home
home

    ᠠᠯᠢᠪᠠ ᠪᠦᠬᠦᠨ ᠬᠡᠤᠬᠡᠳ ᠤᠨ ᠲᠦᠯᠦᠬᠡ ( ᠬᠤᠶᠠᠷ )

2016-10-07  21:44

ᠪᠢᠳᠡ ᠬᠠᠩᠬᠢᠨ ᠬᠤᠰᠢᠭᠤᠨ ᠤ ᠮᠤᠩᠭᠤᠯ ᠦᠨᠳᠦᠰᠦᠳᠡᠨ ᠤ ᠭᠡᠤᠬᠡᠳ ᠤᠨ ᠴᠡᠴᠡᠷᠯᠢᠭ ᠲᠤ ᠬᠦᠷᠬᠦ ᠳᠤ᠂ ᠬᠡᠤᠬᠡᠳ ᠤᠨ ᠴᠡᠩᠭᠡᠯ ᠤᠨ ᠤᠷᠳᠤᠨ ᠬᠡᠮᠡᠷ ᠬᠦᠭᠡᠷᠦᠬᠦᠨ ᠭᠤᠷᠪᠠᠨ ᠲᠠᠪᠬᠤᠷ ᠵᠢᠭᠠᠨ ᠰᠤᠷᠭᠠᠯᠳᠠ ᠶᠢᠨ ᠠᠰᠠᠷ ᠤᠨ ᠭᠤᠤᠯ ᠲᠤᠮᠳᠠ ᠮᠤᠩᠭᠤᠯ ᠭᠡᠷ ᠤᠨ ᠬᠡᠯᠪᠡᠷᠢᠳᠦ ᠪᠠᠷᠢᠯᠭ᠎ᠠ ᠬᠠᠷᠠᠭᠠᠨ ᠳᠤ ᠲᠤᠳᠤᠬᠠᠨ᠃ ᠵᠢᠭᠠᠨ ᠰᠤᠷᠭᠠᠯᠳᠠ ᠶᠢᠨ ᠠᠰᠠᠷ ᠲᠤ ᠠᠯᠬᠤᠨ ᠤᠷᠤᠬᠤ ᠲᠠᠢ ᠵᠡᠷᠭᠡ ᠵᠢᠵᠢᠭᠭᠡᠨ ᠤᠪᠤᠭ᠎ᠠ ᠶᠢ ᠬᠠᠶᠠᠭᠠᠨ ᠲᠡᠭᠡᠷ᠎ᠡ ᠵᠢᠭᠢᠷᠢᠭᠯᠡᠨ ᠪᠤᠰᠬᠠᠭᠰᠠᠨ ᠨᠢ ᠮᠠᠨ ᠤ ᠮᠤᠩᠭᠤᠯᠴᠤᠳ ᠤᠨ ᠤᠪᠤᠭ᠎ᠠ ᠲᠠᠭᠢᠯᠭ᠎ᠠ ᠶᠢ ᠦᠨᠡᠨ ᠮᠦᠨ ᠢᠶᠠᠷ ᠵᠢᠷᠤᠭᠯᠠᠵᠤ᠂ ᠰᠡᠳᠬᠢᠯ ᠳᠤ ᠤᠨᠴᠠ ᠶᠢᠨ ᠰᠠᠶᠢᠬᠠᠨ ᠰᠠᠨᠠᠭᠳᠠᠯ᠎ᠠ᠃ ᠮᠤᠩᠭᠤᠯ ᠨᠤᠳᠤᠭ ᠲᠤ ᠮᠢᠨᠢ ᠤᠯᠠᠨ ᠤᠪᠤᠭ᠎ᠠ ᠪᠠᠶᠢᠳᠠᠭ ᠴᠦ ᠪᠦᠷ ᠯᠠ ᠱᠦᠢᠨᠢ ᠪᠠᠷ ᠪᠤᠰᠬᠠᠭᠰᠠᠨ ᠪᠠᠶᠢᠳᠠᠭ ᠪᠤᠯᠬᠤᠷ ᠰᠡᠳᠬᠢᠯ ᠳᠤ ᠶᠠᠷᠤᠨᠢ ᠭᠤᠨᠢᠭ ᠲᠠᠢ ᠰᠠᠨᠠᠭᠳᠠᠭᠠᠳ ᠪᠠᠶᠢᠭᠰᠠᠠ ᠪᠤᠯ ᠲᠤᠰ ᠬᠡᠦᠬᠡᠳ ᠤᠨ ᠴᠡᠴᠡᠷᠯᠢᠭ ᠬᠡᠤᠬᠡᠳ ᠲᠡᠭᠡᠨ ᠤᠪᠤᠭ᠎ᠠ ᠪᠠᠨ ᠶᠠᠭ ᠶᠤᠰᠤᠭᠠᠷ ᠨᠢ ᠪᠤᠰᠬᠠᠨ ᠬᠠᠷᠠᠭᠤᠯᠵᠤ ᠪᠠᠶᠢᠭ᠎ᠠ ᠨᠢ ᠮᠢᠨᠤ ᠰᠡᠳᠬᠢᠯ ᠤᠨ ᠤᠷᠮ᠎ᠠ ᠶᠢ ᠰᠡᠷᠭᠦᠭᠡᠯ᠎ᠡ᠃ ᠶᠠᠮᠠᠷ ᠴᠦ ᠰᠤᠷᠪᠤᠯᠵᠢᠯᠠᠭ᠎ᠠ᠂ ᠪᠢᠴᠢᠬᠦ ᠵᠢᠷᠤᠬᠤ ᠬᠡᠰᠡᠨ ᠪᠤᠳᠤᠯ ᠦᠭᠡᠢ ᠶᠠᠪᠤᠵᠤ ᠪᠠᠶᠢᠭᠰᠠᠨ ᠨᠠᠳᠠ ᠳᠤ ᠦᠪᠡᠷ ᠤᠨ ᠡᠷᠭᠡ ᠦᠭᠡᠢ ᠲᠤᠰ ᠬᠡᠦᠬᠡᠳ ᠤᠨ ᠴᠡᠴᠡᠷᠯᠢᠭ ᠤᠨ ᠲᠤᠬᠠᠢ ᠪᠢᠴᠢᠵᠦ᠂ ᠨᠡᠩ ᠤᠯᠠᠨ ᠬᠡᠤᠬᠡᠳ ᠤᠨ ᠮᠢᠨᠢ ᠤᠷᠴᠢᠨ ᠲᠤᠭᠤᠷᠢᠨ᠂ ᠰᠤᠷᠭᠠᠨ ᠬᠦᠮᠦᠵᠢᠯ ᠦᠭᠡᠷᠡᠴᠢᠯᠡᠭᠳᠡᠬᠦ ᠪᠤᠯᠤᠭᠠᠰᠠᠢ ᠬᠡᠳᠡᠭ ᠡᠵᠢ ᠬᠦᠮᠦᠨ ᠤ ᠦᠷ᠎ᠡ ᠪᠠᠨ ᠭᠡᠬᠦ ᠪᠤᠳᠤᠯ ᠠᠴᠠ ᠲᠤᠰ ᠬᠡᠦᠬᠡᠳ ᠤᠨ ᠴᠡᠴᠡᠷᠯᠢᠭ ᠤᠨ ᠲᠤᠬᠠᠢ ᠬᠦᠮᠦᠨ ᠠᠷᠠᠳ ᠲᠠᠭᠠᠨ ᠬᠤᠪᠢᠶᠠᠯᠴᠠᠬᠤ ᠪᠤᠳᠤᠯ ᠮᠢᠨᠤ ᠤᠶᠤᠨ ᠤᠬᠠᠭᠠᠨ ᠢ ᠡᠵᠡᠮᠳᠡᠵᠦ ᠪᠠᠶᠢᠯ᠎ᠠ᠃

ᠬᠠᠩᠬᠢᠨ ᠬᠤᠰᠢᠭᠤᠨ ᠤ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠦᠨᠳᠦᠰᠦᠳᠡᠨ ᠤ ᠤᠨᠴᠠᠯᠢᠭ ᠢᠶᠠᠷ ᠲᠤᠪᠤᠶᠢᠮ᠎ᠠ᠂ ᠴᠡᠴᠡᠷᠯᠢᠭ ᠤᠨ ᠵᠠᠰᠠᠯ ᠴᠢᠮᠡᠭᠯᠡᠯ ᠨᠢ ᠮᠤᠩᠭᠤᠯ᠂ ᠬᠡᠤᠬᠡᠳ ᠤᠨ ᠨᠠᠭᠠᠳᠤᠮ ᠲᠤᠭᠯᠠᠭᠠᠮ ᠨᠢ ᠮᠤᠩᠭᠤᠯ᠂ ᠬᠦᠮᠦᠰ ᠲᠤ ᠮᠤᠩᠭᠤᠯ ᠬᠡᠳᠡᠭ ᠰᠡᠳᠬᠢᠬᠦᠢ ᠤᠷᠤᠭᠤᠯᠤᠨ᠎ᠠ᠃ ᠬᠡᠦᠬᠡᠳ ᠤᠨ ᠴᠡᠴᠡᠷᠯᠢᠭ ᠤᠨ ᠭᠡᠷᠡᠮ ᠬᠠᠨ᠎ᠠ ᠶᠢᠨ ᠵᠠᠰᠠᠯ ᠴᠢᠮᠡᠭᠯᠡᠯ ᠠᠴᠠ ᠡᠬᠢᠯᠡᠭᠡᠳ ᠬᠦᠷᠢᠶ᠎ᠠ ᠬᠠᠰᠢᠶ᠎ᠠ᠂ ᠭᠡᠷ ᠪᠠᠷᠢᠯᠭ᠎ᠠ ᠶᠢ ᠨᠢ ᠬᠦᠷᠳᠡᠯ᠎ᠠ ᠴᠦᠮ ᠮᠤᠩᠭᠤᠯ ᠢᠶᠠᠷ ᠵᠠᠰᠠᠵᠤ ᠴᠢᠮᠡᠭᠯᠡᠭᠰᠡᠡ ᠪᠠᠶᠢᠯ᠎ᠠ᠃ 2012 ᠤᠨ ᠤ ᠬᠠᠪᠤᠷ᠂ ᠬᠠᠩᠬᠢᠨ ᠬᠤᠰᠢᠭᠤ ᠲᠤᠰ ᠬᠡᠦᠬᠡᠳ ᠤᠨ ᠴᠡᠴᠡᠷᠯᠢᠭ ᠢ ᠴᠤᠯ ᠮᠤᠩᠭᠤᠯ ᠬᠡᠤᠬᠡᠳ ᠤᠨ ᠴᠡᠴᠡᠷᠯᠢᠭ ᠪᠤᠯᠭᠠᠨ ᠪᠦᠳᠦᠬᠡᠨ ᠪᠠᠶᠢᠭᠤᠯᠵᠠᠢ᠃ ᠪᠦᠬᠦ ᠪᠠᠭᠰᠢ ᠠᠵᠢᠯᠳᠠᠨ ᠤ ᠭᠡᠳᠤᠨ ᠵᠢᠯ ᠤᠨ ᠬᠠᠮᠳᠤ ᠶᠢᠨ ᠴᠢᠷᠮᠠᠶᠢᠯᠭ᠎ᠠ ᠪᠠᠷ ᠡᠳᠤᠭᠡ ᠡᠷ᠎ᠡ ᠶᠢᠨ ᠭᠤᠷᠪᠠᠨ ᠨᠠᠭᠠᠳᠤᠮ᠂ ᠱᠠᠭ᠎ᠠ ᠶᠢᠨ ᠦᠷᠬᠦᠬᠡ᠂ ᠮᠤᠷᠢᠨ ᠬᠤᠭᠤᠷ ᠤᠨ ᠦᠷᠭᠦᠬᠡ᠂ ᠮᠤᠩᠭᠤᠯ ᠤᠨᠴᠠᠯᠢᠭᠳᠤ ᠭᠡᠷ ᠤᠨ ᠵᠠᠰᠠᠯ ᠴᠢᠮᠡᠭᠯᠡᠯ ᠤᠨ ᠲᠡᠯᠭᠡᠨ ᠦᠵᠡᠬᠦᠯᠦᠯᠭᠡ ᠶᠢᠨ ᠲᠠᠰᠤᠭ ᠵᠡᠷᠭᠡ ᠵᠢᠭᠠᠠ ᠰᠤᠷᠭᠠᠯᠳᠠ ᠶᠢᠨ ᠲᠠᠰᠤᠭ ᠪᠠ ᠪᠠᠭᠠᠵᠢ ᠭᠡᠷᠡᠭᠰᠡᠯ ᠢ ᠴᠦᠮ ᠲᠦᠬᠦᠷᠵᠢᠬᠦᠯᠦᠭᠰᠡᠡ ᠪᠠᠶᠢᠨ᠎ᠠ᠃ ᠲᠤᠰ ᠬᠡᠤᠬᠡᠳ ᠤᠨ ᠴᠡᠴᠡᠷᠯᠢᠭ ᠦᠷᠯᠦᠭᠡ ᠪᠦᠷᠢ ᠬᠡᠤᠬᠡᠳ ᠤᠳ ᠲᠤ ᠪᠦᠭᠡ ᠪᠠᠷᠢᠯᠳᠤᠬᠤ ᠬᠢᠴᠢᠶᠠᠯ ᠤᠷᠤᠨ᠎ᠠ᠂ ᠪᠦᠬᠡ ᠪᠠᠷᠢᠯᠳᠤᠭᠤᠯᠬᠤ ᠪᠠᠷ ᠲᠠᠮᠵᠢᠨ᠂ ᠬᠡᠤᠬᠡᠳ ᠤᠨ ᠰᠦᠰᠦ ᠵᠤᠷᠢᠭ᠂ ᠤᠷᠠᠨ ᠠᠪᠬᠠᠯᠵᠢ ᠶᠢ ᠨᠢ ᠨᠡᠭᠡᠭᠡᠭᠳᠡᠬᠦᠯᠤᠨ᠎ᠠ᠃ ᠪᠠᠰᠠ ᠨᠤᠮᠤ ᠰᠤᠮᠤ ᠬᠠᠷᠪᠤᠬᠤ᠂ᠲᠤᠭᠯᠠᠭᠠᠮ ᠤᠨ ᠮᠤᠷᠢ ᠤᠨᠤᠭᠤᠯᠬᠤ ᠵᠡᠷᠭᠡ ᠠᠷᠭ᠎ᠠ ᠪᠠᠷ ᠬᠡᠤᠬᠡᠳ ᠤᠳ ᠲᠤ ᠡᠷ᠎ᠡ ᠶᠢᠨ ᠭᠤᠷᠪᠠᠨ ᠨᠠᠭᠠᠳᠤᠮ ᠢ ᠤᠶᠢᠯᠠᠭᠠᠭᠤᠯᠤᠨ ᠲᠠᠨᠢᠯᠴᠠᠭᠤᠯᠬᠤ ᠶᠢᠨ ᠬᠠᠮᠳᠤ ᠬᠡᠤᠬᠡᠳ ᠤᠨ ᠠᠩᠬᠠᠷᠤᠯ ᠢ ᠲᠦᠪᠯᠡᠷᠡᠭᠦᠯᠬᠦ ᠴᠢᠳᠠᠪᠤᠷᠢ ᠶᠢ ᠬᠦᠮᠦᠵᠢᠬᠦᠯᠵᠤ ᠪᠠᠶᠢᠨ᠎ᠠ᠃

ᠲᠤᠰ ᠬᠡᠦᠬᠡᠳ ᠤᠨ ᠴᠡᠴᠡᠷᠯᠢᠭ ᠨᠢᠬᠡ ᠠᠩᠬᠢ ᠶᠢᠨ ᠭᠤᠷᠪᠠᠨ ᠪᠠᠭᠰᠢ ᠠᠴᠠ ᠵᠠᠪᠠᠯ ᠨᠢᠬᠡ ᠨᠢ ᠮᠤᠷᠢᠨ ᠬᠤᠭᠤᠷ ᠲᠠᠳᠠᠬᠤ ᠮᠡᠷᠭᠡᠵᠢᠯ ᠤᠨ ᠪᠠᠭᠰᠢ ᠪᠠᠶᠢᠬᠤ ᠶᠢ ᠱᠠᠭᠠᠷᠳᠠᠳᠠᠭ ᠃ ᠲᠡᠳᠡ ᠪᠠᠭᠰᠢ ᠨᠠᠷ ᠤᠨ ᠦᠨᠳᠦᠰᠦᠨ ᠴᠢᠳᠠᠪᠤᠷᠢ ᠶᠢ ᠲᠡᠭᠡᠭᠰᠢᠯᠡᠬᠦᠯᠬᠦ᠂ ᠰᠤᠷᠤᠯᠴᠠᠬᠤ ᠳᠤ ᠰᠠᠶᠢᠨ ᠰᠠᠶᠢᠬᠠᠠ ᠤᠷᠴᠢᠨ ᠲᠤᠭᠤᠷᠢᠨ ᠢ ᠪᠦᠷᠢᠯᠳᠦᠬᠦᠯᠵᠤ ᠦᠭᠭᠦ᠂ 《ᠰᠤᠶᠤᠯ ᠡᠷᠳᠡᠨᠢ》 ᠋ᠨᠤᠮ ᠤᠨ ᠰᠠᠩ ᠪᠠᠶᠢᠭᠤᠯᠬᠤ ᠵᠡᠷᠭᠡ ᠠᠷᠭ᠎ᠠ ᠪᠠᠷ ᠬᠡᠦᠬᠡᠳ ᠤᠳ ᠤᠨ ᠰᠤᠷᠤᠯᠴᠠᠬᠤ ᠨᠦᠬᠦᠴᠡᠯ ᠢ ᠰᠠᠶᠢᠵᠢᠷᠠᠭᠤᠯᠵᠠᠢ᠃ ᠬᠡᠤᠬᠡᠳ ᠤᠨ ᠮᠤᠩᠭᠤᠯ ᠬᠡᠯᠡ ᠰᠤᠷᠬᠤ ᠤᠷᠴᠢᠨ ᠲᠤᠭᠤᠷᠢᠨ ᠢ ᠪᠦᠷᠢᠯᠳᠦᠬᠦᠯᠬᠦ ᠶᠢᠨ ᠲᠦᠯᠦᠭᠡ᠂ ᠮᠤᠩᠭᠤᠯ ᠦᠨᠳᠦᠰᠦᠳᠡᠨ ᠤ ᠨᠡᠷᠡᠳᠦ ᠬᠦᠮᠦᠰ ᠤᠨ ᠲᠤᠪᠴᠢ ᠲᠠᠨᠢᠯᠴᠠᠭᠤᠯᠭ᠎ᠠ ᠶᠢᠨ ᠲᠤᠬᠠᠢ ᠨᠤᠮ ᠢ ᠡᠮᠬᠢᠳᠭᠡᠨ ᠨᠠᠶᠢᠷᠠᠭᠤᠯᠵᠤ ᠪᠠᠶᠢᠬᠤ ᠠᠴᠠ ᠭᠠᠳᠠᠨ᠎ᠠ ᠪᠦᠬᠦ ᠪᠠᠭᠰᠢ ᠪᠤᠯᠤᠨ ᠭᠡᠷ ᠤᠨ ᠠᠬᠠᠮᠠᠳ ᠢ ᠲᠠᠶᠢᠴᠢᠯᠠᠵᠤ᠂ ᠬᠡᠤᠬᠡᠳ ᠤᠨ ᠰᠢᠯᠢᠳᠡᠭ ᠲᠠᠭᠤᠤ ᠶᠢᠨ ᠡᠮᠬᠢᠳᠭᠡᠯ ᠢ ᠬᠢᠬᠦ ᠪᠠᠷ ᠤᠬᠠᠭᠠᠯᠠᠠ ᠲᠦᠰᠦᠪᠯᠠᠵᠤ᠂ 700 ᠰᠢᠬᠠᠮ ᠬᠡᠤᠬᠡᠳ ᠤᠨ ᠮᠤᠩᠭᠤᠯ ᠲᠠᠭᠤᠤ ᠶᠢᠨ ᠨᠤᠮ ᠢ ᠡᠮᠬᠢᠳᠭᠡᠵᠤ ᠲᠠᠷᠬᠠᠭᠠᠬᠰᠠᠨ ᠪᠠᠶᠢᠨ᠎ᠠ᠃ ᠮᠤᠩᠭᠤᠯ ᠬᠡᠤᠬᠡᠯᠲᠠᠢ ᠵᠦᠴᠦᠭᠡ ᠦᠵᠡᠬᠦᠯᠬᠦ᠂ᠮᠤᠩᠭᠤᠯ ᠢᠶᠠᠷ ᠶᠠᠷᠢᠭᠤᠯᠬᠤ᠂ ᠪᠠᠭᠰᠢ ᠵᠠᠯᠠᠨ ᠮᠤᠩᠭᠤᠯ ᠬᠡᠯᠡ ᠵᠢᠭᠠᠯᠭᠠᠬᠤ᠂ ᠠᠩᠬᠢ ᠶᠢᠨ ᠫᠠᠶᠢᠰᠠ ᠢᠯᠡᠷᠭᠡᠶᠢᠯᠡᠯ ᠢ ᠮᠤᠩᠭᠤᠯ ᠢᠶᠠᠷ ᠨᠠᠷᠠᠯᠠᠵᠤ ᠮᠤᠩᠭᠤᠯ ᠢᠶᠠᠷ ᠪᠢᠴᠢᠬᠦ᠂ ᠵᠠᠯᠠᠭᠤ ᠪᠠᠭᠰᠢ ᠨᠠᠷ ᠢ ᠮᠤᠩᠭᠤᠯ ᠦᠬᠡ ᠬᠡᠯᠡ ᠦᠰᠦᠭ ᠪᠢᠴᠢᠭ ᠢᠶᠠᠨ ᠬᠡᠷᠡᠭᠯᠡᠬᠦ ᠶᠢ ᠱᠠᠭᠠᠷᠳᠠᠬᠤ᠂ᠪᠠᠭᠰᠢ᠂ ᠭᠡᠷ ᠤᠨ ᠠᠬᠠᠮᠠᠳ ᠮᠤᠩᠭᠤᠯ ᠢᠶᠠᠷ ᠲᠡᠮᠳᠡᠭᠯᠡᠯ ᠬᠢᠬᠦ ᠶᠢ ᠱᠠᠭᠠᠷᠳᠠᠬᠤ᠂ ᠬᠡᠤᠬᠡᠳ ᠢ ᠮᠤᠩᠭᠤᠯ ᠬᠤᠪᠴᠠᠰᠤ ᠪᠠᠨ ᠡᠮᠦᠰᠬᠦ ᠶᠢ ᠱᠠᠭᠠᠷᠳᠠᠬᠤ ᠠᠴᠠ ᠭᠠᠳᠠᠨ᠎ᠠ ᠤᠷᠢᠳᠠᠪᠠᠷ ᠪᠠᠭᠰᠢ ᠨᠠᠷ ᠦᠪᠡᠷᠰᠡᠳ ᠢᠶᠠᠨ ᠮᠤᠩᠭᠤᠯ ᠬᠤᠪᠴᠠᠰᠤ ᠪᠠᠨ ᠡᠮᠦᠰᠴᠤ ᠮᠤᠩᠭᠤᠯ ᠢᠶᠠᠷ ᠶᠠᠷᠢᠬᠤ ᠶᠢ ᠱᠠᠭᠠᠷᠳᠠᠵᠤ᠂ ᠡᠬᠦᠨ ᠤ ᠤᠯᠠᠮ ᠢᠶᠠᠷ ᠬᠡᠦᠬᠡᠳ ᠤᠳ ᠲᠤ ᠮᠤᠩᠭᠤᠯ ᠦᠭᠡ ᠭᠡᠯᠡ ᠪᠠᠨ ᠰᠤᠷᠬᠤ᠂ ᠦᠨᠳᠦᠰᠦᠳᠡᠡ ᠤ ᠵᠠᠩ ᠵᠠᠩᠰᠢᠯ ᠢᠶᠠᠨ ᠤᠯᠠᠮᠵᠢᠯᠠᠵᠤ ᠪᠠᠳᠠᠷᠠᠭᠤᠯᠬᠤ ᠳᠤ ᠨᠦᠬᠦᠴᠡᠯ ᠪᠤᠯᠤᠯᠴᠠᠭ᠎ᠠ ᠬᠠᠩᠭᠠᠵᠠᠢ᠃ 《ᠢᠩᠬᠢᠵᠦ ᠬᠢᠵᠦ ᠪᠠᠶᠢᠭ᠎ᠠ ᠨᠢ ᠪᠢᠳᠡ ᠬᠡᠤᠬᠡᠳ ᠢᠶᠠᠨ ᠵᠠᠬᠢᠵᠤ ᠰᠤᠷᠭᠠᠬᠤ ᠶᠢᠨ ᠲᠠᠭᠠᠤ ᠬᠠᠮᠤᠭ ᠤᠨ ᠴᠢᠬᠤᠯᠠ ᠨᠢ ᠬᠡᠦᠬᠡᠳ ᠲᠡᠭᠡᠨ ᠲᠠᠭᠤᠷᠢᠶᠠᠯ ᠪᠤᠯᠵᠤ᠂ ᠬᠡᠦᠬᠡᠳ ᠢᠶᠠᠨ ᠲᠠᠭᠠᠭᠤᠯᠤᠨ ᠦᠢᠯᠡᠳᠦᠯᠭᠡ ᠶᠢᠨ ᠲᠤᠮᠳᠠ ᠦᠨᠳᠦᠰᠦᠳᠡᠡ ᠤ ᠲᠤᠬᠠᠢ ᠬᠦᠮᠦᠵᠢᠯ ᠬᠦᠷᠳᠡᠭᠡᠬᠦ ᠨᠢ ᠦᠭᠡ ᠭᠡᠯᠡ ᠪᠠᠷ ᠭᠡᠯᠡᠵᠤ ᠰᠤᠷᠭᠠᠭᠰᠠᠠ ᠠᠴᠠ ᠢᠯᠡᠬᠦᠦ ᠬᠦᠴᠦᠨ ᠲᠠᠢ ᠪᠠᠶᠢᠳᠠᠭ᠃ ᠤᠳᠤ ᠮᠠᠨ ᠤ ᠴᠡᠴᠡᠷᠯᠢᠭ ᠲᠤ ᠬᠢᠳᠡᠳ ᠬᠡᠤᠬᠡᠳ ᠮᠤᠩᠭᠤᠯ ᠬᠡᠯᠡ ᠰᠤᠷᠬᠤ ᠪᠠᠷ ᠢᠷᠡᠵᠦ ᠪᠠᠶᠢᠨ᠎ᠠ᠃ ᠮᠠᠨ ᠤ ᠬᠡᠦᠬᠡᠳ ᠤᠨ ᠴᠡᠴᠡᠷᠯᠢᠭ ᠪᠦᠬᠦ ᠤᠷᠤᠨ ᠤ 24 ᠬᠡᠦᠬᠡᠳ ᠤᠨ ᠴᠡᠴᠡᠷᠯᠢᠭ ᠤᠨ ᠠᠳᠠᠯᠢᠳᠬᠠᠯ ᠳᠤ ᠴᠤᠯᠭᠤᠷᠠᠠ ᠭᠠᠷᠴᠤ᠂ ᠦᠪᠡᠷᠲᠡᠭᠡᠡ ᠵᠠᠰᠠᠬᠤ ᠤᠷᠤᠨ ᠤ ᠵᠢᠱᠢᠶ᠎ᠠ ᠦᠶ᠋ᠵᠡᠬᠦᠯᠬᠦ ᠬᠡᠦᠬᠡᠳ ᠤᠨ ᠴᠡᠴᠡᠷᠯᠢᠭ ᠪᠤᠯᠤᠭᠰᠠᠨ ᠰᠢᠤ᠃ ᠡᠨᠡ ᠨᠢ ᠶᠠᠷᠢᠶᠠᠠ ᠦᠭᠡᠢ ᠪᠦᠬᠦ ᠪᠠᠭᠰᠢ᠂ ᠭᠡᠷ ᠤᠨ ᠠᠬᠠᠮᠠᠳ ᠤᠨ ᠬᠠᠮᠳᠤ ᠶᠢᠨ ᠴᠢᠷᠮᠠᠶᠢᠯᠭ᠎ᠠ ᠪᠠᠷ ᠤᠯᠤᠭᠰᠠᠠ ᠠᠮᠵᠢᠯᠳᠠ ᠪᠦᠳᠦᠮᠵᠢ ᠪᠤᠯᠬᠤ ᠶᠤᠮ》 ᠋ᠭᠡᠵᠤ ᠪᠤᠶᠠᠨᠳᠠᠯᠢ ᠪᠤᠳᠤᠯᠭ᠎ᠠ ᠬᠦᠨ ᠶᠠᠷᠢᠨ᠎ᠠ᠃ ᠬᠠᠩᠭᠢᠨ ᠬᠤᠰᠢᠭᠤᠨ ᠤ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠦᠪᠡᠷᠳᠡᠭᠡᠨ ᠵᠠᠰᠠᠬᠤ ᠤᠷᠤᠨ ᠤ ᠨᠢᠬᠡᠳᠦᠬᠡᠷ ᠲᠡᠰ ᠤᠨ ᠬᠦᠬᠡ ᠲᠦᠷᠦᠯ ᠤᠨ ᠬᠡᠤᠬᠡᠳ ᠤᠨ ᠴᠡᠴᠡᠷᠯᠢᠭ᠂ ᠤᠷᠳᠤᠰ ᠬᠤᠳᠠ ᠶᠢᠨ ᠵᠢᠱᠢᠶ᠎ᠡ ᠦᠵᠡᠬᠦᠯᠬᠦ ᠬᠡᠤᠬᠡᠳ ᠤᠨ ᠴᠡᠴᠡᠷᠯᠢᠭ ᠢᠶᠠᠷ ᠰᠤᠩᠭᠤᠭᠳᠠᠵᠠᠢ᠃ ᠠᠩᠬ᠎ᠠ ᠲᠤᠰ ᠬᠡᠦᠬᠡᠳ ᠤᠨ ᠴᠡᠴᠡᠷᠯᠢᠭ ᠪᠠᠶᠢᠭᠤᠯᠤᠭᠳᠠᠬᠤ ᠦᠶ᠎ᠡ ᠳᠤ 60 ᠭᠠᠷᠤᠢ ᠭᠡᠤᠭᠡᠳ ᠯᠠ ᠪᠠᠶᠢᠭᠰᠠᠨ᠃ ᠭᠡᠳᠤᠨ ᠵᠢᠯ ᠤᠨ ᠴᠢᠷᠮᠠᠶᠢᠯᠭ᠎ᠠ ᠪᠠᠷ ᠲᠠᠮᠵᠢᠨ ᠤᠳᠤ 600 ᠭᠠᠷᠤᠢ ᠬᠡᠤᠬᠡᠳ ᠲᠠᠢ ᠪᠤᠯᠤᠭᠰᠠᠨ ᠪᠠᠶᠢᠨ᠎ᠠ᠃

ᠢᠷᠡᠯᠲᠡ᠄      ᠨᠠᠶᠢᠷᠠᠭᠤᠯᠤᠭᠴᠢ᠄