home
home

    ᠠᠯᠢᠪᠠ ᠪᠦᠬᠦᠨ ᠬᠡᠤᠬᠡᠳ ᠤᠨ ᠲᠦᠯᠦᠬᠡ ( ᠨᠢᠭᠡ )

2016-10-07  21:38

ᠲᠦᠷᠦᠬᠦᠭᠡᠡ ᠤᠷᠳᠤᠰ ᠬᠤᠳᠠ ᠶᠢᠨ ᠬᠠᠩᠬᠢᠨ ᠬᠤᠰᠢᠭᠤᠨ ᠤ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠮᠠᠨ ᠤ ᠤᠷᠤᠨ ᠤ ᠠᠩᠬᠠᠳᠠᠭᠴᠢ ᠰᠡᠳᠬᠢᠴᠡ ᠶᠢᠨ ᠤᠷᠮᠠᠰᠢᠭᠤᠯᠤᠭᠴᠢ᠂ ᠤᠳᠬᠠᠨᠬᠡᠷᠡᠯ ᠪᠠᠭᠰᠢ ᠶᠢ ᠵᠠᠯᠠᠨ᠂ ᠬᠡᠦᠬᠡᠳ ᠤᠨ ᠴᠡᠴᠡᠷᠯᠢᠭ ᠤᠨ ᠪᠠᠭᠰᠢ ᠪᠤᠯᠤᠨ ᠪᠦᠬᠦ ᠭᠡᠷ ᠤᠨ ᠠᠬᠠᠮᠠᠳ ᠢ ᠤᠷᠤᠯᠴᠠᠭᠤᠯᠤᠭᠰᠠᠨ ᠨᠢᠬᠡ ᠡᠳᠦᠷ ᠤᠨ ᠰᠡᠳᠬᠢᠴᠡ ᠶᠢᠨ ᠲᠠᠶᠢᠯᠤᠮᠵᠢ ᠬᠢᠯᠭᠡᠭᠰᠡᠨ ᠶᠠᠪᠤᠳᠠᠯ ᠨᠢ ᠬᠡᠦᠬᠡᠳ ᠤᠨ ᠴᠡᠴᠡᠷᠯᠢᠭ ᠪᠤᠯᠤᠨ ᠭᠡᠷ ᠪᠦᠯᠢ ᠶᠢ ᠤᠶᠠᠯᠳᠤᠭᠤᠯᠤᠨ᠂ ᠬᠡᠤᠬᠡᠳ ᠤᠨ ᠠᠯᠤᠰ ᠢᠷᠡᠭᠡᠳᠤᠢ ᠶᠢᠨ ᠲᠤᠬᠠᠢ ᠰᠠᠨᠠᠭᠠᠰᠢᠷᠠᠭᠰᠠᠨ ᠤᠳᠬ᠎ᠠ ᠠᠭᠤᠯᠭ᠎ᠠ ᠪᠦᠬᠦᠢ ᠰᠠᠶᠢᠬᠠᠨ ᠦᠢᠯᠡ ᠠᠵᠢᠯᠯᠠᠭ᠎ᠠ ᠪᠤᠯᠤᠭᠰᠠᠨ ᠪᠠᠶᠢᠨ᠎ᠠ᠃ ᠡᠨᠡᠬᠦ ᠠᠵᠢᠯᠯᠠᠭ᠎ᠠ ᠨᠢ ᠮᠢᠨᠤ ᠰᠡᠳᠬᠢᠯ ᠳᠤ ᠲᠠᠯᠳᠠ ᠶᠢᠨ ᠰᠠᠶᠢᠬᠠᠨ ᠮᠡᠳᠡᠷᠡᠮᠵᠢ ᠦᠭᠴᠦ᠂ ᠪᠢᠳᠡᠨ ᠤ ᠦᠷ᠎ᠡ ᠬᠡᠤᠬᠡᠳ ᠤᠨ ᠢᠶᠠᠨ ᠡᠷᠡᠬᠦᠯ ᠰᠠᠶᠢᠬᠠᠨ ᠰᠡᠳᠬᠢᠴᠡ ᠶᠢ ᠬᠦᠮᠦᠵᠢᠬᠦᠯᠬᠦ᠂ ᠵᠦᠪ ᠦᠵᠡᠯ ᠤᠬᠠᠮᠰᠠᠷ ᠲᠠᠢ ᠪᠤᠯᠬᠤ᠂ ᠬᠠᠮᠤᠭ ᠤᠨ ᠭᠤᠤᠯ ᠨᠢ ᠡᠴᠢᠬᠡ ᠡᠬᠡᠴᠤᠤᠯ ᠤᠨ ᠦᠷ᠎ᠡ ᠬᠡᠤᠬᠡᠳ ᠲᠠᠢ ᠪᠠᠨ ᠰᠡᠳᠬᠢᠯ ᠢᠶᠠᠨ ᠮᠡᠳᠡᠯᠴᠡᠬᠦ ᠲᠠᠯ᠎ᠠ ᠪᠠᠷ ᠬᠤᠯᠠᠴᠡ ᠮᠡᠷᠭᠡᠨ ᠪᠤᠳᠤᠯᠭ᠎ᠠ ᠲᠠᠢ ᠰᠤᠷᠤᠯᠴᠠᠯᠭ᠎ᠠ ᠭᠡᠵᠤ ᠪᠢ ᠪᠤᠳᠤᠯ᠎ᠠ᠃

ᠤᠯᠠᠠ ᠤ ᠮᠡᠳᠡᠭᠡᠵᠢ ᠪᠠᠷ ᠰᠤᠷᠭᠠᠭᠤᠯᠢ᠂ ᠨᠡᠶᠢᠬᠡᠮ᠂ ᠭᠡᠷ ᠪᠦᠯᠢ ᠭᠤᠷᠪᠠᠠ ᠲᠠᠯ᠎ᠠ ᠶᠢᠨ ᠬᠦᠮᠦᠵᠢᠯ ᠢ ᠤᠶᠠᠯᠳᠤᠭᠤᠯᠪᠠᠯ ᠮᠠᠨ ᠤ ᠬᠡᠤᠬᠡᠳ ᠪᠠᠭᠠᠴᠤᠳ ᠰᠠᠶᠢ ᠡᠷᠡᠬᠦᠯ ᠰᠠᠷᠠᠭᠤᠯ ᠢᠶᠠᠷ ᠦᠰᠦᠨ ᠪᠤᠶᠢᠵᠢᠵᠤ ᠴᠢᠳᠠᠨ᠎ᠠ᠃ ᠡᠨᠡ ᠲᠤᠬᠠᠢ ᠬᠠᠩᠬᠢᠨ ᠬᠤᠰᠢᠭᠤᠨ ᠤ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠤᠨ ᠲᠠᠷᠤᠭ᠎ᠠ ᠪᠤᠶᠠᠨᠳᠠᠯᠠᠢ ᠭᠤᠸᠠᠢ ᠶᠠᠷᠤ ᠪᠤᠰᠤ ᠶᠢᠨ ᠪᠤᠳᠤᠯ ᠰᠡᠳᠬᠢᠯ ᠠᠴᠠ ᠬᠡᠤᠬᠡᠳ ᠤᠨ ᠢᠶᠠᠨ ᠰᠠᠶᠢᠨ ᠰᠠᠶᠢᠬᠠᠨ ᠳᠤ ᠰᠠᠨᠠᠭᠠᠰᠢᠷᠠᠨ ᠬᠡᠦᠬᠡᠳ ᠤᠨ ᠴᠡᠴᠡᠷᠯᠢᠭ ᠢᠶᠠᠨ ᠶᠠᠭᠠᠬᠢᠵᠤ ᠪᠦᠳᠦᠭᠡᠨ ᠪᠠᠶᠢᠭᠤᠯᠤᠭᠰᠠᠠ᠂ ᠡᠳᠤᠷ ᠲᠤᠳᠤᠮ ᠤᠨ ᠵᠢᠭᠠᠠ ᠰᠤᠷᠭᠠᠯᠳᠠ ᠶᠢᠨ ᠲᠤᠮᠳᠠ ᠶᠠᠭᠤ ᠶᠢ ᠭᠤᠤᠯᠳᠠᠯᠭ᠎ᠠ ᠪᠤᠯᠭᠠᠵᠤ ᠪᠠᠶᠢᠬᠤ᠂ ᠬᠡᠦᠬᠡᠳ ᠤᠨ ᠰᠡᠳᠬᠢᠴᠡ ᠶᠢᠨ ᠬᠦᠮᠦᠵᠢᠯ ᠢ ᠭᠡᠷᠬᠢᠨ ᠠᠩᠬᠠᠷᠤᠨ ᠴᠢᠬᠤᠯᠠᠴᠢᠯᠠᠵᠤ ᠪᠠᠶᠢᠬᠤ᠂ ᠪᠠᠭᠰᠢ ᠪᠠ ᠭᠡᠷ ᠤᠨ ᠠᠬᠠᠮᠠᠳ ᠲᠤ ᠶᠠᠮᠠᠷ ᠱᠠᠭᠠᠷᠳᠠᠯᠭ᠎ᠠ ᠲᠠᠯᠪᠢᠵᠤ ᠪᠠᠶᠢᠬᠤ ᠲᠤᠬᠠᠢ ᠦᠢᠯᠡ ᠠᠵᠢᠯᠯᠠᠭ᠎ᠠ ᠪᠠ ᠠᠷᠭ᠎ᠠ ᠬᠢᠳᠠᠯ ᠨᠢ ᠪᠢᠳᠠᠠ ᠳᠤ ᠲᠤᠯᠢ ᠪᠤᠯᠤᠮᠠᠷ ᠪᠠᠶᠢᠨ᠎ᠠ᠃

ᠪᠤᠶᠠᠨᠳᠠᠯᠠᠢ 1994 ᠤᠨ ᠠᠴᠠ ᠡᠬᠢᠯᠡᠡ ᠪᠠᠭᠰᠢ ᠶᠢᠨ ᠠᠵᠢᠯ ᠢ ᠬᠤᠪᠢᠳᠠᠵᠤ ᠠᠪᠤᠭᠠᠳ ᠤᠳᠤ ᠶᠠᠭ ᠬᠤᠷᠢᠨ ᠵᠢᠯ ᠵᠢᠭᠠᠨ ᠰᠤᠷᠭᠠᠯᠳᠠ ᠶᠢᠨ ᠦᠢᠯᠡᠰ ᠲᠤ ᠵᠢᠳᠬᠦᠵᠦ ᠢᠷᠡᠵᠠᠢ᠃ ᠬᠠᠩᠬᠢᠨ ᠬᠤᠰᠢᠭᠤᠨ ᠤ ᠪᠦᠬᠦ ᠲᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠤᠨ ᠦᠷᠢᠰᠦᠯᠳᠦᠬᠡᠨ ᠳᠤ ᠤᠷᠤᠯᠴᠠᠭᠠᠳ᠂ ᠬᠠᠩᠬᠢᠨ ᠬᠤᠰᠢᠭᠤᠨ ᠤ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠲᠤ ᠲᠠᠷᠤᠭ᠎ᠠ ᠪᠠᠷ ᠠᠵᠢᠯᠯᠠᠭᠰᠠᠨ᠃ ᠦᠨᠡᠭᠡᠷ 《ᠠᠯᠢᠪᠠ ᠪᠦᠬᠦᠨ ᠬᠡᠤᠬᠡᠳ ᠤᠨ ᠲᠦᠯᠦᠭᠡ》 ᠋ᠭᠡᠵᠤ ᠠᠵᠢᠯᠯᠠᠵᠤ ᠶᠠᠪᠤᠭ᠎ᠠ ᠬᠠᠩᠬᠢᠨ ᠬᠤᠰᠢᠭᠤᠨ ᠤ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠤᠨ ᠲᠠᠷᠤᠭ᠎ᠠ ᠲᠡᠷᠢᠬᠦᠲᠠᠢ ᠪᠦᠬᠦ ᠪᠠᠭᠰᠢ᠂ ᠬᠡᠦᠬᠡᠳ ᠤᠨ ᠴᠡᠴᠡᠷᠯᠢᠭ ᠢᠶᠠᠨ ᠦᠨᠳᠦᠰᠦᠳᠡᠡ ᠤ ᠤᠨᠴᠠᠯᠢᠭ ᠢᠶᠠᠷ ᠲᠤᠪᠤᠶᠢᠮ᠎ᠠ ᠪᠤᠯᠭᠠᠬᠤ᠂ ᠦᠨᠳᠦᠰᠦᠳᠡᠨ ᠤ ᠤᠨᠴᠠᠯᠢᠭᠳᠤ ᠰᠤᠷᠭᠠᠨ ᠬᠦᠮᠦᠵᠢᠯ ᠢ ᠴᠢᠩᠭᠠᠳᠬᠠᠬᠤ᠂ ᠬᠡᠦᠬᠡᠳ ᠤᠨ ᠡᠷᠡᠬᠦᠯ ᠰᠠᠶᠢᠬᠠᠨ ᠦᠰᠦᠯᠳᠡ ᠪᠤᠶᠢᠵᠢᠯᠳᠠ ᠶᠢ ᠴᠢᠬᠤᠯᠠᠴᠢᠯᠠᠬᠤ ᠵᠡᠷᠭᠡ ᠬᠡᠳᠦᠨ ᠲᠠᠯ᠎ᠡ ᠪᠠᠷ ᠠᠩᠬᠠᠷᠤᠨ ᠠᠵᠢᠯᠯᠠᠵᠤ ᠢᠷᠡᠭᠰᠡᠨ ᠲᠤᠬᠠᠢ ᠪᠤᠶᠠᠨᠳᠠᠯᠠᠢ ᠲᠠᠷᠤᠭ᠎ᠠ ᠲᠠᠢ ᠶᠠᠷᠢᠯᠴᠠᠭᠰᠠᠨ ᠶᠠᠷᠢᠯᠴᠠᠭ᠎ᠠ ᠪᠠᠨ ᠡᠷᠬᠢᠮ ᠤᠩᠰᠢᠭᠴᠢ ᠲᠠ ᠪᠦᠬᠦᠨ ᠳᠡᠭᠡᠨ ᠲᠤᠯᠢᠯᠠᠭᠤᠯᠬᠤ ᠳᠤ ᠤᠷᠮᠠᠲᠠᠢ ᠪᠠᠶᠢᠨ᠎ᠠ᠃

 

ᠢᠷᠡᠯᠲᠡ᠄      ᠨᠠᠶᠢᠷᠠᠭᠤᠯᠤᠭᠴᠢ᠄