home
home

    ᠡᠯᠺᠧᠲᠷᠤᠨ ᠰᠠᠮᠪᠠᠷ᠎ᠠ ᠶᠢᠨ ᠠᠰᠢᠭᠯᠠᠯᠳᠠ ᠨᠢ ᠦᠵᠡᠬᠦᠯᠦᠯᠭᠡ ᠶᠢᠨ ᠬᠢᠴᠢᠶᠡᠯᠡᠯᠭᠡ  ᠶᠢᠨ ᠦᠷ᠎ᠡ ᠠᠰᠢᠭ  ᠢ ᠦᠨᠳᠦᠷᠵᠢᠬᠦᠯᠦᠨ᠎ᠡ

2016-10-06  17:28

ᠰᠤᠷᠭᠠᠨ ᠬᠦᠮᠦᠵᠢᠯ ᠤᠨ ᠡᠬᠢ ᠪᠠᠶᠠᠯᠢᠭ ᠢ ᠠᠰᠢᠭᠯᠠᠨ ᠵᠢᠭᠠᠨ ᠰᠤᠷᠭᠠᠯᠳᠠ ᠪᠠᠨ ᠦᠷᠨᠢᠬᠦᠯᠬᠦ ᠪᠤᠯ ᠤᠳᠤᠬᠠᠨ ᠤ ᠰᠤᠷᠭᠠᠭᠤᠯᠢ ᠪᠠᠷ ᠰᠠᠭᠤᠷᠢᠯᠠᠭᠰᠠᠨ ᠵᠢᠭᠠᠨ ᠰᠤᠷᠭᠠᠯᠳᠠ ᠶᠢᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠴᠢᠬᠤᠯᠠ ᠠᠷᠭ᠎ᠠ ᠠᠪᠴᠢᠯ ᠪᠠᠶᠢᠵᠤ ᠂ ᠪᠠᠭᠰᠢ ᠨᠠᠷ ᠢ ᠴᠠᠭ ᠡᠷᠡᠨ ᠤ ᠰᠤᠷᠭᠠᠨ ᠬᠦᠮᠦᠵᠢᠯ ᠤᠨ ᠱᠠᠭᠠᠷᠳᠠᠯᠭ᠎ᠠ  ᠳᠤ ᠵᠤᠬᠢᠴᠠᠯᠳᠤᠭᠤᠯᠤᠨ᠂ ᠰᠤᠷᠤᠭᠴᠢᠳ ᠤᠨ ᠰᠤᠷᠬᠤ ᠤᠷᠮ᠎ᠠ ᠶᠢ ᠬᠦᠭᠵᠢᠭᠡᠵᠦ᠂ ᠦᠵᠡᠬᠦᠯᠦᠯᠭᠡ ᠶᠢᠨ ᠴᠢᠨᠠᠷ ᠢ ᠴᠢᠩᠭᠠᠳᠬᠠᠨ᠂ ᠦᠨᠳᠦᠷ ᠪᠦᠳᠦᠮᠵᠢᠳᠦ ᠬᠢᠴᠢᠶᠡᠯᠯᠡᠭᠡ ᠶᠢᠨ ᠦᠷ᠎ᠡ ᠠᠰᠢᠭ ᠢ ᠦᠨᠳᠦᠷᠵᠢᠬᠦᠯᠵᠦ ᠴᠢᠳᠠᠨ᠎ᠠ᠃

ᠡᠨᠡᠬᠦ ᠪᠠᠶᠢᠳᠠᠯ ᠳᠤ ᠬᠠᠨᠳᠤᠭᠤᠯᠵᠤ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠪᠠᠶᠠᠨᠬᠤᠰᠢᠭᠤ ᠲᠦᠷᠪᠡᠳᠦᠭᠡᠷ ᠲᠤᠮᠳᠠᠳᠤ ᠰᠤᠷᠭᠠᠭᠤᠯᠢ ᠶᠢᠨ ᠬᠢᠴᠢᠶᠡᠯ ᠬᠦᠮᠦᠵᠢᠯ ᠤᠨ ᠲᠠᠰᠤᠭ ᠠᠴᠠ᠂ ᠨᠢᠭᠡᠳᠦᠭᠡᠷ ᠹᠷᠤᠨᠲ ᠲᠤ ᠠᠵᠢᠯᠯᠠᠵᠤ ᠪᠠᠶᠢᠭ᠎ᠠ ᠪᠠᠭᠰᠢ ᠨᠠᠷ ᠤᠨ ᠦᠪᠡᠷ ᠬᠤᠪᠢ ᠶᠢᠨ ᠲᠠᠭᠠᠭᠠᠴᠢᠯᠠᠭᠰᠠᠨ ᠬᠢᠴᠢᠶᠡᠯ ᠲᠦᠷᠦᠯ ᠤᠨ ᠨᠢᠭᠡ ᠬᠤᠭᠤᠴᠠᠭᠠᠨ ᠤ ᠪᠦᠬᠦ ᠠᠭᠤᠯᠭ᠎ᠠ ᠶᠢᠨ ᠵᠢᠭᠠᠨ ᠰᠤᠷᠭᠠᠬᠤ ᠲᠦᠰᠦᠪ ᠢ ᠤᠷᠢᠳᠴᠢᠯᠠᠨ ᠪᠡᠯᠡᠳᠭᠡᠬᠦ ᠲᠠᠰᠬᠠᠯ ᠤᠨ ᠪᠦᠷᠢᠨ ᠪᠡᠶᠡᠯᠡᠯᠳᠡ ᠶᠢᠨ ᠰᠠᠭᠤᠷᠢᠨ ᠲᠡᠭᠡᠷ᠎ᠡ᠂ ᠰᠢᠨ᠎ᠡ ᠪᠠᠭᠤᠴᠠ ᠳᠤ ᠪᠠᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠡᠬᠢᠯᠡᠬᠦᠯᠦᠭᠰᠡᠨ ᠤ ᠲᠠᠷᠠᠭ᠎ᠠ ᠳᠤ᠂ ᠡᠯᠺᠧᠲᠷᠤᠨ ᠰᠠᠮᠪᠠᠷ᠎ᠠ ᠶᠢᠨ ᠬᠡᠷᠡᠭᠯᠡᠭᠡ ᠪᠠᠷ ᠪᠠᠭᠰᠢ ᠪᠦᠷᠢ ᠨᠢᠭᠡ ᠦᠵᠡᠬᠦᠯᠦᠯᠭᠡ ᠶᠢᠨ ᠬᠢᠴᠢᠶᠡᠯ ᠤᠷᠤᠬᠤ ᠵᠢᠭᠠᠨ ᠰᠤᠷᠭᠠᠯᠳᠠ ᠶᠢᠨ ᠬᠦᠳᠡᠯᠭᠡᠭᠡᠨ ᠦᠷᠨᠢᠬᠦᠯᠵᠦ᠂ ᠪᠠᠭᠰᠢ ᠨᠠᠷ ᠤᠨ ᠢᠶᠠᠨ ᠰᠤᠷᠭᠠᠨ ᠬᠦᠮᠦᠵᠢᠯ ᠤᠨ ᠡᠬᠢ ᠪᠠᠶᠠᠯᠢᠭ ᠶᠢᠨ ᠠᠰᠢᠭᠯᠠᠯᠳᠠ ᠶᠢᠨ ᠲᠤᠬᠠᠢ ᠦᠵᠡᠯᠳᠡ ᠲᠠᠨᠢᠯᠳᠠ ᠶᠢ ᠦᠨᠳᠦᠷᠵᠢᠬᠦᠯᠵᠦ᠂ ᠰᠢᠨ᠎ᠡ ᠪᠠᠭᠤᠴᠠ ᠶᠢᠨ ᠢᠶᠠᠨ ᠲᠤᠯᠭ᠎ᠠ ᠶᠢᠨ ᠭᠠᠯ ᠳᠤ ᠰᠢᠨ᠎ᠡ ᠰᠤᠷᠭᠤᠭ ᠴᠤᠭ ᠨᠠᠮᠠᠷᠢᠯᠠᠨ᠂ ᠰᠢᠨ᠎ᠡ ᠤᠨ ᠤ ᠵᠢᠭᠠᠨ ᠰᠤᠷᠭᠠᠯᠳᠠ ᠳᠤ ᠪᠠᠨ ᠵᠦᠪ ᠡᠨᠧᠷᠬᠢ ᠨᠦᠬᠦᠪᠦᠷᠢᠯᠡᠭᠰᠡᠨ ᠪᠠᠶᠢᠨ᠎ᠠ᠃

5

ᠢᠷᠡᠯᠲᠡ᠄      ᠨᠠᠶᠢᠷᠠᠭᠤᠯᠤᠭᠴᠢ᠄