home
home

    ᠤᠷᠠᠨ ᠨᠠᠶᠢᠷᠠᠭ ᠤᠨ ᠤᠶᠠᠩᠭᠠᠯᠠᠯ ᠤᠶᠤᠨ ᠪᠢᠯᠢᠭ ᠤᠨ ᠰᠤᠷᠢᠯᠳᠠ

2016-10-07  19:56

ᠵᠤᠨ ᠤ ᠵᠢᠷᠭᠤᠭᠠᠨ ᠰᠠᠷ᠎ᠠ ᠳᠤ ᠵᠦᠢᠯ ᠤᠨ ᠴᠡᠴᠡᠭ ᠪᠠᠳᠠᠷᠠᠨ ᠲᠡᠯᠭᠡᠷᠡᠵᠤ᠂ ᠤᠢᠢᠷ᠎ᠠ ᠳᠤ᠂ ᠬᠦᠮᠦᠨ ᠠᠷᠠᠳ ᠤᠨ ᠰᠡᠳᠬᠢᠯ ᠤᠨ ᠤᠷᠮᠡᠰ ᠢ ᠬᠦᠭᠵᠢᠭᠡᠨ᠎ᠠ᠃ ᠤᠯᠠᠭᠠᠨᠴᠠᠪ ᠬᠤᠳᠠ ᠶᠢᠨ ᠰᠤᠷᠭᠠᠨ ᠬᠦᠮᠤᠵᠢᠯ ᠤᠨ ᠳᠤᠪᠴᠢᠶ᠎ᠠ ᠪᠠ ᠦᠨᠳᠤᠰᠤᠳᠡᠨ ᠤ ᠬᠡᠷᠡᠭ ᠡᠷᠬᠢᠯᠡᠬᠦ ᠵᠦᠪᠯᠡᠯ ᠬᠠᠮᠳᠤᠷᠠᠨ ᠡᠷᠬᠢᠯᠡᠭᠰᠡᠨ ᠮᠤᠩᠭᠤᠯ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠨ ᠤᠩᠰᠢᠯᠭ᠎ᠠ ᠵᠢᠴᠢ ᠤᠷᠠᠨ ᠪᠢᠴᠢᠯᠬᠡ ᠶᠢᠨ ᠤᠷᠤᠯᠳᠤᠭᠠᠨ ᠢᠳᠡ ᠬᠦᠭ ᠲᠠᠢ ᠶᠠᠪᠤᠭᠳᠠᠵᠡᠢ᠃

ᠦᠨᠳᠤᠰᠤᠳᠡᠠ ᠤ ᠬᠤᠪᠴᠡᠰᠦ ᠵᠠᠰᠠᠯ ᠢᠶᠠᠷ ᠢᠶᠠᠨ ᠭᠤᠶᠤᠯᠠᠭᠰᠠᠨ ᠰᠤᠷᠤᠭᠴᠢᠳ ᠤᠨ ᠡᠬᠡ ᠬᠡᠯᠡ ᠪᠠᠷ ᠢᠶᠠᠨ ᠤᠷᠠᠨ ᠳᠤᠳᠤ ᠤᠶᠠᠩᠭᠠᠯᠠᠬᠤ ᠵᠢᠴᠢ ᠤᠷᠠᠨ ᠪᠢᠴᠢᠯᠭᠡ ᠶᠢᠨ ᠤᠷ᠎ᠠ ᠠᠪᠢᠶᠠᠰ ᠨᠢ ᠦᠵᠡᠭᠴᠢ ᠤᠯᠠᠨ ᠤ ᠪᠠᠨ ᠬᠠᠷᠠᠭ᠎ᠠ ᠰᠤᠨᠤᠷ ᠢ ᠪᠠᠶᠠᠰᠬᠠᠵᠤ᠂ᠦᠨᠳᠤᠰᠤᠳᠡᠨ ᠤ ᠦᠪ ᠰᠤᠶᠤᠯ ᠤᠨ ᠷᠢᠳᠢ ᠰᠢᠳᠢ ᠶᠢ ᠭᠠᠶᠢᠬᠠᠭᠤᠯᠤᠨ᠎ᠠ᠃ ᠬᠤᠷᠴᠠ ᠰᠢᠷᠦᠬᠦᠨ ᠦᠷᠢᠰᠤᠯᠳᠤᠬᠡᠨ ᠢᠶᠠᠷ ᠳᠠᠮᠵᠢᠨ ᠪᠠᠭ᠎ᠠ ᠰᠤᠷᠭᠠᠭᠤᠯᠢ ᠶᠢᠨ ᠳᠤᠭᠤᠢᠢᠯᠠᠩ ᠤᠨ ᠤᠷᠠᠨ ᠤᠩᠰᠢᠯᠭ᠎ᠠ ᠳᠤ ᠬᠤᠩᠭᠤᠷ ᠮᠤᠩᠭᠤᠯ ᠰᠤᠷᠭᠠᠭᠤᠯᠢ ᠶᠢᠨ ᠠᠯᠤᠰ 《ᠡᠪᠤᠯ ᠤᠨ ᠬᠦᠢᠳᠡᠨ ᠳᠤ ᠭᠠᠳᠠᠨ᠎ᠠ ᠶᠠᠪᠤᠬᠤ ᠰᠠᠶᠢᠬᠠᠨ》 ᠋᠂ ᠳᠤᠮᠳᠠᠳᠤ ᠰᠤᠷᠭᠠᠭᠤᠯᠢ ᠶᠢᠨ ᠳᠤᠭᠤᠢᠢᠯᠠᠩ ᠳᠤ ᠳᠦᠷᠪᠡᠳ ᠬᠤᠰᠢᠭᠤᠨ ᠤ ᠮᠤᠩᠭᠤᠯ ᠳᠤᠮᠳᠠᠳᠤ ᠰᠤᠷᠭᠠᠭᠤᠯᠢ ᠶᠢᠨ ᠠᠰᠠᠨ᠎ᠠ 《ᠮᠢᠨᠤ ᠰᠢᠳᠤᠬᠡᠨ》 ᠋ ᠬᠡᠬᠦ ᠤᠶᠠᠩᠭᠠᠯᠠᠯ ᠢᠶᠠᠷ ᠢᠶᠠᠨ ᠤᠷᠠᠨ ᠳᠤᠳᠤ ᠤᠩᠰᠢᠯᠭ᠎ᠠ ᠶᠢᠨ ᠤᠷᠤᠯᠳᠤᠭᠠᠨ ᠳᠤ ᠳᠤᠰ ᠳᠤᠰ ᠲᠦᠷᠥᠭᠦᠯᠡᠪᠡ᠃ ᠤᠷᠠᠨ ᠪᠢᠴᠢᠯᠬᠡ ᠶᠢᠨ ᠤᠷᠤᠯᠳᠤᠭᠠᠨ ᠤ ᠪᠠᠭ᠎ᠠ ᠰᠤᠷᠭᠠᠭᠤᠯᠢ ᠶᠢᠨ ᠳᠤᠭᠤᠢᠢᠯᠠᠩ ᠳᠤ ᠤᠯᠠᠭᠠᠨᠴᠠᠪ ᠬᠤᠳᠠ ᠶᠢᠨ ᠰᠢᠭᠤᠳ ᠬᠠᠷᠢᠶ᠎ᠠ ᠮᠤᠩᠭᠤᠯ ᠪᠠᠭ᠎ᠠ ᠰᠤᠷᠭᠠᠭᠤᠯᠢ ᠶᠢᠨ ᠳᠤᠯᠭ᠎ᠠ᠂ ᠳᠤᠮᠳᠠᠳᠤ ᠰᠤᠷᠭᠠᠭᠤᠯᠢ ᠶᠢᠨ ᠳᠤᠭᠤᠢᠢᠯᠠᠩ ᠳᠤ ᠤᠯᠠᠭᠠᠨᠴᠠᠪ ᠬᠤᠳᠠ ᠶᠢᠨ ᠮᠤᠩᠭᠤᠯ ᠳᠤᠮᠳᠠᠳᠤ ᠰᠤᠷᠭᠠᠭᠤᠯᠢ ᠶᠢᠨ ᠤᠷᠠᠯᠢᠭ ᠢᠳᠡᠯᠢᠭ ᠰᠠᠶᠢᠬᠠᠨ ᠣᠷᠠᠨ ᠪᠢᠴᠢᠯᠬᠡ ᠪᠠᠷ ᠢᠶᠠᠨ ᠳᠤᠰ ᠳᠤᠰ ᠲᠥᠷᠥᠭᠦᠯᠥᠭᠰᠡᠨ ᠪᠠᠶᠢᠨ᠎ᠠ᠃

ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠠᠴᠠ ᠬᠦᠷᠤᠯᠴᠠᠨ ᠢᠷᠡᠭᠰᠡᠨ ᠳᠦᠮᠦᠰᠦᠩᠬᠤᠸᠠᠷ ᠪᠠᠭᠰᠢ 《ᠳᠤᠰ ᠤᠳᠠᠭᠠᠨ ᠤ ᠤᠷᠤᠯᠳᠤᠭᠠᠨ ᠳᠤ ᠮᠠᠨ ᠤ ᠰᠤᠷᠤᠭᠴᠢᠳ ᠰᠢᠯᠢᠳᠡᠭ ᠬᠢᠷᠢ ᠪᠦᠳᠤᠮᠵᠢ ᠤᠯᠤᠭᠰᠠᠨ ᠨᠢ ᠪᠠᠭᠰᠢᠨᠠᠷ ᠤᠨ ᠡᠩ ᠤᠨ ᠴᠠᠭ ᠤᠨ ᠵᠢᠭᠠᠨ ᠵᠢᠯᠤᠭᠤᠳᠤᠯᠭ᠎ᠠ ᠠᠴᠠ ᠰᠠᠯᠵᠤ ᠴᠢᠳᠠᠰᠢ ᠦᠬᠡᠢ ᠶᠤᠮ᠃ ᠮᠠᠨ ᠤ ᠰᠤᠷᠭᠠᠭᠤᠯᠢ ᠡᠩ ᠤᠨ ᠴᠠᠭ ᠲᠤ ᠰᠤᠷᠤᠭᠴᠢᠳ ᠤᠨ ᠤᠷ᠎ᠠ ᠠᠪᠢᠶᠠᠰ ᠢᠶᠠᠨ ᠪᠠᠳᠠᠷᠠᠭᠤᠯᠬᠤ᠂ ᠤᠷᠤᠯᠳᠤᠭᠠᠨ ᠳᠡᠮᠡᠴᠡᠬᠡᠨ ᠳᠤ ᠤᠷᠤᠯᠴᠠᠬᠤ ᠶᠢ ᠠᠩᠬᠠᠷᠥᠨ ᠵᠤᠷᠢᠭᠵᠢᠭᠤᠯᠳᠠᠬ ᠠᠴᠠ ᠰᠤᠷᠤᠭᠴᠢᠳ ᠴᠤ ᠤᠷᠮ᠎ᠠ ᠲᠠᠢ ᠤᠷᠤᠯᠴᠠᠳᠠᠭ᠃ ᠪᠢᠴᠢᠯᠬᠡ ᠪᠤᠯᠪᠠᠰᠤᠷᠠᠯ ᠤᠨ ᠳᠠᠯ᠎ᠠ ᠪᠠᠷ ᠴᠤ ᠳᠤᠰᠬᠠᠢ ᠪᠠᠭᠰᠢ ᠳᠤᠬᠢᠷᠠᠭᠤᠯᠵᠤ ᠵᠢᠯᠤᠭᠤᠳᠤᠭᠤᠯᠳᠠᠬ ᠪᠠᠶᠢᠨ᠎ᠠ᠃ ᠬᠡᠪᠡᠴᠤ ᠤᠷᠤᠯᠳᠤᠭᠠᠨ ᠲᠣᠮᠲᠠ ᠰᠤᠷᠤᠭᠴᠢᠳ ᠤᠨ ᠢᠶᠠᠨ ᠬᠡᠯᠡ ᠶᠠᠷᠢᠶ᠎ᠠ᠂ ᠤᠷᠠᠨ ᠪᠢᠴᠢᠯᠬᠡ ᠶᠢᠨ ᠳᠠᠯ᠎ᠠ ᠪᠠᠷ ᠬᠢ ᠳᠤᠳᠠᠭᠳᠠᠯ ᠢ ᠤᠯᠵᠤ ᠬᠠᠷᠠᠵᠠᠢ᠃ ᠴᠡᠪᠡᠷ ᠲᠣᠲᠥ ᠣᠩᠰᠢᠯᠭ᠎ᠠ ᠶᠢᠨ ᠲᠠᠯ᠎ᠠ ᠪᠠᠷ ᠬᠤᠩᠭᠤᠷ ᠮᠣᠩᠭᠤᠯ ᠰᠤᠷᠭᠠᠭᠤᠯᠢ ᠲᠠᠢ ᠬᠠᠷᠢᠴᠠᠭᠤᠯᠪᠠᠯ ᠪᠠᠰᠠ ᠵᠥᠷᠢᠶ᠎ᠡ ᠲᠠᠢ ᠪᠠᠶᠢᠨ᠎ᠠ᠃ ᠲᠡᠳᠡᠨᠠᠷ ᠤᠨ ᠰᠠᠭᠤᠷᠢ ᠪᠣᠯᠪᠠᠰᠣᠷᠠᠯ ᠰᠠᠶᠢᠨ ᠪᠠᠶᠢᠨ᠎ᠠ᠃ ᠪᠢᠳᠡ ᠡᠨᠡ ᠳᠠᠯ᠎ᠠ ᠪᠠᠷ ᠴᠢᠩᠭᠠᠳᠬᠠᠬᠤ ᠴᠢᠬᠤᠯᠠᠳᠠᠢ᠂ ᠰᠤᠷᠤᠯᠴᠠᠭᠤᠰᠢᠳᠠᠢ ᠪᠠᠶᠢᠨ᠎ᠠ》 ᠋ᠬᠡᠬᠦ ᠳᠤ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠠᠴᠠ ᠬᠦᠷᠤᠯᠴᠡᠨ ᠢᠷᠡᠭᠰᠡᠨ ᠤᠶᠤᠨᠪᠠᠳᠤ ᠪᠠᠭᠰᠢ᠄ 《ᠡᠶᠢᠮᠤᠷᠬᠦ ᠠᠵᠢᠯᠯᠠᠭ᠎ᠠ ᠰᠤᠷᠤᠭᠴᠢᠳ ᠲᠤ ᠤᠷ᠎ᠠ ᠠᠪᠢᠶᠠᠰ ᠢᠶᠠᠨ ᠪᠠᠳᠠᠷᠠᠭᠤᠯᠬᠤ ᠳᠠᠪᠴᠠᠩ ᠬᠠᠩᠭᠠᠭᠰᠠᠨ ᠪᠠᠶᠢᠨ᠎ᠠ᠃ ᠪᠢᠳᠡ ᠰᠤᠷᠤᠭᠴᠢᠳ ᠢᠶᠠᠨ ᠤᠷᠤᠯᠳᠤᠭᠠᠨ ᠳᠤ ᠱᠠᠩᠨᠠᠯ ᠤᠯᠬᠤ ᠶᠢ ᠲᠡᠷᠢᠬᠦᠨ ᠳᠤ ᠲᠠᠯᠪᠢᠬᠰᠠᠨ ᠪᠢᠰᠢ᠂ ᠬᠠᠷᠢᠨ ᠡᠶᠢᠮᠤᠷᠬᠦ ᠠᠵᠠ ᠳᠤᠬᠢᠶᠠᠯ ᠢ ᠡᠵᠡᠮᠳᠡᠨ ᠰᠤᠷᠤᠭᠴᠢ ᠴᠦᠬᠡᠨ ᠪᠤᠯᠪᠠᠴᠤ ᠰᠤᠷᠤᠭᠴᠢᠳ ᠲᠠᠭᠠᠨ ᠵᠤᠷᠢᠭᠵᠢᠭᠤᠯᠤᠯ ᠪᠤᠯᠭᠠᠵᠤ᠂ ᠡᠬᠡ ᠬᠡᠯᠡ ᠪᠠᠨ ᠰᠠᠶᠢᠨ ᠰᠤᠷᠬᠤ ᠶᠢ ᠵᠤᠷᠢᠵᠤ ᠰᠤᠷᠤᠭᠴᠢᠳ ᠢᠶᠠᠨ ᠳᠠᠭᠠᠭᠤᠯᠤᠨ ᠢᠷᠡᠭᠰᠡᠨ ᠶᠤᠮ》 ᠋ ᠬᠡᠯ᠎ᠠ᠃

ᠪᠠᠭᠰᠢ ᠨᠡᠷ ᠨᠢ ᠦᠪᠡᠷ ᠤᠨ ᠰᠤᠷᠤᠭᠴᠢᠳ ᠤᠨ ᠢᠶᠠᠨ ᠠᠯᠳᠠᠭ᠎ᠠ ᠤᠨᠤᠭ᠎ᠠ ᠶᠢ ᠤᠯᠵᠤ ᠬᠠᠷᠠᠬᠰᠠᠨ ᠲᠡᠳᠤᠢ ᠦᠬᠡᠢ ᠰᠤᠷᠤᠭᠴᠢᠳ ᠨᠢ ᠴᠤ ᠤᠯᠤᠯᠳᠡ ᠶᠡᠬᠡᠳᠡᠢ ᠪᠠᠶᠢᠯ᠎ᠡ᠃ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠤᠩᠭᠤᠯ ᠰᠤᠷᠭᠠᠭᠤᠯᠢ ᠶᠢᠨ ᠰᠤᠷᠤᠭᠴᠢ ᠬᠦᠰᠡᠯ 《ᠤᠷᠤᠯᠳᠤᠭᠠᠨ ᠳᠤ ᠰᠠᠶᠢᠨ ᠬᠢᠷᠢ ᠪᠦᠳᠤᠮᠵᠢ ᠤᠯᠵᠤ ᠴᠢᠳᠠᠭᠰᠠᠨ ᠦᠬᠡᠢ ᠴᠤ ᠤᠯᠠᠨ ᠨᠠᠶᠢᠵᠢ ᠨᠠᠷ ᠲᠠᠢ ᠳᠠᠨᠢᠯᠴᠠᠵᠠᠢ᠂ ᠳᠠᠷᠠᠭᠠᠴᠢ ᠪᠠᠷ ᠡᠶᠢᠮᠤᠷᠬᠦ ᠠᠵᠢᠯᠯᠠᠭ᠎ᠠ ᠳᠤ ᠢᠯᠡᠬᠦᠬᠡᠨ ᠤᠷᠤᠯᠴᠠᠬᠤ ᠶᠢ ᠰᠠᠨᠠᠵᠤ ᠪᠠᠶᠢᠨ᠎ᠠ》 ᠋ ᠬᠡᠪᠡᠯ ᠤᠯᠠᠭᠠᠨᠴᠠᠪ ᠬᠤᠳᠠ ᠶᠢᠨ ᠰᠢᠭᠤᠳ ᠬᠠᠷᠢᠶ᠎ᠠ ᠮᠤᠩᠭᠤᠯ ᠪᠠᠭ᠎ᠠ ᠰᠤᠷᠭᠠᠭᠤᠯᠢ ᠶᠢᠨ ᠰᠤᠷᠤᠭᠴᠢ ᠳᠤᠯᠭ᠎ᠠ 《ᠪᠢ ᠤᠷᠠᠨ ᠳᠤᠳᠤ ᠤᠩᠰᠢᠯᠭ᠎ᠠ ᠪᠠ ᠤᠷᠠᠨ ᠪᠢᠴᠢᠯᠬᠡ ᠶᠢᠨ ᠤᠷᠤᠯᠳᠤᠭᠠᠨ ᠳᠤ ᠱᠠᠩᠨᠠᠯ ᠤᠯᠵᠤ᠂ ᠵᠢᠭᠠᠨ ᠵᠢᠯᠤᠭᠤᠳᠤᠭᠰᠠᠨ ᠪᠠᠭᠰᠢ ᠳᠠᠭᠠᠨ ᠳᠠᠯᠠᠷᠬᠠᠵᠤ ᠪᠠᠶᠢᠨ᠎ᠠ᠃ ᠬᠤᠵᠢᠮ ᠨᠡᠩ ᠰᠠᠶᠢᠨ ᠴᠢᠷᠮᠠᠶᠢᠵᠤ ᠦᠨᠳᠤᠷ ᠠᠮᠵᠢᠯᠳᠠ ᠤᠯᠬᠤ ᠪᠠᠷ ᠴᠢᠷᠮᠠᠶᠢᠨ᠎ᠠ》 ᠋ ᠬᠡᠵᠤ ᠰᠡᠳᠬᠢᠯ ᠳᠤᠭᠳᠤᠯᠠᠩᠬᠠᠨ ᠶᠠᠷᠢᠨ᠎ᠠ᠃

ᠢᠷᠡᠯᠲᠡ᠄      ᠨᠠᠶᠢᠷᠠᠭᠤᠯᠤᠭᠴᠢ᠄