home
home

    ᠬᠠᠶᠢᠷ᠎ᠠ ᠤᠷᠤᠰᠢᠪᠠᠯ ᠬᠠᠷᠢᠭᠤᠴᠠᠯᠭ᠎ᠠ ᠪᠣᠯᠳᠠᠭ

2016-10-07  20:13

ᠰᠤᠷᠭᠠᠨ ᠬᠦᠮᠦᠵᠢᠯ ᠨᠢ ᠤᠯᠤᠰ ᠦᠨᠳᠦᠰᠦᠳᠡᠨ ᠤ ᠮᠠᠨᠳᠤᠯ ᠪᠠᠭᠤᠷᠠᠯ ᠯᠤᠭ᠎ᠠ ᠭᠦᠨ᠎ᠠ ᠶᠡᠭᠡ ᠬᠤᠯᠪᠤᠭ᠎ᠠ ᠲᠠᠢ ᠭᠡᠳᠡᠭ ᠢ ᠲᠡᠦᠭᠡ ᠮᠠᠷᠭᠤᠰᠢ ᠦᠭᠡᠢ ᠭᠡᠷᠡᠴᠢᠯᠡᠪᠡ᠃ ᠨᠡᠩ ᠴᠤ ᠨᠢᠭᠡ ᠬᠦᠮᠦᠨ ᠤ ᠬᠠᠮᠤᠭ ᠠᠩᠬᠠᠨ ᠤ ᠰᠤᠷᠭᠠᠭᠤᠯᠢ ᠪᠤᠯᠤᠭᠰᠡᠨ ᠭᠡᠷ ᠪᠦᠯᠢ ᠨᠢ ᠬᠦᠮᠦᠨ ᠤ ᠨᠢᠬᠡ ᠨᠠᠰᠤᠨ ᠤ ᠦᠰᠦᠯᠳᠡ ᠪᠤᠶᠢᠵᠢᠯᠳᠠ ᠶᠢ ᠰᠢᠭᠤᠳ ᠨᠦᠯᠦᠬᠡᠯᠡᠳᠡᠭ᠃ ᠭᠡᠷ ᠪᠦᠯᠢ ᠶᠢᠨ ᠰᠤᠷᠭᠠᠨ ᠬᠦᠮᠦᠵᠢᠯ ᠢᠶᠠᠷ ᠶᠡᠷᠢᠬᠤ ᠳᠤ ᠲᠡᠷᠡ ᠨᠢ ᠦᠨᠡᠨ ᠳᠡᠭᠡᠨ ᠦᠨᠳᠦᠰᠦᠳᠡᠨ ᠤ ᠰᠤᠷᠭᠠᠨ ᠬᠦᠮᠦᠵᠢᠯ ᠤᠨ ᠠᠷᠤ ᠲᠦᠰᠢᠭ ᠪᠤᠯᠬᠤ ᠶᠤᠮ᠃ ᠮᠤᠩᠭᠤᠯ ᠤᠨ ᠤᠯᠠᠮᠵᠢᠯᠠᠯᠳᠤ ᠭᠡᠷ ᠪᠦᠯᠢ ᠶᠢᠨ ᠰᠤᠷᠭᠠᠨ ᠬᠦᠮᠦᠵᠢᠯ ᠪᠤᠯ ᠮᠤᠩᠭᠤᠯᠴᠤᠤᠨ ᠤᠨ ᠤᠷᠳᠤ ᠤᠳᠠᠭᠠᠨ ᠠᠮᠢᠳᠤᠷᠠᠯ ᠲᠡᠮᠡᠴᠡᠯ ᠤᠨ ᠶᠠᠪᠤᠴᠠ ᠳᠤ ᠮᠤᠩᠭᠤᠯ ᠦᠨᠳᠦᠰᠦᠳᠡᠨ ᠤ ᠪᠤᠯᠪᠠᠰᠤᠨ ᠲᠡᠦᠭᠡ᠂ ᠤᠯᠠᠮᠵᠢᠯᠠᠯᠳᠤ ᠰᠠᠶᠢᠬᠠᠨ ᠵᠠᠩ ᠵᠠᠩᠰᠢᠯ ᠤᠨ ᠰᠠᠭᠤᠷᠢ ᠲᠡᠭᠡᠷ᠎ᠠ ᠲᠤᠭᠳᠠᠪᠦᠷᠢᠵᠢᠠᠠᠰᠡᠨ ᠦᠪᠡᠷ ᠤᠨ ᠤᠨᠴᠠᠯᠢᠭ ᠪᠦᠬᠦᠢ ᠬᠡᠦᠭᠡᠤᠨ ᠰᠤᠷᠭᠠᠬᠤ ᠤᠬᠠᠭᠠᠨ ᠮᠦᠨ ᠬᠡᠳᠡᠭ᠃ ᠠᠪᠤ ᠡᠵᠢ ᠪᠤᠯᠤᠬᠰᠠᠳ ᠡᠨᠡᠬᠦ ᠦᠪᠡᠷ ᠤᠨ ᠲᠠᠷᠬᠠᠨ ᠬᠠᠷᠢᠭᠤᠴᠠᠯᠭ᠎ᠠ ᠪᠠᠨ ᠡᠬᠦᠷᠬᠡᠯᠡᠬᠦ ᠶᠤᠰᠤᠳᠠᠢ᠃

ᠪᠢᠳᠡ ᠶᠡᠷᠤ ᠨᠢ ᠦᠪᠡᠷ ᠠᠴᠠ ᠪᠠᠨ ᠦ ᠡᠷᠢᠬᠦ ᠲᠤᠷ᠎ᠡ ᠦᠬᠡᠢ᠃ ᠬᠠᠷᠢᠨ ᠵᠠᠪᠠᠯ ᠪᠤᠰᠤᠳ ᠠᠴᠠ ᠬᠠᠷᠢᠭᠤᠴᠠᠯᠭ᠎ᠠ ᠨᠡᠬᠡᠬᠦ ᠲᠤᠷᠠᠳᠠᠢ ᠪᠠᠶᠢᠳᠠᠭ᠃ ᠪᠢᠳᠡ ᠨᠡᠷ ᠨᠡᠬᠦᠳᠡᠯ ᠮᠠᠯᠵᠢᠯ ᠠᠴᠠ ᠪᠠᠨ ᠬᠤᠳᠠ ᠰᠠᠭᠤᠷᠢᠰᠢᠯ ᠳᠤ ᠰᠢᠯᠵᠢᠨ᠂ ᠬᠡᠤᠬᠡᠳ ᠢᠶᠠᠨ ᠲᠠᠩᠴᠤ ᠡᠷᠳᠡ ᠬᠡᠷ ᠤᠷᠤᠨ᠂ ᠮᠠᠯᠵᠢᠬᠤ ᠰᠤᠶᠤᠯ ᠤᠨ ᠤᠷᠴᠢᠨ ᠠᠴᠠ ᠰᠠᠯᠭᠠᠵᠤ᠂ ᠬᠤᠳᠡ᠂ ᠴᠡᠴᠡᠷᠯᠢᠭ᠂ ᠰᠤᠷᠭᠠᠭᠤᠯᠢ ᠳᠤ ᠪᠠᠶᠢᠷᠢᠰᠢᠭᠤᠯᠤᠬᠰᠠᠨ ᠠᠴᠠ ᠤᠳᠤ ᠪᠠᠶᠢᠭ᠎ᠠ ᠮᠤᠩᠭᠤᠯ ᠬᠡᠤᠬᠡᠳ ᠮᠤᠩᠭᠤᠯ ᠠᠵᠤ ᠠᠬᠤᠢ ᠶᠢᠨ ᠰᠤᠶᠤᠯ᠂ ᠮᠤᠩᠭᠤᠯ ᠵᠠᠩ ᠵᠠᠩᠰᠢᠯ᠂ ᠦᠬᠡᠰ ᠤᠨ ᠰᠠᠩ᠂ ᠬᠡᠯᠡᠨ ᠤ ᠮᠡᠳᠡᠷᠡᠮᠵᠢ ᠵᠡᠷᠬᠡ ᠤᠯᠠᠨ ᠲᠠᠯ᠎ᠡ ᠪᠠᠷ ᠦᠪᠡᠷ ᠤᠨ ᠬᠡᠰᠡᠨ ᠵᠠᠩ ᠰᠤᠶᠤᠯ ᠢᠶᠠᠨ ᠬᠡᠬᠡᠭᠳᠡᠬᠦᠯᠦᠨ ᠤᠷᠬᠢᠵᠤ ᠶᠠᠪᠤᠭ᠎ᠠ ᠨᠢ ᠲᠠᠩᠴᠤ ᠬᠠᠷᠠᠮᠰᠠᠯᠳᠠᠢ᠃ ᠡᠨᠡ ᠴᠤᠬᠤᠮ ᠬᠡᠨ ᠤ ᠬᠠᠷᠢᠭᠤᠴᠠᠯᠭ᠎ᠠ ᠪᠤᠢ︖

ᠮᠠᠨ ᠤ ᠮᠤᠩᠭᠤᠯᠴᠤᠳ ᠨᠡᠬᠦᠳᠡᠯ ᠰᠤᠶᠤᠯ ᠠᠴᠠ ᠪᠠᠨ ᠬᠤᠳᠠ ᠰᠠᠭᠤᠷᠢᠰᠢᠯ ᠳᠤ ᠰᠢᠯᠵᠢᠭᠰᠡᠨ ᠠᠴᠠ ᠦᠬᠡ ᠬᠡᠯᠡᠨ ᠤ ᠤᠷᠴᠢᠨ ᠠᠬᠤᠢ ᠠᠮᠢᠳᠤᠷᠠᠯ ᠰᠡᠳᠬᠢᠬᠦᠢ ᠳᠤ ᠯᠤᠳᠤ ᠶᠡᠭᠡ ᠬᠤᠪᠢᠷᠠᠯᠳᠠ ᠭᠠᠷᠴᠤ ᠪᠠᠶᠢᠨ᠎ᠠ᠃ ᠡᠨᠠ ᠶᠡᠭᠡ ᠬᠤᠪᠢᠷᠠᠯᠳᠠ ᠳᠤ ᠬᠦᠨᠳᠦ ᠨᠤᠴᠢᠳᠠᠢ ᠨᠦᠯᠦᠬᠡᠯᠡᠭᠳᠡᠨ ᠦᠬᠡ ᠬᠡᠯᠡᠨ ᠤ ᠶᠠᠳᠠᠭᠤᠷᠠᠯ ᠬᠠᠶᠢᠯᠤᠯᠳᠠ ᠡᠬᠦᠰᠴᠦ᠂ ᠰᠤᠶᠤᠯ ᠤᠨ ᠬᠢᠮᠤᠷᠠᠯ ᠳᠤ ᠤᠴᠠᠷᠠᠨ᠂ ᠳᠠᠪᠤᠨ ᠬᠤᠰᠢᠭᠤ ᠮᠠᠯ ᠢᠶᠠᠨ ᠴᠦ ᠳᠠᠨᠢᠬᠤ ᠦᠬᠡᠢ᠂ ᠮᠤᠩᠭᠤᠯ ᠠᠮᠢᠳᠤᠷᠠᠯ ᠢᠶᠠᠨ ᠴᠤ ᠮᠡᠳᠡᠬᠦ ᠦᠬᠡᠢ ᠴᠢᠨᠠᠭᠰᠢᠯᠠᠨ ᠨᠢᠬᠡ ᠬᠡᠷ ᠤᠨ ᠠᠵᠤ ᠠᠮᠢᠳᠤᠷᠠᠯ ᠪᠡ ᠦᠬᠡ ᠶᠠᠷᠢᠶ᠎ᠠ ᠨᠢ ᠬᠤᠯᠢᠮᠠᠭ ᠪᠤᠯᠤᠭᠰᠠᠨ ᠠᠴᠠ ᠮᠤᠳᠤᠨ ᠬᠡᠯᠡ ᠲᠠᠢ ᠮᠤᠩᠭᠤᠯ ᠪᠤᠯᠤᠬᠰᠠᠨ ᠲᠡᠳᠤᠢ ᠦᠬᠡᠢ ᠮᠤᠩᠭᠤᠯ ᠬᠡᠤᠬᠡᠤᠨ ᠤᠨ ᠵᠠᠩ ᠤᠶᠢᠯᠠ ᠪᠡ ᠰᠡᠳᠬᠢᠬᠦᠢ ᠨᠢ ᠪᠠᠰᠡ ᠬᠤᠯᠢᠮᠠᠭ ᠪᠤᠯᠤᠭᠰᠠᠨ ᠪᠠᠶᠢᠨ᠎ᠠ᠃

ᠡᠶᠢᠮᠤ ᠠᠴᠠ ᠡᠶᠢᠮᠦᠷᠬᠦ ᠬᠤᠯᠢᠮᠠᠭ ᠠᠮᠢᠳᠤᠷᠠᠯ ᠲᠠᠢ ᠬᠤᠯᠢᠮᠠᠭ ᠰᠡᠳᠬᠢᠬᠦᠢ ᠲᠠᠢ ᠮᠤᠩᠭᠤᠯ ᠬᠡᠤᠬᠡᠤᠨ ᠤᠯᠠᠰᠢᠷᠠᠬᠰᠠᠨ ᠪᠡ ᠬᠠᠷᠢ ᠬᠡᠯᠡᠨ ᠤ ᠳᠦᠷᠢᠯᠳᠡ ᠳᠤ ᠨᠦᠯᠦᠬᠡᠯᠡᠭᠳᠡᠨ᠂ ᠨᠡᠶᠢᠬᠡᠮ ᠨᠡᠶᠢᠳᠠ ᠪᠠᠷ ᠢᠶᠠᠨ ᠬᠤᠯᠢᠮᠠᠭ ᠶᠠᠷᠢᠬᠤ ᠪᠤᠯᠤᠭᠰᠠᠨ ᠠᠴᠠ ᠦᠨᠳᠦᠰᠦᠳᠡᠨ ᠤ ᠰᠠᠭᠤᠷᠢ ᠰᠤᠷᠭᠠᠨ ᠬᠦᠮᠦᠵᠢᠯ ᠳᠤ ᠰᠢᠨ᠎ᠠ ᠡᠷᠢᠯᠳᠠ ᠬᠢᠬᠦ ᠪᠠᠴᠢᠮ ᠱᠠᠭᠠᠷᠳᠠᠯᠭ᠎ᠠ ᠶᠢ ᠠᠪᠴᠢᠷᠠᠭᠰᠠᠨ ᠪᠠᠶᠢᠨ᠎ᠠ᠃ ᠠᠬᠠᠮᠠᠳ ᠲᠤᠮᠤᠭᠠᠳᠠᠳ ᠪᠤᠯᠤᠬᠰᠠᠨ ᠪᠢᠳᠠ ᠡᠨᠡ ᠪᠦᠬᠦᠨ ᠢ ᠬᠠᠷᠠᠭᠠᠳ ᠡᠯᠢᠬᠡ ᠪᠠᠨ ᠳᠡᠪᠡᠷᠢᠨ ᠰᠡᠭᠦᠷᠡᠰᠦ ᠠᠯᠳᠠᠨ ᠰᠠᠭᠤᠭᠠᠳ ᠪᠠᠶᠢᠵᠤ ᠪᠤᠯᠬᠤ ᠦᠬᠡᠢ ᠪᠦᠬᠡᠳ ᠬᠡᠨ ᠬᠡᠨ ᠳᠡᠭᠡᠨ ᠬᠠᠷᠢᠭᠤᠴᠠᠯᠭ᠎ᠠ ᠲᠦᠯᠬᠢᠬᠦ ᠴᠢᠬᠤᠯᠡ ᠴᠤ ᠦᠬᠡᠢ ᠬᠠᠷᠢᠨ ᠶᠠᠭᠠᠬᠢᠵᠤ ᠡᠨᠡᠬᠦ ᠮᠤᠩᠭᠤᠯ ᠰᠤᠶᠤᠯ ᠤᠨ ᠢᠷᠡᠬᠡᠳᠤᠢ ᠪᠤᠯᠤᠭᠰᠠᠨ ᠮᠤᠩᠭᠤᠯ ᠳᠦᠮᠡᠨ ᠤ ᠦᠷ᠎ᠡ ᠬᠡᠤᠬᠡᠤᠨ ᠢᠶᠠᠨ ᠦᠪᠡᠷ ᠤᠨ ᠬᠡᠰᠡᠨ ᠦᠪ ᠰᠤᠶᠤᠯ ᠲᠠᠢ᠂ ᠦᠬᠡ ᠬᠡᠯᠡ ᠲᠠᠢ᠂ ᠤᠳᠤᠬᠢᠴᠢᠯᠠᠯᠳᠠ ᠪᠡ ᠳᠡᠯᠡᠬᠡᠢ ᠶᠢᠨ ᠬᠦᠭᠵᠢᠯᠳᠡ ᠲᠠᠢ ᠮᠦᠷᠦ ᠵᠡᠷᠬᠡᠴᠡᠨ᠂ ᠮᠤᠩᠭᠤᠯ ᠰᠡᠳᠬᠢᠬᠦᠢ ᠲᠠᠢ ᠬᠦᠮᠦᠨ ᠪᠤᠯᠭᠠᠨ ᠭᠦᠮᠦᠵᠢᠬᠦᠯᠬᠦ ᠪᠤᠢ ᠬᠡᠳᠡᠭ ᠢ ᠴᠠᠭ ᠦᠷᠬᠦᠯᠵᠢᠳᠡ ᠰᠠᠨᠠᠭᠠᠰᠢᠷᠠᠵᠤ᠂ ᠦᠨᠳᠦᠰᠦᠳᠠᠨ ᠤ ᠪᠠᠨ ᠤᠯᠠᠮᠵᠢᠯᠠᠯᠳᠤ ᠦᠪ ᠰᠤᠶᠤᠯ ᠢᠶᠠᠨ ᠰᠤᠷᠭᠠᠨ ᠭᠦᠮᠦᠵᠢᠯ ᠤᠨ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠵᠤ᠂ ᠬᠡᠤᠬᠡᠤᠨ ᠤᠳ ᠤᠨ ᠳᠠᠷᠢᠬᠢᠨ ᠳᠤᠨᠢ ᠰᠠᠶᠢᠯᠤᠨ ᠦᠯᠡᠳᠡᠬᠡᠵᠤ᠂ ᠮᠤᠩᠭᠤᠯ ᠰᠠᠶᠢᠬᠠᠨ ᠰᠡᠳᠬᠢᠬᠦᠢ ᠲᠠᠢ ᠪᠤᠯᠭᠠᠨ ᠬᠦᠮᠦᠵᠢᠬᠦᠯᠬᠦ ᠬᠡᠷᠡᠭᠳᠡᠢ ᠪᠤᠯᠤᠭᠠᠳ ᠪᠠᠶᠢᠨ᠎ᠠ᠃ ᠬᠡᠤᠬᠡᠳ ᠮᠤᠩᠭᠤᠯ ᠬᠡᠯᠡ ᠳᠡᠭᠡᠨ ᠮᠠᠭᠤ᠂ ᠮᠤᠩᠭᠤᠯ ᠠᠮᠢᠳᠤᠷᠠᠯ ᠢᠶᠠᠨ ᠮᠡᠳᠡᠬᠦ ᠦᠬᠡᠢ ᠵᠡᠷᠬᠡ ᠠᠰᠠᠭᠤᠳᠠᠯ ᠢ ᠭᠠᠭᠴᠡ ᠰᠤᠷᠭᠠᠭᠤᠯᠢ ᠪᠤᠶᠤ ᠨᠡᠶᠢᠬᠡᠮ ᠠᠴᠠ ᠨᠡᠬᠡᠮᠵᠢᠯᠡᠵᠤ ᠪᠤᠯᠬᠤ ᠦᠬᠡᠢ᠂ ᠦᠪᠡᠷ ᠢᠶᠠᠨ ᠪᠠᠰᠠ ᠬᠠᠷᠢᠭᠤᠴᠠᠯᠭ᠎ᠠ ᠡᠬᠦᠷᠬᠡ ᠲᠠᠢ ᠬᠡᠳᠡᠭ ᠢᠶᠠᠨ ᠮᠡᠳᠡᠬᠦ ᠬᠡᠷᠡᠭᠳᠡᠢ᠃ ᠰᠤᠷᠭᠠᠭᠤᠯᠢ ᠠᠴᠠ ᠬᠠᠷᠢᠨ ᠠᠯᠢ ᠤᠯᠠᠨ ᠲᠡᠤᠬᠡ ᠶᠢᠨ ᠮᠦᠽᠸᠢ᠂ ᠰᠤᠶᠤᠯ ᠤᠨ ᠤᠷᠳᠤᠨ ᠵᠡᠷᠬᠡ ᠶᠢ ᠪᠠᠶᠢᠭᠤᠯᠤᠨ᠂ ᠠᠬᠠᠮᠳ ᠪᠤᠭᠤᠷᠤᠯ ᠢ ᠤᠷᠢᠨ ᠮᠤᠩᠭᠤᠯ ᠵᠠᠩ ᠦᠢᠯᠡ ᠶᠢᠨ ᠲᠤᠬᠠᠢ ᠬᠢᠴᠢᠶᠡᠯ ᠲᠠᠶᠢᠯᠤᠮᠵᠢ ᠬᠢᠯᠬᠡᠵᠤ᠂ ᠬᠡᠤᠬᠡᠳ ᠲᠤ ᠰᠠᠶᠢᠨ ᠰᠠᠶᠢᠬᠠᠨ ᠤᠷᠴᠢᠨ ᠲᠤᠭᠤᠷᠢᠨ ᠢ ᠬᠠᠩᠭᠠᠬᠤ ᠪᠠᠷ ᠴᠢᠷᠮᠠᠶᠢᠨ ᠠᠵᠢᠯᠯᠠᠵᠤ ᠪᠠᠶᠢᠨ᠎ᠡ ᠬᠡᠳᠡᠭ ᠢ ᠮᠡᠳᠡᠷᠡᠬᠦ ᠬᠡᠷᠡᠭᠳᠡᠢ᠃

ᠶᠡᠷᠤᠨᠢ ᠬᠠᠶᠢᠷ᠎ᠡ ᠤᠷᠤᠰᠢᠪᠡᠯ ᠬᠠᠷᠢᠭᠤᠴᠠᠯᠭ᠎ᠠ ᠡᠬᠦᠷᠬᠡᠯᠡᠳᠡᠭ ᠬᠡᠳᠡᠭ᠃ ᠦᠷ᠎ᠡ ᠬᠤᠶᠢᠴᠢᠰ ᠢᠶᠠᠨ ᠬᠦᠮᠦᠵᠢᠬᠦᠯᠤᠨ᠎ᠡ ᠬᠡᠳᠡᠭ ᠵᠦᠪᠬᠡᠨ ᠪᠠᠭᠰᠢ ᠰᠤᠷᠭᠠᠭᠤᠯᠢ ᠶᠢᠨ ᠡᠬᠦᠷᠬᠡ ᠲᠡᠳᠤᠢ ᠪᠢᠰᠢ᠂ ᠬᠡᠷ ᠪᠦᠯᠢ ᠶᠢᠨ ᠬᠠᠷᠢᠭᠤᠴᠠᠯᠭ᠎ᠠ ᠴᠤ ᠪᠠᠶᠢᠳᠠᠭ᠃ ᠪᠢᠳᠡ ᠬᠠᠮᠳᠤ ᠪᠠᠷ ᠴᠢᠷᠮᠠᠶᠢᠵᠤ ᠮᠤᠩᠭᠤᠯ ᠰᠤᠶᠤᠯ ᠢᠶᠠᠨ ᠤᠯᠠᠮᠵᠢᠯᠠᠵᠤ ᠦᠪᠯᠡᠪᠡᠯ ᠵᠤᠬᠢᠨ᠎ᠡ᠃

ᠢᠷᠡᠯᠲᠡ᠄      ᠨᠠᠶᠢᠷᠠᠭᠤᠯᠤᠭᠴᠢ᠄