home
home

    ᠦᠨᠳᠦᠰᠦᠲᠡᠨ ᠤ ᠬᠡᠦᠬᠡᠳ ᠤᠨ ᠴᠡᠴᠡᠷᠯᠢᠭ ᠨᠢ ᠨᠡᠶᠢᠭᠡᠮ ᠲᠤᠭᠤᠷᠢᠭ ᠤᠨ ᠣᠷᠴᠢᠨ ᠲᠤᠭᠤᠷᠢᠨ ᠢ ᠭᠤᠸᠠᠯᠢᠭᠵᠢᠭᠤᠯᠬᠤ ᠠᠵᠢᠯᠯᠠᠭ᠎ᠠ ᠦᠷᠨᠢᠭᠦᠯᠪᠡ

2016-10-07  21:34

ᠪᠠᠷᠠᠭᠤᠨ ᠦᠵᠦᠮᠦᠴᠢᠨ ᠬᠤᠰᠢᠭᠤᠨ ᠤ ᠦᠨᠳᠦᠰᠦᠲᠡᠨ ᠤ ᠬᠡᠦᠬᠡᠳ ᠤᠨ ᠴᠡᠴᠡᠷᠯᠢᠭ ᠨᠢ ᠪᠠᠯᠭᠠᠷᠭᠤᠤᠯ ᠪᠠᠯᠭᠠᠰᠤᠨ ᠤ ᠪᠶ᠋ᠬᠠᠭᠤᠯᠠ ᠨᠡᠶᠢᠭᠡᠮ ᠲᠤᠭᠤᠷᠢᠭ ᠲᠠᠢ ᠬᠠᠮᠳᠤ ᠪᠠᠷ ᠪᠦᠳᠦᠭᠡᠨ ᠪᠠᠶᠢᠭᠤᠯᠬᠤ ᠠᠵᠢᠯᠯᠠᠭ᠎ᠠ ᠶᠢ ᠪᠠᠶᠢᠩᠭᠤ ᠶᠢᠨ ᠴᠢᠨᠠᠷᠲᠠᠢ ᠦᠷᠨᠢᠭᠦᠯᠵᠦ᠂ ᠲᠠᠪᠠᠭᠤᠯᠢᠭ ᠲᠠᠯ᠎ᠠ ᠪᠠᠨ ᠬᠠᠷᠢᠯᠴᠠᠨ ᠨᠦᠬᠦᠪᠦᠷᠢᠯᠡᠡ ᠬᠠᠮᠳᠤ ᠪᠠᠷ ᠬᠦᠭᠵᠢᠬᠦ ᠵᠠᠷᠴᠢᠮ ᠢ ᠪᠠᠷᠢᠮᠲᠠᠯᠠᠨ᠂ 《ᠬᠡᠦᠬᠡᠳ ᠤᠨ ᠴᠡᠴᠡᠷᠯᠢᠭ ᠢ ᠨᠡᠶᠢᠭᠡᠮ ᠲᠤᠭᠤᠷᠢᠭᠴᠢᠯᠠᠬᠤ᠂ ᠨᠡᠶᠢᠭᠡᠮ ᠲᠤᠭᠤᠷᠢᠭ ᠢ ᠴᠡᠴᠡᠷᠯᠢᠭᠵᠢᠭᠦᠯᠬᠦ》 ᠋ ᠶᠢ ᠢᠲᠡᠪᠬᠢᠲᠡᠢ ᠦᠢᠯᠡᠳᠦᠯᠭᠡᠵᠢᠭᠦᠯᠬᠦ ᠵᠢ‌ᠨᠠᠰᠤᠨ ᠲᠤᠷᠰᠢᠲᠡ ᠶᠢᠨ ᠰᠤᠷᠭᠠᠨ ᠬᠦᠮᠦᠵᠢᠭᠦᠯᠬᠦ ᠤᠨᠤᠯᠵᠢᠬᠤᠨ ᠪᠤᠯᠭᠠᠵᠤ᠂ ᠬᠠᠮᠳᠤ ᠪᠠᠷ ᠬᠡᠦᠬᠡᠳ ᠤᠨ ᠴᠡᠴᠡᠷᠯᠢᠭ ᠢ ᠦᠷᠭᠡᠳᠭᠡᠬᠦ᠂ ᠨᠡᠶᠢᠭᠡᠮ ᠲᠤᠭᠤᠷᠢᠭ ᠤᠨ ᠰᠤᠷᠭᠠᠨ ᠬᠦᠮᠦᠵᠢᠭᠦᠯᠬᠦ ᠴᠢᠲᠠᠪᠬᠢ ᠪᠠ ᠨᠡᠶᠢᠭᠡᠮ ᠲᠤᠭᠤᠷᠢᠭ ᠤᠨ ᠰᠤᠷᠭᠠᠨ ᠬᠦᠮᠦᠵᠢᠯ ᠤᠨ ᠡᠬᠢ ᠰᠤᠷᠪᠤᠯᠵᠢ ᠶᠢ ᠬᠠᠮᠳᠤ ᠪᠠᠷ ᠡᠳ᠋ᠯᠡᠨ᠂ ᠰᠤᠶᠤᠯ ᠲᠠᠮᠢᠷ ᠤᠨ ᠬᠦᠮᠦᠵᠢᠯ᠂ ᠨᠡᠶᠢᠲᠡ ᠶᠢᠨ ᠠᠰᠠᠷᠠᠮᠵᠢ ᠵᠢᠨ‌ᠤᠬᠠᠭᠤᠯᠭ᠎ᠠ ᠵᠡᠷᠭᠡ ᠠᠵᠢᠯᠯᠠᠭ᠎ᠠ ᠶᠢ ᠦᠷ᠎ᠡ ᠪᠦᠳᠦᠮᠵᠢᠲᠡᠢ ᠦᠷᠨᠢᠭᠦᠯᠦᠭᠰᠡᠭᠡᠷ ᠢᠷᠡᠵᠡᠢ᠃

ᠣᠷᠴᠢᠮ ᠳᠤ᠂ ᠬᠡᠦᠬᠡᠳ ᠤᠨ ᠴᠡᠴᠡᠷᠯᠢᠭ ᠤᠨ ᠤ᠊ ᠱᠦᠵᠢ ᠠᠴᠠ ᠨᠡᠶᠢᠭᠡᠮ ᠲᠤᠭᠤᠷᠢᠭ ᠤᠨ ᠬᠢᠨ ᠰᠠᠭᠤᠭᠠᠯᠢ ᠠᠷᠠᠳ ᠤᠨ ᠬᠡᠷᠡᠮ ᠬᠠᠨ᠎ᠠ ᠲᠡᠭᠡᠷ᠎ᠡ ᠨᠡᠶᠢᠭᠡᠮ ᠵᠢᠷᠤᠮ ᠤᠨ ᠭᠤᠤᠯᠯᠠᠬᠤ ᠦᠷᠲᠡᠭ ᠤᠨ ᠦᠵᠡᠯᠲᠡ ᠪᠠᠷ ᠰᠡᠳᠦᠪᠯᠡᠭᠰᠡᠨ ᠵᠢᠷᠤᠭ ᠣᠷᠠᠯᠠᠨ ᠲᠦᠰᠦᠪᠯᠡᠵᠤ ᠵᠢᠷᠤᠬᠤ ᠬᠦᠴᠢᠷᠲᠡᠯ ᠲᠠᠢ ᠪᠠᠶᠢᠬᠤ ᠶᠢ ᠤᠯᠵᠤ ᠮᠡᠲᠡᠭᠰᠡᠨ ᠤ ᠲᠠᠷᠠᠭ᠎ᠠ᠂ ᠲᠤᠰᠬᠠᠶᠢᠯᠠᠨ ᠨᠡᠶᠢᠭᠡᠮ ᠲᠤᠭᠤᠷᠢᠭ ᠤᠨ ᠺᠦᠩ ᠱᠦᠵᠢ ᠲᠠᠢ ᠵᠦᠪᠲᠡᠯᠴᠡᠨ᠂ ᠡᠨᠡ ᠲᠠᠯ᠎ᠠ ᠶᠢᠨ ᠡᠭᠦᠷᠭᠡ ᠶᠢ ᠨᠢ ᠬᠠᠪᠰᠤᠷᠤᠨ ᠪᠡᠶᠡᠯᠡᠭᠦᠯᠬᠦ ᠪᠠᠷ ᠲᠠᠭᠠᠭᠠᠴᠢᠯᠠᠨ ᠠᠪᠴᠤ ᠤᠷᠠᠯᠠᠵᠤ ᠵᠢᠷᠤᠬᠤ ᠳᠤ ᠪᠠᠨ ᠠᠪᠢᠶᠠᠰᠤᠯᠢᠭ ᠬᠤᠶᠠᠷ ᠪᠠᠭᠰᠢ ᠪᠠᠨ ᠰᠤᠩᠭᠤᠨ ᠣᠴᠢᠭᠤᠯᠵᠤ᠂10 ᠰᠠᠷ᠎ᠠ ᠶᠢᠨ 20—21  ᠋  ᠋ ᠤ ᠬᠤᠶᠠᠷ ᠡᠳᠦᠷ ᠤᠨ ᠴᠠᠭ ᠵᠠᠷᠤᠴᠠᠭᠤᠯᠤᠨ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠬᠡᠷᠡᠮ ᠬᠠᠨ᠎ᠠ  ᠶᠢ ᠤᠬᠠᠭᠤᠯᠭ᠎ᠠ ᠶᠢᠨ ᠵᠢᠷᠤᠭ ᠤᠷᠠᠯᠠᠯ ᠢᠶᠠᠷ ᠰᠢᠨᠡᠳᠭᠡᠵᠤ᠂ ᠣᠷᠴᠢᠨ ᠲᠤᠭᠤᠷᠢᠨ ᠢ ᠨᠢ ᠭᠤᠸᠠᠯᠢᠭᠵᠢᠭᠤᠯᠤᠨ᠂ ᠨᠡᠶᠢᠭᠡᠮ ᠲᠤᠭᠤᠷᠢᠭ ᠤᠨ ᠣᠳᠣᠷᠢᠳᠣᠯᠭ᠎ᠠ ᠶᠢᠨ ᠮᠠᠭᠲᠠᠭᠠᠯ ᠰᠠᠶᠢᠰᠢᠶᠠᠯ ᠪᠠ ᠰᠠᠭᠤᠭᠠᠯᠢ ᠠᠷᠠᠳ ᠤᠨ ᠬᠠᠯᠠᠭᠤᠨ ᠬᠦᠷᠢᠶᠡᠯᠡᠯ ᠢ ᠤᠯᠤᠭᠰᠠᠨ ᠪᠠᠶᠢᠨ᠎ᠠ᠃

8

ᠢᠷᠡᠯᠲᠡ᠄      ᠨᠠᠶᠢᠷᠠᠭᠤᠯᠤᠭᠴᠢ᠄