home
home

    ᠭᠠᠳᠠᠭᠠᠳᠤ ᠶᠢᠨ ᠬᠥᠮᠥᠰ ᠤᠨ ᠬᠠᠮᠤᠬ ᠠᠩᠬᠠᠷᠳᠠᠬ ᠠᠷᠪᠠᠨ ᠶᠡᠭᠡ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠳᠠ ᠶᠢᠨ ᠬᠠᠨᠳᠤᠰᠢ

2016-10-06  14:55

1. ᠮᠡᠳᠡᠭᠡ ᠵᠠᠩᠭᠢᠵᠢᠯᠳᠠ ᠶᠢᠨ ᠴᠠᠬ ᠥᠶ᠎ᠠ ᠳᠠᠬᠢ ᠰᠤᠷᠭᠠᠨ ᠬᠥᠮᠥᠵᠢᠯ ᠤᠨ ᠡᠷᠭᠡ ᠲᠡᠭᠰᠢ

ᠤᠳᠤᠬᠠᠨ ᠳᠤ᠂ ᠮᠡᠳᠡᠭᠡ ᠵᠠᠩᠭᠢᠵᠢᠯᠳᠠ ᠶᠢᠨ ᠮᠡᠷᠭᠡᠵᠢᠯ ᠤᠨ ᠲᠠᠰᠤᠷᠠᠯᠳᠠ ᠥᠬᠡᠢ ᠬᠥᠭᠵᠢᠬᠦ ᠶᠢ ᠲᠠᠭᠠᠯᠳᠤᠨ᠂ ᠬᠥᠮᠥᠰ ᠠᠵᠢᠯ᠂ ᠰᠤᠷᠤᠯᠭ᠎ᠠ᠂ ᠠᠮᠢᠳᠤᠷᠠᠯ ᠲᠤᠮᠳᠠ ᠪᠠᠨ ᠮᠡᠳᠡᠭᠡ ᠵᠠᠩᠭᠢ ᠮᠡᠷᠭᠡᠵᠢᠯ ᠤᠨ ᠥᠢᠯᠡᠴᠢᠯᠡᠭᠡ ᠶᠢ ᠪᠠᠶᠢᠡᠭᠭᠤ ᠭᠡᠷᠡᠭᠯᠡᠬᠦ ᠲᠠᠳᠬᠠᠯ ᠲᠠᠢ ᠪᠤᠯᠪᠠ᠃ ᠴᠠᠬ ᠬᠤᠭᠤᠴᠠᠭ᠎ᠠ ᠤᠷᠤᠨ ᠵᠠᠢ ᠶᠢᠨ ᠬᠢᠵᠠᠭᠠᠷᠯᠠᠯ ᠲᠠᠢ ᠪᠠᠶᠢᠬᠰᠠᠨ ᠰᠤᠷᠭᠠᠨ ᠬᠥᠮᠥᠵᠢᠯ ᠤᠨ ᠡᠬᠢ ᠪᠠᠶᠠᠯᠢᠬ ᠢ ᠤᠳᠤᠬᠠᠨ ᠳᠤ ᠰᠥᠯᠵᠢᠶ᠎ᠠ ᠶᠢᠨ ᠲᠠᠪᠴᠠᠩ ᠢᠶᠠᠷ ᠲᠡᠮᠵᠢᠨ ᠨᠡᠩ ᠤᠯᠠᠨ ᠬᠥᠮᠥᠨ ᠬᠤᠪᠢᠶᠠᠯᠴᠠᠨ ᠡᠳ᠋ᠯᠡᠬᠦ ᠪᠤᠯᠪᠠ᠃ ᠰᠤᠷᠭᠠᠨ ᠬᠥᠮᠥᠵᠢᠯ ᠤᠨ ᠡᠬᠢ ᠪᠡᠶᠡᠯᠢᠬ ᠢ ᠬᠠᠮᠳᠤᠪᠠᠷ ᠡᠳ᠋ᠯᠡᠬᠦ ᠨᠢ ᠰᠤᠷᠭᠠᠨ ᠬᠥᠮᠥᠵᠢᠯ ᠤᠨ ᠡᠷᠭᠡ ᠲᠡᠭᠰᠢ ᠠᠰᠠᠭᠤᠳᠠᠯ ᠳᠤ ᠰᠢᠪᠳᠤᠯᠤᠯᠳᠠ ᠶᠢᠨ ᠴᠢᠨᠠᠷᠳᠠᠢ ᠬᠤᠪᠢ ᠨᠡᠮᠡᠷᠢ ᠥᠵᠡᠬᠦᠯᠪᠠ᠃ ᠰᠤᠷᠤᠬᠴᠢ ᠶᠠᠮᠠᠷ ᠶᠠᠩᠵᠥ ᠶᠢᠨ ᠠᠷᠤ ᠥᠵᠡᠭᠳᠠᠯ ᠲᠠᠢ ᠪᠠᠶᠢᠬᠰᠠᠨ ᠴᠤ ᠪᠥᠷ ᠰᠥᠯᠵᠢᠶᠠᠨ ᠤ ᠮᠡᠳᠡᠭᠡ ᠵᠠᠩᠭᠢ ᠪᠠᠷ ᠲᠠᠮᠵᠢᠭᠤᠯᠤᠨ ᠨᠠᠩ ᠤᠯᠠᠨ ᠰᠤᠷᠭᠠᠨ ᠬᠥᠮᠥᠵᠢᠯ ᠤᠨ ᠡᠬᠢ ᠪᠠᠶᠠᠯᠢᠬ ᠢ ᠤᠯᠵᠥ ᠪᠤᠯᠤᠨ᠎ᠠ᠃

2. ᠰᠢᠯᠵᠢᠬᠡ ᠰᠤᠷᠤᠯᠴᠠᠯᠭ᠎ᠠ

ᠰᠤᠷᠭᠠᠨ ᠬᠥᠮᠥᠵᠢᠯ ᠤᠨ ᠠᠵᠢᠯᠳᠠᠳ ᠰᠤᠷᠤᠬᠴᠢᠳ ᠢ ᠰᠢᠯᠵᠢᠭᠡ ᠲᠤᠨᠤᠬ ᠲᠥᠬᠦᠬᠡᠷᠥᠮᠵᠢ ᠶᠢ ᠭᠡᠷᠡᠭᠯᠡᠬᠦ ᠠᠷᠭ᠎ᠠ ᠲᠠᠢ ᠤᠢᠢᠷᠠᠳᠤᠭᠤᠯᠬᠤ ᠶᠢᠨ ᠬᠠᠮᠳᠤ ᠡᠵᠡᠮᠰᠢᠬᠦᠯᠵᠥ᠂ ᠰᠢᠯᠵᠢᠬᠡ ᠲᠤᠨᠤᠬ ᠲᠥᠬᠦᠬᠡᠷᠥᠮᠵᠢ ᠶᠢ ᠨᠠᠩ ᠰᠠᠶᠢᠳᠤᠷ ᠠᠰᠢᠬᠯᠠᠭᠤᠯᠬᠤ ᠪᠠᠷ ᠴᠢᠷᠮᠠᠶᠢᠵᠥ ᠪᠤᠢ᠃ ᠰᠢᠯᠵᠢᠬᠡ ᠲᠤᠨᠤᠬ ᠲᠥᠬᠦᠬᠡᠷᠥᠮᠵᠢ ᠶᠢᠨ ᠭᠡᠷᠡᠭᠯᠡᠯᠳᠠ ᠨᠢ ᠪᠠᠭᠰᠢᠨᠠᠷ ᠲᠤ ᠨᠠᠩ ᠤᠯᠠᠨ ᠵᠢᠭᠠᠨ ᠰᠤᠷᠭᠠᠯᠳᠠ ᠶᠢᠨ ᠰᠤᠩᠭᠤᠯᠳᠠ ᠶᠢ ᠤᠯᠭᠤᠵᠥ᠂ ᠦᠪᠡᠷᠮᠢᠴᠡ ᠰᠤᠷᠭᠠᠨ ᠬᠥᠮᠥᠵᠢᠯ ᠤᠨ ᠬᠡᠪ ᠵᠠᠬᠪᠤᠷ ᠢ ᠪᠤᠢ ᠪᠤᠯᠭᠠᠬᠤ ᠳᠤ ᠠᠰᠢᠬᠳᠠᠢ ᠪᠠᠷ ᠥᠯᠥ ᠪᠠᠷᠠᠮ ᠰᠤᠷᠤᠬᠴᠢᠳ ᠤᠨ ᠤᠷᠤᠯᠴᠠᠬᠤ ᠬᠡᠮᠵᠢᠶ᠎ᠠ ᠶᠢ ᠲᠡᠭᠡᠭᠰᠢᠯᠡᠬᠦᠯᠳᠡᠭ᠃

3. ᠡᠬᠦᠯᠡᠨ ᠵᠢᠷᠤᠬ ᠤᠨ ᠨᠤᠮ ᠤᠨ ᠰᠠᠩ

ᠡᠬᠦᠯᠡᠨ ᠵᠢᠷᠤᠬ ᠤᠨ ᠨᠤᠮ ᠤᠨ ᠰᠠᠩ ᠤᠨ ᠲᠥᠯᠥᠪᠯᠡᠭᠡ (Cloud Library project) ᠪᠤᠯ OCLC ᠰᠤᠳᠤᠯᠬᠤ ᠲᠥᠪ᠂ Hathi Trust ᠲᠤᠭᠠᠴᠢᠯᠠᠬᠰᠠᠨ ᠨᠤᠮ ᠤᠨ ᠰᠠᠩ᠂ ᠨᠢᠥ᠋ ᠶᠤᠷᠺ ᠵᠩᠡ ᠰᠤᠷᠭᠠᠭᠤᠯᠢ ᠶᠢᠨ Bobst ᠨᠤᠮ ᠤᠨ ᠰᠠᠩ᠂ ᠰᠤᠳᠤᠯᠬᠤ ᠬᠡᠯᠪᠡᠷᠢ ᠶᠢᠨ ᠨᠤᠮ ᠤᠨ ᠰᠠᠩ ᠢ ᠬᠠᠶᠢᠬᠤ ᠪᠠ ᠬᠠᠳᠠᠭᠠᠯᠠᠬᠤ ᠬᠤᠯᠪᠤᠭ᠎ᠠ ᠵᠡᠷᠭᠡ ᠲᠥᠷᠪᠡᠨ ᠪᠠᠶᠢᠭᠤᠯᠤᠯᠭ᠎ᠠ ᠠᠴᠠ ᠡᠬᠦᠯᠡᠨ ᠪᠤᠳᠤᠯᠳᠠ ᠶᠢ ᠬᠠᠮᠳᠤᠷᠠᠨ ᠲᠥᠯᠥᠪᠵᠢᠬᠦᠯᠬᠦ ᠪᠠ ᠭᠡᠷᠡᠭᠵᠢᠬᠦᠯᠬᠦ ᠲᠥᠷᠥᠯ ᠵᠦᠢᠯ ᠲᠠᠢ ᠵᠤᠬᠢᠴᠠᠭᠤᠯᠬᠤ ᠡᠬᠦᠳᠡᠨ ᠠᠴᠠ ᠬᠢᠵᠡᠢ᠃ ᠲᠤᠰ ᠨᠤᠮ ᠤᠨ ᠰᠠᠩ ᠨᠢ᠂ ᠠᠨᠳᠧᠯᠥᠮᠸᠢᠢᠯᠥᠩ · ᠰᠠᠭᠤᠷᠢᠨ ᠮᠥᠡᠭᠭᠦᠨ ᠤ ᠨᠡᠶᠢᠭᠡᠮᠯᠢᠭ ᠤᠨ ᠬᠠᠪᠰᠤᠷᠤᠯᠭ᠎ᠠ ᠲᠡᠮᠵᠢᠯᠬᠡ ᠶᠢ ᠬᠥᠷᠳᠡᠵᠥ᠂ ᠨᠤᠮ ᠤᠨ ᠰᠠᠩ ᠳᠠᠬᠢ ᠠᠰᠢᠬᠯᠠᠯᠳᠠ ᠶᠢᠨ ᠨᠤᠷᠮ᠎ᠠ ᠪᠠᠷ ᠲᠤᠣᠷ᠎ᠠ ᠭᠡᠪᠯᠡᠯ ᠲᠠᠪᠳᠡᠷ ᠢ ᠭᠠᠳᠠᠬᠰᠢ ᠲᠠᠭᠠᠭᠠᠴᠢᠯᠠᠭᠤᠯᠤᠨ ᠬᠠᠮᠢᠶᠠᠷᠤᠭᠤᠯᠤᠨ ᠭᠡᠷᠡᠭᠵᠢᠬᠦᠯᠬᠦ ᠴᠢᠨᠠᠷ ᠢ ᠰᠤᠳᠤᠯᠬᠤ ᠵᠤᠷᠢᠯᠳᠠ ᠪᠤᠯᠭᠠᠪᠠ᠃

4.STEM ᠰᠤᠷᠭᠠᠨ ᠬᠥᠮᠥᠵᠢᠯ

ᠲᠡᠯᠡᠬᠡᠢ ᠶᠢᠨ ᠰᠤᠷᠭᠠᠨ ᠬᠥᠮᠥᠵᠢᠯ ᠤᠨ ᠰᠢᠯᠭᠠᠷᠠᠭᠤᠯᠤᠯᠳᠠ ᠳᠤ᠂ STEM ᠰᠤᠷᠤᠯᠭ᠎ᠠ ᠵᠨ ᠨᠠᠮᠳᠠᠷ ᠲᠠᠢ ᠬᠥᠮᠥᠰ ᠤᠨ ᠲᠤᠭ᠎ᠠ ᠨᠢᠬᠡᠨ ᠴᠢᠬᠤᠯᠠ ᠤᠷᠤᠨ ᠲᠤᠭ᠎ᠠ ᠶᠢ ᠡᠵᠡᠯᠡᠪᠡ᠃ ᠠᠮᠧᠷᠢᠺᠠ ᠶᠢᠨ ᠵᠠᠰᠠᠬ ᠤᠨ ᠤᠷᠳᠤᠨ ᠤ STEM ᠶᠢᠨ ᠲᠥᠯᠥᠪᠯᠡᠭᠡ ᠪᠤᠯ ᠰᠤᠷᠤᠬᠴᠢᠳ ᠢ ᠰᠢᠨᠵᠢᠯᠡᠬᠦ ᠤᠬᠠᠭᠠᠨ᠂ ᠮᠡᠷᠭᠡᠵᠢᠯ᠂ ᠪᠠᠷᠢᠯᠭ᠎ᠠ ᠪᠤᠯᠤᠨ ᠲᠤᠭᠠᠨ ᠤ ᠤᠬᠠᠭᠠᠨ ᠤ ᠬᠥᠷᠢᠶ᠎ᠠ ᠬᠡᠪᠴᠢᠶᠡᠨ ᠳᠠᠬᠢ ᠬᠢᠴᠢᠶᠡᠯ ᠲᠥᠷᠥᠯ ᠢ ᠵᠤᠷᠢᠬᠵᠢᠭᠤᠯᠤᠬᠰᠠᠨ ᠨᠢᠭᠡᠨ ᠲᠥᠯᠥᠪᠯᠡᠭᠡ ᠪᠤᠯᠤᠨ᠎ᠠ᠃ ᠠᠮᠧᠷᠢᠺᠠ ᠪᠰᠠ ᠬᠤᠯᠪᠤᠬᠳᠠᠯ ᠪᠥᠬᠦᠢ ᠰᠤᠷᠭᠠᠨ ᠬᠥᠮᠥᠵᠢᠯ ᠤᠨ ᠲᠥᠷᠥ ᠶᠢᠨ ᠪᠤᠳᠤᠯᠭ᠎ᠠ ᠶᠢ ᠭᠡᠷᠡᠭᠵᠢᠬᠦᠯᠵᠥ᠂ STEM ᠶᠢᠨ ᠰᠤᠷᠭᠠᠨ ᠬᠥᠮᠥᠵᠢᠯ ᠳᠠᠬᠢ ᠪᠡᠯᠡ ᠤᠷᠤᠭᠤᠯᠤᠯᠳᠠ ᠪᠠᠨ ᠲᠠᠰᠤᠷᠠᠯᠳᠠ ᠥᠬᠡᠢ ᠴᠢᠩᠭᠠᠳᠬᠠᠵᠥ᠂ ᠰᠤᠷᠤᠬᠴᠢᠳ ᠲᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠲᠥᠷᠥᠯ ᠤᠨ ᠬᠡᠪ ᠴᠢᠨᠠᠷ ᠪᠤᠯᠤᠨ ᠴᠢᠳᠠᠪᠤᠷᠢ ᠤᠨ ᠪᠤᠯᠪᠠᠰᠤᠷᠠᠯ ᠬᠥᠷᠳᠡᠭᠡᠵᠥ ᠪᠤᠢ᠃

5. ᠬᠤᠯᠢᠮᠠᠬ ᠬᠡᠯᠪᠡᠷᠢ ᠶᠢᠨ ᠵᠢᠭᠠᠨ ᠰᠤᠷᠭᠠᠯᠳᠠ

STEM ᠵᠢᠭᠠᠨ ᠰᠤᠷᠭᠠᠯᠳᠠ ᠶᠢᠨ ᠬᠠᠯᠠᠮᠰᠢᠯ ᠠᠯᠭᠤᠷ ᠢᠶᠠᠷ ᠠᠮᠧᠷᠢᠺᠠ ᠶᠢᠨ ᠰᠤᠷᠭᠠᠨ ᠬᠥᠮᠥᠵᠢᠯ ᠤᠨ ᠬᠥᠭᠵᠢᠯᠳᠠ ᠶᠢᠨ ᠬᠠᠨᠳᠤᠰᠢ ᠪᠤᠯᠪᠠ᠃ ᠵᠢᠭᠠᠨ ᠰᠤᠷᠭᠠᠯᠳᠠᠳ ᠲᠤᠰ ᠤᠳᠠᠭ᠎ᠠ ᠶᠢᠨ ᠰᠤᠷᠤᠬᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠪᠠᠨ ᠲᠡᠭᠡᠭᠰᠢᠯᠡᠬᠦᠯᠬᠦ ᠠᠵᠠ ᠲᠤᠬᠢᠶᠠᠯ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠵᠥᠬᠡᠯᠡᠨ ᠲᠤᠨᠤᠬ ᠢᠶᠠᠷ ᠤᠷᠪᠠᠭᠤᠯᠤᠨ ᠰᠢᠯᠵᠢᠬᠦᠯᠬᠦ ᠬᠢᠴᠢᠶᠡᠯ ᠤᠨ ᠲᠡᠩᠭᠢᠮ ᠪᠠ ᠬᠤᠯᠢᠮᠠᠬ ᠬᠡᠯᠪᠡᠷᠢ ᠶᠢᠨ ᠵᠢᠭᠠᠨ ᠰᠤᠷᠭᠠᠯᠳᠠ ᠶᠢ ᠥᠷᠭᠡᠨ ᠢᠶᠠᠷ ᠭᠡᠷᠡᠭᠯᠡᠬᠦ ᠶᠢ ᠬᠥᠰᠡᠯᠮᠡᠵᠢᠯᠡᠵᠥ ᠪᠤᠢ᠃ ᠤᠷᠪᠠᠭᠤᠯᠤᠨ ᠰᠢᠯᠵᠢᠬᠦᠯᠬᠦ ᠬᠢᠴᠢᠶᠡᠯ ᠲᠠᠩᠭᠢᠮ ᠭᠡᠳᠡᠭ ᠨᠢ ᠰᠤᠷᠤᠬᠴᠢᠳ ᠰᠦᠯᠵᠢᠶ᠎ᠡ ᠪᠠᠷ ᠳᠠᠮᠵᠢᠭᠤᠯᠤᠨ ᠶᠡᠷᠥ ᠶᠢᠨ ᠮᠡᠳᠡᠯᠭᠡ ᠰᠤᠷᠤᠯᠴᠠᠬᠤ ᠶᠢ ᠪᠡᠶᠡᠯᠡᠬᠦᠯᠵᠥ᠂ ᠬᠢᠴᠢᠶᠡᠯ ᠤᠨ ᠲᠠᠩᠭᠢᠮ ᠨᠢ ᠵᠢᠭᠠᠨ ᠰᠤᠷᠭᠠᠯᠳᠠ ᠶᠢᠨ ᠥᠷᠥᠬᠡ ᠶᠢ ᠰᠤᠷᠤᠬᠴᠢᠳ ᠵᠢᠴᠢ ᠰᠤᠷᠤᠬᠴᠢᠳ ᠤᠨ ᠬᠤᠭᠤᠷᠤᠨᠳᠤᠬᠢ ᠬᠤᠷᠰᠢᠨ ᠰᠤᠷᠤᠯᠴᠠᠬᠤ ᠲᠠᠯᠠᠪᠤᠷ ᠪᠤᠯᠵᠥ᠂ ᠬᠤᠷᠰᠢᠨ ᠰᠤᠷᠤᠯᠴᠠᠬᠤ ᠠᠭᠤᠯᠭ᠎ᠠ ᠳᠤ ᠮᠠᠳᠠᠬ ᠲᠠᠢ ᠠᠰᠠᠭᠤᠳᠠᠯ ᠢᠶᠠᠨ ᠲᠠᠶᠢᠯᠪᠤᠷᠢᠯᠠᠬᠤ᠂ ᠶᠡᠷᠥ ᠶᠢᠨ ᠮᠡᠳᠡᠯᠭᠡ ᠪᠠᠨ ᠥᠢᠯᠡᠳᠥᠯᠭᠡᠵᠢᠬᠦᠯᠬᠦ᠂ ᠥᠢᠯᠡᠳᠥᠯᠭᠡ ᠳᠤ ᠤᠷᠤᠯᠴᠠᠬᠤ ᠵᠡᠷᠭᠡ ᠠᠵᠢᠯᠯᠠᠭ᠎ᠠ ᠶᠢᠨ ᠲᠠᠯᠠᠪᠤᠷ ᠪᠤᠯᠵᠥ ᠬᠤᠪᠢᠷᠠᠬᠤ ᠶᠢ ᠬᠡᠯᠡᠵᠥ ᠪᠤᠢ᠃ ᠬᠤᠯᠢᠮᠠᠬ ᠬᠡᠯᠪᠡᠷᠢ ᠪᠠᠷ ᠰᠤᠷᠤᠯᠴᠠᠬᠤ ᠭᠡᠳᠡᠭ ᠨᠢ ᠰᠥᠯᠵᠢᠶᠠᠨ ᠲᠡᠭᠡᠷᠡᠬᠢ ᠬᠢᠴᠢᠶᠡᠯ ᠬᠥᠮᠥᠵᠢᠯ ᠪᠤᠯᠤᠨ ᠨᠢᠭᠤᠷᠳᠠᠨ ᠵᠢᠭᠠᠨ ᠰᠤᠷᠭᠠᠬᠤ ᠰᠤᠷᠤᠯᠴᠠᠬᠤ ᠠᠷᠭ᠎ᠠ ᠶᠢ ᠤᠶᠠᠯᠳᠤᠭᠤᠯᠬᠤ ᠶᠢ ᠵᠢᠭᠠᠵᠥ ᠪᠤᠢ᠃ ᠤᠷᠪᠠᠭᠤᠯᠤᠨ ᠰᠢᠯᠵᠢᠬᠦᠯᠬᠦ ᠬᠢᠴᠢᠶᠡᠯ ᠤᠨ ᠲᠡᠩᠭᠢᠮ ᠪᠠ ᠬᠤᠯᠢᠮᠠᠬ ᠬᠡᠯᠪᠡᠷᠢ ᠶᠢᠨ ᠵᠢᠭᠠᠨ ᠰᠤᠷᠭᠠᠯᠳᠠ ᠨᠢ ᠪᠥᠷ ᠰᠤᠷᠤᠬᠴᠢᠳ ᠡᠯᠧᠺᠲᠷᠥᠨ ᠰᠢᠨᠵᠢᠯᠡᠬᠦ ᠤᠬᠠᠭᠠᠨ ᠮᠡᠷᠭᠡᠵᠢᠯ ‍ᠤᠨ‌‍ᠲ᠋ᠤᠨᠤᠬ ᠲᠥᠬᠦᠬᠡᠷᠥᠮᠵᠢ ᠪᠤᠯᠤᠨ ᠰᠥᠯᠵᠢᠶᠠᠨ ᠤ ᠵᠢᠭᠠᠨ ᠰᠤᠷᠭᠠᠯᠳᠠ ᠶᠢᠨ ᠡᠬᠢ ᠪᠡᠶᠡᠯᠢᠬ ᠢ ᠠᠰᠢᠬᠯᠠᠨ᠂ ᠥᠪᠡᠷᠮᠢᠴᠠ ᠤᠨᠴᠠᠯᠢᠬᠳᠤ ᠰᠤᠷᠤᠯᠴᠠᠬᠤ ᠬᠡᠯᠪᠡᠷᠢ ᠶᠢ ᠪᠡᠶᠡᠯᠡᠬᠦᠯᠬᠦ ᠶᠢ ᠵᠤᠷᠢᠬᠵᠢᠭᠤᠯᠵᠥ ᠪᠠᠶᠢᠳᠠᠬ᠃

6. ᠰᠥᠯᠵᠢᠶᠡᠨ ᠲᠡᠭᠡᠷ᠎ᠠ ᠬᠡᠮᠵᠢᠨ ᠰᠢᠯᠭᠠᠬᠤ ᠲᠤᠷᠰᠢᠯᠳᠠ ᠶᠢᠨ ᠰᠢᠨ᠎ᠠ ᠶᠢᠨ ᠬᠢᠴᠢᠶᠡᠯ

2009 ᠤᠨ ᠳᠤ᠂ ᠠᠮᠧᠷᠢᠺᠠ K-12 ᠱᠠᠳᠤᠨ ᠤ ᠵᠢᠭᠠᠨ ᠰᠤᠷᠭᠠᠯᠳᠠ ᠳᠤ ᠴᠢᠭᠯᠡᠬᠦᠯᠥᠨ ᠠᠩᠭ᠍ᠯᠢ ᠬᠡᠯᠡᠨ ᠤ ᠬᠢᠴᠢᠶᠡᠯ ᠲᠥᠷᠥᠯ ᠤᠨ ᠰᠢᠨ᠎ᠠ ᠬᠢᠴᠢᠶᠡᠯ ᠤᠨ ᠪᠠᠷᠢᠮᠵᠢᠶ᠎ᠠ ᠶᠢ ᠲᠡᠯᠬᠡᠷᠡᠬᠦᠯᠪᠠ᠃ ᠰᠢᠨ᠎ᠠ ᠬᠢᠴᠢᠶᠡᠯ ᠨᠢ ᠤᠨᠤᠯ ᠪᠤᠯᠤᠨ ᠥᠢᠯᠡᠳᠥᠯᠭᠡ ᠶᠢ ᠤᠶᠠᠯᠳᠤᠭᠤᠯᠤᠨ᠂ ᠪᠥᠬᠦ ᠠᠮᠧᠷᠢᠺᠠ ᠶᠢᠨ ᠵᠢᠭᠠᠨ ᠰᠤᠷᠭᠠᠯᠳᠠ ᠶᠢᠨ ᠠᠬᠢᠴᠠ ᠪᠤᠯᠤᠨ ᠬᠢᠷᠢ ᠲᠥᠪᠰᠢᠨ ᠢ ᠨᠢᠭᠡᠳᠥᠯᠬᠦᠯᠬᠦ ᠪᠠᠷ ᠵᠤᠷᠢᠯᠳᠠ ᠪᠤᠯᠭᠠᠨ᠂ ᠲᠤᠮᠳᠠᠳᠤ ᠰᠤᠷᠭᠠᠭᠤᠯᠢ ᠶᠢᠨ ᠰᠤᠷᠤᠬᠴᠢᠳ ᠢ ᠬᠠᠪᠰᠤᠷᠤᠨ ᠲᠡᠭᠡᠳᠤ ᠵᠡᠷᠭᠡ ᠶᠢᠨ ᠰᠤᠷᠭᠠᠨ ᠬᠥᠮᠥᠵᠢᠯ ᠳᠤ ᠨᠠᠩ ᠰᠠᠶᠢᠳᠤᠷ ᠵᠤᠬᠢᠴᠠᠭᠤᠯᠵᠥ᠂ ᠲᠡᠯᠡᠬᠡᠶᠢᠴᠢᠯᠠᠯᠳᠠ ᠶᠢᠨ ᠴᠠᠬ ᠥᠶ᠎ᠠ ᠳᠠᠬᠢ ᠡᠳᠤᠷ ᠢᠷᠡᠬᠦᠶ᠎ᠠ ᠬᠤᠷᠴᠠ ᠰᠢᠷᠥᠬᠦᠨ ᠥᠷᠢᠰᠥᠯᠳᠥᠭᠡᠨ ᠢ ᠠᠷᠭᠠᠴᠠᠬᠤ ᠪᠤᠯᠤᠨ᠎ᠠ᠃ ᠰᠢᠨ᠎ᠠ ᠬᠢᠴᠢᠶᠡᠯ ᠤᠨ ᠪᠡᠷᠢᠮᠵᠢᠶ᠎ᠠ ᠨᠢ K-12  ᠋  ᠋ ᠶᠢᠨ ᠱᠠᠳᠤᠨ ᠤ ᠡᠯ᠎ᠠ ᠤᠨ ᠰᠤᠷᠤᠯᠴᠠᠯᠭ᠎ᠠ ᠶᠢᠨ ᠬᠠᠷᠠᠯᠳᠠ ᠳᠤ ᠲᠤᠳᠤᠷᠬᠠᠢ ᠱᠠᠭᠠᠷᠳᠠᠯᠭ᠎ᠠ ᠲᠠᠯᠪᠢᠵᠥ᠂ ᠤᠳᠤᠬᠠᠨ ᠪᠤᠯᠳᠠᠯ᠎ᠠ᠂ ᠠᠮᠧᠷᠢᠺᠠ ᠶᠢᠨ ᠶᠡᠬᠡᠨᠭᠭᠢ ᠭᠡᠰᠡᠭ ᠵᠸᠤ ᠨᠢᠬᠡᠨᠳᠠ ᠰᠢᠨ᠎ᠠ ᠬᠢᠴᠢᠶᠡᠯ ᠤᠨ ᠪᠠᠷᠢᠮᠵᠢᠶ᠎ᠠ ᠶᠢ ᠰᠤᠩᠭᠤᠨ ᠭᠡᠷᠡᠭᠯᠡᠵᠥ ᠪᠤᠢ᠃

7. ᠫᠷᠥᠭᠷᠠᠮ ᠤᠨ ᠨᠡᠶᠢᠷᠡᠭᠤᠯᠭ᠎ᠠ ᠪᠤᠯᠤᠨ ᠫᠷᠥᠭᠷᠠᠮ ᠨᠠᠶᠢᠷᠠᠭᠤᠯ᠊‍ᠬᠤ ᠮᠡᠷᠭᠡᠵᠢᠯ

ᠫᠷᠥᠭᠷᠠᠮ ᠤᠨ ᠨᠡᠶᠢᠷᠡᠭᠤᠯᠭ᠎ᠠ ᠶᠠᠬ ᠰᠠᠶ᠋ᠢᠬᠠᠨ ᠰᠤᠷᠭᠠᠭᠤᠯᠢ ᠶᠢᠨ ᠨᠢᠬᠡᠨ ᠵᠠᠪᠠᠯ ᠰᠤᠷᠬᠤ ᠬᠢᠴᠢᠶᠡᠯ ᠪᠤᠯᠵᠥ᠂ ᠨᠢᠬᠡᠨᠳᠠ STEMᠰᠤᠷᠭᠠᠨ ᠬᠥᠮᠥᠵᠢᠯ ᠤᠨ ᠮᠡᠳᠡᠭᠡ ᠵᠠᠩᠭᠢ ᠶᠢᠨ ᠬᠤᠯᠪᠤᠬᠳᠠᠯ ᠪᠥᠬᠦᠢ ᠨᠢᠭᠡᠨ ᠰᠠᠯᠪᠤᠷᠢ ᠪᠤᠯᠪᠠ᠃ ᠠᠮᠧᠷᠢᠺᠠ ᠶᠢᠨ ᠲᠤᠮᠳᠠᠳᠤ ᠪᠠᠭ᠎ᠠ ᠰᠤᠷᠭᠠᠭᠤᠯᠢ ᠳᠤ᠂ ᠤᠯᠠᠩᠭᠢ ᠰᠤᠷᠭᠠᠭᠤᠯᠢ ᠫᠷᠥᠭᠷᠠᠮ ᠤᠨ ᠨᠡᠶᠢᠷᠡᠭᠤᠯᠭ᠎ᠠ ᠶᠢᠨ ᠬᠢᠴᠢᠶᠡᠯ ᠢ ᠡᠬᠢᠯᠡᠨ ᠲᠡᠯᠬᠡᠷᠡᠬᠦᠯᠵᠥ᠂ ᠬᠤᠯᠪᠤᠬᠳᠠᠯ ᠪᠥᠬᠦᠢ ᠰᠥᠯᠵᠢᠶᠡᠨ ᠤ ᠲᠠᠪᠴᠠᠩ ᠪᠤᠯᠤᠨ APP ᠭᠡᠷᠡᠭᠯᠡᠭᠡᠨ ᠤ ᠫᠷᠥᠭᠷᠡᠮ ᠬᠤᠷ᠎ᠠ ᠶᠢᠨ ᠲᠠᠷᠠᠭᠠᠬᠢ ᠬᠤᠯᠤᠰᠤᠨ ᠰᠥᠶ᠎ᠠ ᠮᠡᠳᠤ ᠢᠯᠡᠷᠠᠵᠥ ᠪᠤᠢ᠃

8. ᠰᠤᠷᠭᠠᠨ ᠬᠥᠮᠥᠵᠢᠯ ᠤᠨ ᠲᠤᠬᠯᠠᠭᠠᠮ

ᠰᠤᠷᠭᠠᠨ ᠬᠥᠮᠥᠵᠢᠯᠳᠠᠨ ᠲᠠᠷᠢᠬᠢ ᠪᠠᠨ ᠰᠢᠪᠬᠠᠨ ᠵᠢᠭᠠᠨ ᠰᠤᠷᠭᠠᠯᠳᠠ ᠶᠢᠨ ᠭᠡᠪ ᠵᠠᠬᠪᠤᠷ ᠢ ᠰᠢᠨᠡᠳᠭᠡᠬᠦ ᠶᠠᠪᠤᠴᠠ ᠳᠤ᠂ ᠲᠤᠬᠯᠠᠭᠠᠮ ᠤᠨ ᠰᠤᠷᠭᠠᠨ ᠬᠥᠮᠥᠵᠢᠯ ᠰᠤᠷᠯᠴᠠᠬᠤ ᠤᠷᠮ᠎ᠠ ᠶᠢ ᠬᠥᠭᠵᠢᠬᠡᠬᠦ‍ ᠨᠢᠭᠡ ᠵᠦᠢᠯ ᠤᠨ ᠵᠢᠭᠠᠨ ᠰᠤᠷᠭᠠᠯᠳᠠ ᠶᠢᠨ ᠠᠷᠭ᠎ᠠ ᠪᠤᠯᠤᠨ ᠴᠤᠯᠭᠤᠷᠠᠵᠥ ᠪᠤᠢ᠃ ᠬᠥᠳᠥᠯᠥᠨ ᠵᠢᠯᠤᠭᠤᠳᠬᠤ ᠪᠠ ᠢᠳᠡᠪᠬᠢ ᠥᠢᠯᠡᠳᠤᠯ ᠳᠤᠨᠢ ᠵᠤᠬᠢᠴᠠᠭᠤᠯᠤᠨ᠂ ᠰᠠᠶᠢᠨ ᠲᠤᠬᠯᠠᠭᠠᠮ ᠨᠢ ᠰᠤᠷᠤᠬᠴᠢ ᠶᠢᠨ ᠬᠠᠮᠵᠢᠯᠴᠠᠬᠤ ᠪᠠ ᠬᠤᠷᠰᠢᠯᠴᠠᠬᠤ ᠶᠢ ᠬᠥᠳᠥᠯᠥᠨ ᠵᠢᠯᠥᠭᠤᠳᠴᠤ᠂ ᠰᠤᠷᠤᠯᠴᠠᠬᠤ ᠤᠷᠮ᠎ᠠ ᠶᠢ ᠬᠥᠭᠵᠢᠬᠡᠵᠥ᠂ ᠠᠰᠠᠭᠤᠳᠠᠯ ᠢ ᠰᠢᠢᠳᠪᠤᠷᠢᠯᠡᠬᠦ ᠴᠢᠳᠠᠪᠤᠷᠢ ᠪᠤᠯᠤᠨ ᠢᠯᠭᠠᠨ ᠲᠠᠨᠢᠬᠤ ᠰᠡᠳᠬᠢᠴᠡ ᠶᠢᠨ ᠴᠢᠳᠠᠪᠤᠷᠢ ᠶᠢ ᠪᠤᠯᠪᠠᠰᠤᠷᠠᠭᠤᠯᠳᠠᠬ᠃

9. ᠪᠠᠭᠰᠢ ᠶᠢᠨ ᠤᠳᠤᠷᠢᠳᠬᠤ ᠬᠦᠴᠦᠨ

ᠨᠢᠬᠡᠨ ᠰᠤᠷᠭᠠᠭᠤᠯᠢ ᠶᠢᠨ ᠠᠮᠵᠢᠯᠳᠠ ᠤᠯᠬᠤ ᠨᠢ ᠬᠥᠴᠥᠷᠭᠡᠭ ᠶᠡᠭᠡ ᠪᠠᠭᠰᠢ ᠶᠢᠨ ᠤᠳᠤᠷᠢᠳᠬᠤ ᠬᠥᠴᠥᠨ ᠠᠴᠠ ᠢᠷᠡᠯᠳᠠᠢ᠃ ᠤᠯᠠᠮᠵᠢᠯᠠᠯᠳᠤ ᠥᠢᠯᠠᠭᠠᠬᠳᠠᠬᠤᠨ ᠳᠤ ᠰᠤᠷᠭᠠᠭᠤᠯᠢ ᠶᠢᠨ ᠤᠳᠤᠷᠢᠳᠤᠯᠭ᠎ᠠ ᠶᠢᠨ ᠬᠥᠴᠥᠨ ᠨᠢ ᠵᠥᠪᠬᠡᠨ ᠨᠢᠭᠡᠨ ᠰᠤᠷᠭᠠᠭᠤᠯᠢ ᠶᠢᠨ ᠤᠳᠤᠷᠢᠳᠬᠤ ᠬᠥᠴᠤᠨ ᠯᠡ ᠲᠠᠳᠤᠢ ᠬᠡᠵᠥ ᠥᠵᠡᠳᠡᠭ᠃ ᠬᠡᠪᠡᠴᠤ ᠠᠮᠧᠷᠢᠺᠠ ᠥᠢᠷ᠎ᠠ ᠶᠢᠨ ᠵᠢᠯ ᠳᠤ ᠪᠠᠭᠰᠢ ᠶᠢᠨ ᠤᠳᠤᠷᠢᠳᠤᠯᠭ᠎ᠠ ᠶᠢᠨ ᠬᠥᠴᠥᠨ ᠤ ᠥᠢᠯᠡᠭᠠᠬᠳᠠᠬᠤᠨ ᠪᠠ ᠪᠠᠭᠰᠢ ᠶᠢᠨ ᠤᠳᠤᠷᠢᠳᠤᠯᠭ᠎ᠠ ᠶᠢᠨ ᠬᠥᠴᠥᠨ ᠢᠶᠠᠷ ᠰᠤᠷᠭᠠᠭᠤᠯᠢ ᠶᠢᠨ ᠬᠥᠭᠵᠢᠯᠳᠠ ᠶᠢ ᠲᠥᠯᠬᠢᠨ ᠠᠬᠢᠭᠤᠯᠬᠤ ᠬᠡᠪ ᠵᠠᠬᠪᠤᠷ ᠢ ᠲᠤᠷᠠᠳᠤᠨ ᠭᠠᠷᠭᠠᠪᠠ᠃ ᠪᠠᠭᠰᠢᠨᠠᠷ ᠲᠤ ᠲᠡᠮᠵᠢᠯᠬᠡ ᠪᠠ ᠡᠷᠭᠡ ᠤᠯᠭᠤᠬᠤ ᠥᠶᠡᠰ ᠲᠤ᠂ ᠲᠠᠳᠠᠨᠠᠷ ᠤᠨ ᠵᠢᠭᠠᠨ ᠰᠤᠷᠭᠠᠯᠳᠠ ᠶᠢᠨ ᠥᠢᠯᠡᠳᠥᠯᠭᠡ ᠤᠯᠠᠮ ᠪᠠᠶᠠᠯᠢᠬ ᠪᠤᠯᠵᠥ ᠥᠷ᠎ᠠ ᠪᠥᠳᠥᠮᠵᠢ ᠭᠠᠷᠭᠠᠬᠤ ᠪᠠᠷ ᠪᠠᠷᠠᠬᠤ ᠥᠭᠡᠢ ᠰᠤᠷᠤᠭᠴᠢᠳ ᠤᠨ ᠰᠤᠷᠤᠯᠴᠠᠯᠭ᠎ᠠ ᠳᠤ ᠤᠷᠤᠯᠴᠠᠬᠤ ᠴᠢᠨᠠᠷ ᠢ ᠲᠥᠯᠬᠢᠨ ᠠᠬᠢᠭᠤᠯᠵᠥ᠂ ᠰᠤᠷᠤᠯᠭ᠎ᠠ ᠶᠢᠨ ᠬᠢᠷᠢ ᠪᠥᠳᠥᠮᠵᠢ ᠶᠢ ᠲᠡᠭᠡᠭᠰᠢᠯᠡᠬᠦᠯᠬᠦ ᠳᠤ ᠰᠢᠭᠤᠳ ᠬᠤᠯᠪᠤᠭ᠎ᠠ ᠲᠠᠢ ᠪᠠᠶᠢᠳᠠᠬ᠃

10. ᠡᠬᠦᠳᠤᠨ ᠪᠥᠳᠥᠭᠡᠬᠦ ᠠᠵᠢᠯᠯᠠᠭ᠎ᠠ ᠪᠤᠯᠤᠨ ᠡᠬᠦᠳᠤᠨ ᠪᠥᠳᠥᠬᠡᠬᠦ ᠤᠷᠤᠨ ᠵᠠᠢ

ᠡᠬᠦᠳᠤᠨ ᠪᠥᠳᠥᠭᠡᠬᠦ ᠠᠵᠢᠯᠯᠠᠭ᠎ᠠ ᠪᠤᠯᠤᠨ ᠡᠬᠦᠳᠤᠨ ᠪᠥᠳᠥᠬᠡᠬᠦ ᠤᠷᠤᠨ ᠵᠠᠢ ᠶᠠᠬ ᠰᠠᠶ᠋ᠢᠬᠠᠨ ᠶᠡᠭᠡ ᠬᠡᠪᠴᠢᠶᠡᠵᠢᠯ ᠢᠶᠠᠷ ᠬᠢᠴᠢᠶᠡᠯ ᠬᠥᠮᠥᠵᠢᠯ ᠤᠨ ᠥᠷᠥᠭᠡ᠂ ᠲᠤᠷᠰᠢᠯᠳᠠ ᠶᠢᠨ ᠥᠷᠥᠭᠡ ᠪᠤᠯᠤᠨ ᠨᠤᠮ ᠤᠨ ᠰᠠᠩ ᠳᠤ ᠤᠷᠤᠵᠥ ᠪᠤᠢ᠃ ᠠᠳᠠ᠂ ᠰᠤᠷᠤᠬᠴᠢᠳ ᠤᠨ 3D ᠲᠠᠷᠤᠮᠠᠯᠯᠠᠬᠤ ᠮᠠᠰᠢᠨ᠂ ᠨᠠᠶᠢᠷᠠᠭᠤᠯᠭ᠎ᠠ ᠶᠢᠨ ᠵᠥᠬᠡᠯᠡᠨ ᠲᠤᠨᠤᠬ ᠡᠰᠡᠬᠦᠯ᠎ᠠ ᠪᠤᠰᠤᠳ ᠮᠡᠷᠭᠡᠵᠢᠯ ᠢ ᠭᠡᠷᠡᠭᠯᠡᠬᠦ ᠶᠢ ᠵᠤᠷᠢᠬᠵᠢᠭᠤᠯᠵᠥ ᠰᠤᠷᠤᠬᠴᠢᠳ ᠤᠨ ᠰᠢᠨ᠎ᠠ ᠮᠡᠳᠡᠯᠭᠡ ᠪᠤᠯᠤᠨ ᠤᠨᠤᠯ ᠢ ᠬᠠᠶᠢᠨ ᠰᠥᠪᠡᠭᠴᠢᠯᠠᠭᠦᠯᠳᠡᠭ᠃ ᠡᠨᠡᠬᠦ ᠲᠥᠷᠥᠯ ᠤᠨ 《ᠥᠢᠯᠡᠳᠥᠯᠭᠡ ᠶᠢᠨ ᠲᠤᠮᠳᠠ ᠰᠤᠷᠤᠯᠴᠠᠬᠤ》 ᠋ ᠰᠤᠷᠭᠠᠨ ᠬᠥᠮᠥᠵᠢᠯ ᠤᠨ ᠤᠨᠤᠯ ᠨᠢ᠂ ᠰᠤᠷᠤᠬᠴᠢᠳ ᠤᠨ ᠡᠬᠦᠳᠤᠨ ᠪᠥᠳᠥᠭᠡᠬᠦ ᠴᠢᠳᠡᠪᠤᠷᠢ᠂ ᠰᠤᠷᠤᠬᠴᠢᠳ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠢ ᠲᠠᠰᠤᠷᠠᠯᠳᠠ ᠥᠬᠡᠢ ᠬᠥᠮᠥᠵᠢᠬᠦᠯᠬᠦ ᠵᠤᠷᠢᠬ ᠰᠠᠨᠠᠭ᠎ᠠ ᠶᠢ ᠬᠥᠭᠵᠢᠭᠡᠳᠡᠭ᠃ ᠠᠮᠧᠷᠢᠺᠠ ᠶᠢᠨ ᠤᠯᠠᠩᠭᠢ ᠺᠤᠮᠫᠠᠨᠢ ᠰᠤᠷᠭᠠᠭᠤᠯᠢ ᠶᠢᠨ ᠡᠬᠦᠳᠤᠨ ᠪᠥᠳᠥᠭᠡᠬᠦ ᠠᠵᠢᠯᠯᠠᠭ᠎ᠠ ᠳᠤ ᠤᠷᠤᠯᠴᠠᠳᠠᠬ᠃

ᠢᠷᠡᠯᠲᠡ᠄      ᠨᠠᠶᠢᠷᠠᠭᠤᠯᠤᠭᠴᠢ᠄