home
home

    ᠰᠤᠷᠤᠭᠴᠢᠳ ᠤᠨ ᠬᠠᠤᠯᠢ ᠲᠦᠷᠢᠮ ᠤᠨ ᠬᠦᠮᠦᠵᠢᠯ ᠢ ᠴᠢᠩᠭᠠᠳᠬᠠᠵᠦ ᠪᠠᠶᠢᠨ᠎ᠠ

2016-10-07  22:18

ᠣᠶᠢᠷ᠎ᠡ ᠳᠤ ᠂ ᠪᠠᠷᠠᠭᠤᠨ ᠦᠵᠦᠮᠦᠴᠢᠨ ᠬᠤᠰᠢᠭᠤᠨ ᠤ ᠮᠤᠩᠭᠤᠯ ᠦᠨᠳᠦᠰᠦᠲᠡᠨ ᠤ ᠨᠢᠭᠡᠳᠦᠭᠡᠷ ᠪᠠᠭ᠎ᠠ ᠰᠤᠷᠭᠠᠭᠤᠯᠢ ᠨᠢ ᠬᠠᠤᠯᠢ ᠴᠠᠭᠠᠵᠠ ᠶᠢᠨ ᠮᠡᠳᠡᠯᠭᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠰᠤᠷᠤᠭᠴᠢᠳ ᠤᠨ ᠦᠵᠡᠯ ᠰᠠᠨᠠᠭ᠎ᠠ ᠶᠤᠰᠤ ᠮᠤᠷᠠᠯ ᠤᠨ ᠬᠦᠮᠦᠵᠢᠯ ᠪᠤᠯᠪᠠᠰᠤᠷᠠᠯ ᠢ ᠡᠷᠴᠢᠮᠲᠠᠢ ᠠᠳᠬᠤᠵᠦ᠂ ᠰᠤᠷᠭᠠᠭᠤᠯᠢ ᠶᠢᠨ ᠡᠯ᠎ᠠ ᠲᠠᠯ᠎ᠠ ᠶᠢᠨ ᠠᠵᠢᠯ ᠢᠶᠠᠨ ᠠᠮᠵᠢᠯᠲᠠ ᠲᠠᠢ ᠰᠠᠶᠢᠨ ᠶᠠᠪᠤᠭᠳᠠᠭᠤᠯᠬᠤ ᠵᠤᠷᠢᠯᠲᠠ ᠠᠴᠠ ᠬᠤᠰᠢᠭᠤ ᠬᠠᠤᠯᠢ ᠴᠠᠭᠠᠵᠠ ᠶᠢᠨ ᠲᠤᠪᠴᠢᠶ᠎ᠠ᠂ ᠬᠤᠰᠢᠭᠤ ᠡᠮᠡᠭᠲᠠᠶᠢᠴᠤᠳ ᠤᠨ ᠬᠤᠯᠪᠤᠭᠠᠲᠦ ᠬᠤᠷᠠᠯ᠂ ᠬᠤᠰᠢᠭᠤ ᠢᠳᠡᠭᠡᠨ ᠤᠮᠳᠠᠭᠠᠨ ᠡᠮ ᠤᠨ ᠵᠦᠢᠯᠡᠰ ᠤᠨ ᠬᠢᠨᠠᠨ ᠬᠠᠮᠢᠶᠠᠷᠬᠤ ᠰᠠᠯᠪᠤᠷᠢ᠂ ᠶᠡᠷᠦᠩᠭᠡᠶᠢᠯᠡᠨ ᠵᠠᠰᠠᠬᠤ ᠠᠯᠪᠠᠨ ᠭᠡᠷ᠂ ᠲᠤᠳᠤᠭᠠᠲᠦ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠶᠡᠭᠡ ᠠᠩᠬᠢ ᠵᠡᠷᠭᠡ ᠲᠠᠪᠤᠨ ᠪᠠᠶᠢᠭᠤᠯᠭ᠎ᠠ ᠲᠠᠢ ᠬᠠᠮᠲᠤᠷᠠᠨ《ᠬᠠᠤᠯᠢ ᠲᠦᠷᠢᠮᠵᠢᠯ ᠤᠨ ᠬᠦᠮᠦᠵᠢᠯ ᠢ ᠴᠢᠩᠭᠠᠳᠬᠠᠵᠦ᠂ ᠠᠮᠤᠷ ᠲᠤᠭᠳᠠᠭᠤᠨ ᠰᠤᠷᠭᠠᠭᠤᠯᠢ ᠶᠢᠨ ᠬᠦᠷᠢᠶ᠎ᠠ ᠶᠢ ᠴᠤᠭᠴᠠᠯᠠᠨ ᠪᠠᠶᠢᠭᠤᠯᠤᠶ᠎ᠠ》 ᠋ ᠬᠡᠬᠦ ᠲᠤᠰᠬᠠᠢ ᠰᠡᠳᠦᠪᠲᠦ ᠬᠠᠤᠯᠢ ᠲᠦᠷᠢᠮᠵᠢᠯ ᠤᠨ ᠬᠦᠮᠦᠵᠢᠯ ᠤᠨ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃

ᠬᠠᠮᠵᠢᠯᠴᠠᠨ ᠡᠷᠬᠢᠯᠡᠭᠰᠡᠨ ᠲᠠᠪᠤᠨ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠪᠠ ᠲᠤᠰᠬᠠᠢ ᠮᠡᠷᠭᠡᠵᠢᠯᠲᠡᠨ ᠠᠴᠠ ᠬᠠᠤᠯᠢ ᠴᠠᠭᠠᠵᠠ ᠶᠢᠨ ᠮᠡᠳᠡᠯᠭᠡ ᠶᠢᠨ ᠲᠤᠬᠠᠢ᠂ ᠡᠮᠡᠭᠲᠠᠶᠢᠴᠤᠳ ᠪᠤᠯᠤᠨ ᠬᠡᠤᠬᠡᠳ ᠨᠢᠯᠬᠠᠰ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠲᠤᠬᠠᠢ᠂ ᠢᠳᠡᠭᠡᠨ ᠤᠮᠳᠠᠭᠠᠨ ᠡᠮ ᠤᠨ ᠵᠦᠢᠯᠡᠰ ᠤᠨ ᠲᠤᠬᠠᠢ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠶᠡᠷᠦᠩᠭᠡᠶᠢᠯᠡᠨ ᠵᠠᠰᠠᠬᠤ ᠲᠤᠬᠠᠢ᠂ ᠵᠠᠮ ᠬᠠᠷᠢᠯᠴᠠᠭᠠᠨ ᠤ ᠬᠠᠤᠯᠢ ᠲᠦᠷᠢᠮ  ᠤᠨ ᠮᠡᠳᠡᠯᠭᠡ ᠵᠡᠷᠭᠡ ᠠᠭᠤᠯᠭ᠎ᠠ ᠪᠠᠷ ᠲᠤᠰᠬᠠᠢ ᠬᠢᠴᠢᠶᠡᠯᠡᠯᠭᠡ ᠤᠷᠤᠵᠦ᠂ ᠰᠤᠷᠭᠠᠭᠤᠯᠢ ᠶᠢᠨ ᠬᠦᠷᠢᠶᠡᠨ ᠤ ᠬᠠᠤᠯᠢ ᠲᠦᠷᠢᠮ ᠪᠤᠯᠤᠨ ᠠᠮᠤᠷ ᠲᠦᠪᠰᠢᠨ ᠤ ᠠᠵᠢᠯ ᠳᠤ ᠪᠤᠳᠠᠲᠠᠢ ᠵᠢᠭᠠᠨ ᠵᠢᠯᠤᠭᠤᠳᠤᠯᠭ᠎ᠠ ᠬᠢᠭᠰᠡᠨ ᠪᠦᠭᠡᠳ 300 ᠭᠠᠷᠤᠢ ᠬᠤᠪᠢ ᠬᠠᠤᠯᠢ ᠶᠢᠨ ᠮᠡᠳᠡᠯᠭᠡ ᠶᠢᠨ ᠤᠬᠠᠭᠤᠯᠭ᠎ᠠ ᠶᠢᠨ ᠳᠡᠪᠳᠡᠷ ᠢ ᠰᠤᠷᠤᠭᠴᠢᠳ ᠲᠤ ᠲᠠᠷᠬᠠᠭᠠᠭᠰᠠᠨ ᠪᠠᠶᠢᠨ᠎ᠠ᠃

ᠲᠤᠰ ᠤᠳᠠᠭᠠᠨ ᠤ ᠠᠵᠢᠯᠯᠠᠭ᠎ᠠ ᠨᠢ ᠰᠤᠷᠤᠭᠴᠢᠳ ᠤᠨ ᠬᠠᠤᠯᠢ ᠶᠢ ᠰᠠᠶᠢᠨ ᠰᠤᠷᠴᠦ᠂ ᠬᠠᠤᠯᠢ ᠪᠠᠷ ᠪᠡᠶ᠎ᠠ ᠪᠠᠨ ᠬᠠᠮᠠᠭᠠᠯᠠᠨ᠂ ᠬᠠᠤᠯᠢ ᠰᠠᠬᠢᠯᠭ᠎ᠠ ᠶᠢ ᠴᠢᠩᠭ᠎ᠠ ᠵᠢᠷᠤᠮᠯᠠᠨ ᠰᠠᠬᠢᠵᠦ᠂ ᠮᠤᠷᠠᠯ ᠰᠤᠷᠳᠠᠯ ᠲᠠᠢ᠂ ᠪᠤᠯᠪᠠᠰᠤᠨ ᠶᠤᠰᠤᠷᠬᠠᠭ᠂ ᠡᠶ᠎ᠡ ᠵᠤᠬᠢᠴᠠᠯ ᠢ ᠡᠷᠬᠢᠮᠯᠡᠬᠦ ᠰᠢᠯᠢᠳᠡᠭ ᠪᠠᠭᠠᠴᠤᠳ ᠪᠤᠯᠤᠨ ᠬᠦᠮᠦᠵᠢᠭᠳᠡᠬᠦ ᠦᠵᠡᠯ ᠰᠠᠨᠠᠭ᠎ᠠ ᠶᠤᠰᠤ ᠮᠤᠷᠠᠯ ᠤᠨ ᠲᠠᠨᠢᠯᠲᠠ ᠶᠢ ᠨᠡᠮᠡᠭᠳᠡᠭᠦᠯᠵᠦ᠂ ᠰᠤᠷᠠᠭᠠᠭᠤᠯᠢ ᠨᠡᠶᠢᠳᠡ ᠢᠶᠠᠨ ᠶᠤᠰᠤ ᠰᠤᠷᠳᠠᠬᠤᠨ ᠲᠠᠢ᠂ ᠡᠶ᠎ᠡ ᠵᠤᠬᠢᠴᠠᠯ ᠲᠠᠢ ᠪᠤᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ ᠲᠡᠮᠡᠴᠡᠬᠦ ᠢᠳᠡᠪᠬᠢᠵᠢᠯ ᠢ ᠨᠢ ᠬᠦᠢᠴᠡᠳ ᠳᠠᠶᠢᠴᠢᠯᠠᠭᠰᠠᠨ ᠪᠠᠶᠢᠨ᠎ᠠ᠃

11

 

12

ᠢᠷᠡᠯᠲᠡ᠄      ᠨᠠᠶᠢᠷᠠᠭᠤᠯᠤᠭᠴᠢ᠄