᠤᠯᠢ ᠶᠢᠨ 29 ᠠᠩᠭᠢ ᠨᠢᠭᠡᠴᠡ ᠶᠢᠨ 175 ᠰᠤᠷᠤᠭᠴᠢ ᠶᠢᠨ 245 ᠬᠤᠪᠢ ᠭᠠᠷ ᠤᠷᠠᠯᠠᠯ ᠤᠨ ᠪᠥᠳᠥᠭᠡᠯ ᠤᠷᠤᠯᠴᠠᠵᠤ᠂ ᠡᠬᠦᠨ ᠳᠤ ᠠᠩᠬ᠎ᠠ ᠲᠤᠮᠳᠠᠳᠤ ᠶᠢᠨ 14 ᠠᠩᠭᠢ ᠨᠢᠭᠡᠴᠡ ᠶᠢᠨ 152 ᠪᠥᠳᠥᠭᠡᠯ᠂ ᠥᠨᠳᠥᠷ ᠲᠤᠮᠳᠠᠳᠤ ᠶᠢᠨ 15 ᠠᠩᠭᠢ ᠨᠢᠭᠡᠴᠡ ᠶᠢᠨ 93 ᠪᠥᠳᠥᠭᠡᠯ ᠤᠷᠤᠯᠴᠠᠵᠤ᠂ ᠢᠰᠡᠬᠡᠢ ᠤᠷᠠᠯᠠᠯ᠂ ᠶᠠᠰᠤᠨ ᠤᠷᠠᠯᠠᠯ᠂ ᠬᠠᠳᠬᠤᠮᠠᠯ᠂ ᠰᠡᠶᠢᠯᠥᠮᠡᠯ᠂ ᠰᠤᠷ ᠡᠳ᠋ᠯᠡᠯ᠂ ᠨᠠᠭᠠᠮᠠᠯ᠂ ᠮᠤᠳᠤᠨ ᠤᠷᠠᠯᠠᠯ᠂ ᠭᠠᠤᠯᠢ ᠲᠡᠮᠥᠷ ᠤᠷᠠᠯᠠᠯ ᠵᠡᠷᠭᠡ ᠤᠯᠠᠨ ᠬᠡᠯᠪᠡᠷᠢ᠂ ᠤᠯᠠᠨ ᠵᠠᠭᠪᠤᠷ ᠤᠨ ᠪᠥᠳᠥᠭᠡᠯ ᠪᠠᠶᠢᠵᠤ᠂ ᠪᠠᠭᠰᠢ ᠰᠤᠷᠤᠭᠴᠢᠳ ᠤᠨ ᠲᠠᠭᠠᠰᠢᠶᠠᠯ ᠳᠤ ᠬᠥᠷᠥᠭᠰᠡᠨ ᠪᠠᠶᠢᠨ᠎ᠠ᠃ ᠲᠤᠰ ᠤᠳᠠᠭᠠᠨ ᠤ ᠤᠷᠤᠯᠳᠤᠭᠠᠨ ᠢ ᠰᠤᠷᠭᠠᠭᠤᠯᠢ ᠶᠢᠨ ᠵᠢᠷᠤᠭ ᠤᠨ ᠲᠤᠭᠤᠶᠢᠯᠠᠩ ᠠᠴᠠ ᠬᠠᠷᠢᠭᠤᠴᠠᠨ ᠡᠷᠬᠢᠯᠡᠵᠡᠢ᠃

ᠢᠷᠡᠯᠲᠡ᠄      ᠨᠠᠶᠢᠷᠠᠭᠤᠯᠤᠭᠴᠢ᠄