home
home

    ᠠᠯᠢᠪᠠ ᠪᠦᠬᠦᠨ ᠬᠡᠤᠬᠡᠳ ᠤᠨ ᠲᠦᠯᠦᠬᠡ ( ᠭᠤᠷᠪᠠ )

2016-10-07  21:47

ᠮᠤᠩᠭᠤᠯᠴᠤᠳ 《ᠬᠠᠯᠠ ᠨᠢ ᠭᠠᠳᠠᠨ᠎ᠠ ᠪᠠᠨ ᠬᠠᠶᠢᠷ᠎ᠡ ᠨᠢ ᠲᠤᠳᠤᠷ᠎ᠡ ᠪᠠᠨ》 ᠋ ᠭᠡᠳᠡᠭ᠃ ᠬᠡᠦᠬᠡᠳ ᠤᠨ ᠦᠰᠦᠯᠳᠡ ᠪᠤᠶᠢᠵᠢᠯᠳᠠ ᠳᠤ ᠡᠵᠢ ᠬᠦᠮᠦᠨ ᠤ ᠡᠨᠡᠷᠢᠩᠬᠦᠢ ᠰᠤᠷᠭᠠᠨ ᠬᠦᠮᠦᠵᠢᠯ ᠠᠴᠠ ᠭᠠᠳᠠᠨ᠎ᠠ ᠡᠷᠡᠭᠳᠠᠢ ᠬᠦᠮᠦᠨ ᠤ ᠡᠷᠡᠰ ᠬᠠᠳᠠᠭᠤ ᠰᠤᠷᠭᠠᠯ ᠴᠦ ᠲᠤᠩ ᠴᠢᠬᠤᠯᠠ ᠱᠠᠭᠠᠷᠳᠠᠭᠳᠠᠨ᠎ᠠ᠃ ᠬᠡᠦᠬᠡᠳ ᠤᠨ ᠬᠦᠭᠵᠢᠯᠳᠡ ᠶᠢᠨ ᠡᠨᠡᠬᠦ ᠵᠢᠮ᠎ᠠ ᠶᠤᠰᠤᠨ ᠳᠤ ᠴᠢᠭᠯᠡᠬᠦᠯᠦᠨ᠂ ᠲᠤᠰ ᠬᠡᠦᠬᠡᠳ ᠤᠨ ᠴᠡᠴᠡᠷᠯᠢᠭ ᠡᠷᠡᠭᠳᠡᠢ ᠪᠠᠭᠰᠢ ᠶᠢ ᠴᠤ ᠲᠤᠬᠢᠷᠠᠭᠤᠯᠵᠠᠢ᠂ ᠤᠳᠤ 69 ᠪᠠᠭᠰᠢ ᠶᠢᠨ ᠲᠤᠳᠤᠷ᠎ᠠ 11 ᠡᠷᠡᠭᠲᠠᠢ ᠪᠠᠭᠰᠢ ᠪᠠᠶᠢᠨ᠎ᠠ᠃ ᠬᠡᠦᠬᠡᠳ ᠢ ᠰᠢᠨᠵᠢᠯᠡᠬᠦ ᠤᠬᠠᠭᠠᠨᠴᠢ ᠪᠠᠷ ᠬᠦᠮᠦᠵᠢᠬᠦᠯᠬᠦ᠂ ᠬᠡᠤᠬᠡᠳ ᠤᠨ ᠰᠤᠨᠢᠭᠤᠴᠢ ᠵᠠᠩ ᠢ ᠡᠷᠬᠢᠮᠯᠡᠬᠦ᠂ ᠬᠡᠦᠬᠡᠳ ᠤᠨ ᠰᠤᠨᠢᠭᠤᠴᠢᠯᠠᠵᠤ ᠠᠰᠠᠭᠤᠭᠰᠠᠨ ᠠᠰᠠᠭᠤᠯᠳᠠ ᠪᠦᠬᠦᠨ ᠢ ᠡᠷᠬᠡᠪᠰᠢ ᠬᠠᠷᠢᠭᠤᠯᠬᠤ ᠵᠡᠷᠭᠡ ᠪᠤᠯ ᠲᠤᠰ ᠬᠡᠦᠬᠡᠳ ᠤᠨ ᠴᠡᠴᠡᠷᠯᠢᠭ ᠠᠴᠠ ᠪᠠᠭᠰᠢ ᠨᠠᠷ ᠲᠤ ᠲᠠᠯᠪᠢᠭᠰᠠᠠ ᠱᠠᠭᠠᠷᠳᠠᠯᠭ᠎ᠠ᠃ ᠡᠷᠡᠭᠦᠯ ᠡᠩᠭᠡ᠂ ᠦᠬᠡ ᠬᠡᠯᠡ᠂ ᠨᠡᠶᠢᠬᠡᠮ᠂ ᠰᠢᠨᠵᠢᠯᠡᠬᠦ ᠤᠬᠠᠭᠠᠨ᠂ ᠤᠷᠠᠯᠢᠭ ᠤᠨ ᠲᠠᠯ᠎ᠠ ᠪᠠᠷ ᠬᠦᠮᠦᠵᠢᠬᠦᠯᠬᠦ ᠪᠤᠯ ᠲᠤᠰ ᠬᠡᠦᠬᠡᠳ ᠤᠨ ᠴᠡᠴᠡᠷᠯᠢᠭ ᠤᠨ ᠬᠡᠦᠬᠡᠳ ᠢ ᠬᠦᠮᠦᠵᠢᠬᠦᠯᠬᠦ ᠲᠠᠪᠤᠨ ᠦᠨᠳᠦᠰᠦᠨ ᠵᠠᠷᠴᠢᠮ ᠪᠤᠯᠤᠨ᠎ᠠ᠃ ᠬᠡᠤᠬᠡᠳ ᠤᠨ ᠡᠷᠡᠭᠦᠯ ᠰᠡᠳᠬᠢᠴᠡ ᠶᠢᠨ ᠬᠦᠮᠦᠵᠢᠯ ᠢ ᠴᠢᠩᠭᠠᠳᠬᠠᠬᠤ ᠶᠢᠨ ᠲᠤᠰᠠᠳᠠ᠂ ᠲᠤᠰ ᠬᠡᠦᠬᠡᠳ ᠤᠨ ᠴᠡᠴᠡᠷᠯᠢᠭ ᠪᠠᠭᠰᠢ ᠶᠢᠨ ᠭᠡᠪ ᠪᠤᠯᠪᠠᠰᠤᠷᠠᠯ ᠢ ᠪᠦᠬᠦ ᠲᠠᠯ᠎ᠠ ᠪᠠᠷ ᠴᠢᠩᠭᠠᠳᠬᠠᠵᠤ ᠢᠷᠡᠵᠡᠢ᠃ ᠤᠳᠤ 18 ᠪᠠᠭᠰᠢ ᠰᠡᠳᠬᠢᠴᠡ ᠶᠢᠨ ᠬᠦᠮᠦᠵᠢᠯ ᠤᠨ ᠬᠢᠷᠢ ᠭᠡᠮ ᠤᠨ ᠦᠨᠡᠮᠯᠡᠯ ᠲᠠᠢ᠃ ᠬᠡᠦᠬᠡᠳ ᠤᠨ ᠴᠡᠴᠡᠷᠯᠢᠭ ᠲᠡᠭᠡᠨ ᠰᠡᠳᠬᠢᠴᠡ ᠶᠢᠨ ᠯᠠᠪᠯᠠᠭ᠎ᠠ ᠦᠢᠯᠡᠴᠢᠯᠡᠭᠡᠡ ᠤ ᠲᠠᠰᠤᠭ ᠪᠠᠶᠢᠭᠤᠯᠵᠤ᠂ ᠬᠡᠤᠬᠡᠳ ᠲᠤ ᠰᠡᠳᠬᠢᠴᠡ ᠶᠢᠨ ᠬᠦᠮᠦᠵᠢᠯ ᠬᠦᠷᠳᠡᠭᠡᠵᠤ ᠪᠠᠶᠢᠨ᠎ᠠ᠃

ᠰᠡᠳᠬᠢᠴᠡ ᠶᠢᠨ ᠬᠦᠮᠦᠵᠢᠯ ᠤᠨ ᠬᠢᠴᠢᠶᠡᠯ ᠢ ᠪᠠᠭᠰᠢ ᠨᠠᠷ ᠲᠤ ᠤᠷᠤᠭᠤᠯᠳᠠᠭ ᠭᠤᠤᠯ ᠵᠤᠷᠢᠯᠭ᠎ᠠ ᠨᠢ 《ᠬᠡᠤᠬᠡᠳ ᠪᠠᠶᠠᠷᠲᠠᠢ ᠴᠠᠭ ᠲᠠᠭᠠᠨ ᠰᠤᠷᠤᠯᠴᠠᠨ᠎ᠠ᠃ ᠪᠠᠶᠠᠷᠲᠠᠢ ᠪᠠᠶᠢᠬᠤ ᠳᠤ ᠶᠠᠭᠤ ᠬᠡᠯᠡᠭᠰᠡᠨ ᠴᠦ ᠰᠢᠩᠭᠡᠬᠡᠵᠦ ᠠᠪᠳᠠᠭ᠃ ᠡᠭᠳᠡᠬᠦᠦ ᠶᠢ ᠨᠢ ᠬᠦᠷᠭᠡᠪᠡᠯ᠂ ᠡᠰᠡᠷᠭᠦᠴᠡᠬᠦ ᠪᠤᠳᠤᠯ ᠪᠤᠶᠤ ᠡᠰᠡᠷᠬᠦᠴᠡᠬᠦ ᠦᠢᠯᠡ ᠠᠵᠢᠯᠯᠠᠭ᠎ᠠ ᠠᠪᠳᠠᠭ》 ᠋᠃ ᠲᠡᠶᠢᠮᠦ ᠪᠤᠯᠬᠤᠷ ᠬᠡᠦᠬᠡᠳ ᠢ ᠰᠤᠷᠭᠠᠨ ᠬᠦᠮᠦᠵᠢᠬᠦᠯᠬᠦ ᠳᠤ ᠠᠷᠭ᠎ᠠ ᠪᠤᠳᠤᠯᠭ᠎ᠠ᠂ ᠲᠤᠷᠰᠢᠯᠭ᠎ᠠ ᠰᠤᠷᠭᠠᠮᠵᠢ᠂ ᠬᠠᠶᠢᠷ᠎ᠠ ᠰᠡᠳᠬᠢᠯᠭᠡ ᠴᠦᠮ ᠴᠢᠬᠤᠯᠠ ᠲᠠᠢ᠃ ᠭᠡᠷ ᠤᠨ ᠠᠬᠠᠮᠠᠳ᠂ ᠪᠠᠭᠰᠢ ᠨᠠᠷ ᠬᠠᠮᠳᠤ ᠪᠠᠷ ᠴᠢᠷᠮᠠᠶᠢᠪᠠᠯ ᠪᠢᠳᠡᠨ ᠤ ᠬᠡᠤᠬᠡᠳ ᠰᠠᠶᠢ ᠡᠷᠡᠬᠦᠯ ᠰᠠᠠᠷᠭᠤᠯ ᠢᠶᠠᠷ ᠦᠰᠦᠨ ᠪᠤᠶᠢᠵᠢᠵᠦ ᠴᠢᠳᠠᠨ᠎ᠠ᠃

《ᠦᠯᠦᠰᠦᠭᠰᠡᠨ ᠬᠦᠮᠦᠨ ᠳᠤ ᠵᠢᠭᠠᠰᠤ ᠪᠤᠤ ᠦᠭ᠃ ᠡᠨᠡ ᠪᠤᠯ ᠨᠢᠬᠡ ᠡᠳᠦᠷ ᠤᠨ ᠬᠤᠭᠤᠯᠠ ᠪᠤᠯᠤᠨ᠎ᠠ᠃ ᠬᠠᠷᠢᠨ ᠡᠶᠢᠮᠦ ᠬᠦᠮᠦᠨ ᠳᠤ ᠵᠢᠭᠠᠰᠤ ᠪᠠᠷᠢᠬᠤ ᠠᠷᠭ᠎ᠠ ᠶᠢ ᠵᠢᠭᠠᠭᠠᠳ ᠦᠭ᠃ ᠲᠡᠭᠡᠪᠡᠯ ᠲᠡᠷᠡ ᠨᠠᠰᠤᠨ ᠲᠤᠷᠰᠢ ᠶᠢᠨ ᠬᠤᠭᠤᠯᠠ ᠲᠠᠢ ᠪᠤᠯᠤᠨ᠎ᠠ》 ᠋ᠭᠡᠰᠡᠡ ᠮᠡᠷᠭᠡᠡ ᠦᠭᠡ ᠪᠠᠶᠢᠳᠠᠭ᠃ ᠪᠢᠳᠡ ᠬᠡᠤᠬᠡᠳ ᠢᠶᠠᠨ ᠪᠠᠭ᠎ᠠ ᠪᠠᠶᠢᠬᠤ ᠳᠤᠨᠢ ᠪᠡᠯᠡᠨᠴᠢᠯᠡᠬᠦ ᠰᠡᠳᠬᠢᠯᠬᠡ ᠲᠠᠢ ᠪᠤᠯᠭᠠᠴᠢᠬᠠᠪᠠᠯ ᠲᠤᠮᠤ ᠪᠤᠯᠤᠭᠠᠳ ᠬᠦᠮᠦᠨ ᠤ ᠭᠠᠷ ᠬᠠᠷᠠᠳᠠᠭ᠂ ᠪᠡᠯᠡᠨ ᠶᠠᠭᠤᠮᠠᠨ ᠳᠤ ᠲᠤᠷᠠᠲᠠᠢ᠂ ᠪᠡᠶᠡᠨ ᠤ ᠠᠮᠠᠷ ᠢ ᠪᠤᠳᠤᠳᠠᠭ ᠬᠦᠮᠦᠨ ᠪᠤᠯᠤᠨ᠎ᠠ᠃ᠠᠵᠢᠯ ᠤᠨ ᠠᠷᠭ᠎ᠠ ᠤᠬᠠᠭᠠᠨ ᠢ ᠰᠤᠷᠭᠠᠬᠤ᠂ ᠬᠦᠳᠡᠯᠮᠦᠷᠢ ᠶᠢᠨ ᠠᠮᠳᠠ ᠶᠢ ᠮᠡᠳᠡᠬᠦᠯᠬᠦ ᠬᠡᠷᠡᠭᠲᠠᠢ᠃ ᠡᠨᠡ ᠪᠤᠯ ᠪᠢᠳᠠᠠ ᠤ ᠬᠡᠦᠬᠡᠳ ᠢᠶᠠᠨ ᠬᠦᠮᠦᠨ ᠪᠤᠯᠭᠠᠠ ᠬᠦᠮᠦᠵᠢᠬᠦᠯᠬᠦ ᠶᠢᠨ ᠤᠷ᠎ᠠ ᠤᠬᠠᠭᠠᠠ ᠪᠤᠯᠤᠨ᠎ᠠ᠃

ᠢᠷᠡᠯᠲᠡ᠄      ᠨᠠᠶᠢᠷᠠᠭᠤᠯᠤᠭᠴᠢ᠄