home
home

    ᠪᠠᠭ᠎ᠠ ᠰᠤᠷᠭᠠᠭᠤᠯᠢ ᠶᠢᠨ ᠵᠤᠨ ᠤ ᠠᠮᠠᠷᠠᠯᠳᠠ ᠶᠢᠨ ᠠᠮᠤᠷ ᠲᠦᠪᠰᠢᠨ ᠤ ᠵᠢᠭᠠᠨ ᠵᠢᠯᠤᠭᠤᠳᠤᠯᠭ᠎ᠠ

2016-10-07  22:25

1. ᠲᠤᠭᠰᠢᠨ ᠪᠤᠷᠤᠭᠠᠨ ᠠᠴᠠ ᠰᠡᠷᠭᠡᠶᠢᠯᠡᠬᠦ ᠬᠡᠷᠡᠭᠲᠠᠢ᠃ ᠵᠤᠨ ᠤ ᠤᠯᠠᠷᠢᠯ ᠪᠤᠯᠬᠤ ᠲᠠᠢ ᠵᠡᠷᠭᠡ ᠪᠤᠷᠤᠭᠠᠨ ᠤᠰᠤ ᠠᠷᠪᠢᠳᠴᠦ᠂ ᠤᠯᠠᠩᠬᠢ ᠳᠠᠭᠠᠨ ᠪᠠᠰᠠ ᠠᠶᠤᠩᠭ᠎ᠠ ᠨᠢᠵᠢᠬᠢᠨᠡᠨ ᠴᠠᠬᠢᠯᠭᠠᠨ ᠴᠠᠬᠢᠯᠵᠦ᠂ ᠶᠡᠭᠡ ᠰᠠᠯᠬᠢ ᠰᠠᠯᠬᠢᠯᠠᠳᠠᠭ᠃ ᠠᠶᠤᠩᠭ᠎ᠠ ᠨᠢᠵᠢᠬᠢᠨᠡᠨ ᠴᠠᠬᠢᠯᠭᠠᠨ ᠴᠠᠬᠢᠯᠬᠤ ᠶᠢᠨ ᠦᠶ᠎ᠡ ᠳᠤ ᠴᠢᠳᠠᠬᠤ ᠶᠢᠨ ᠬᠢᠷᠢ ᠳᠤ ᠪᠢᠳᠡᠭᠡᠢ ᠭᠠᠳᠠᠨ᠎ᠠ ᠶᠠᠪᠤᠭᠠᠷᠠᠢ᠃ ᠭᠡᠷᠪᠡ ᠭᠠᠳᠠᠨ᠎ᠠ ᠪᠠᠶᠢᠪᠠᠯ᠂ ᠪᠠᠷᠢᠯᠭ᠎ᠠ ᠶᠢᠨ ᠭᠠᠵᠠᠷ ᠪᠤᠶᠤ ᠤᠶᠢᠷᠡᠯᠴᠠᠭ᠎ᠠ ᠪᠠᠶᠢᠭ᠎ᠠ ᠭᠤᠤ ᠰᠤᠪᠠᠭ᠂ ᠨᠦᠭᠡᠨ ᠲᠤᠳᠤᠷ᠎ᠡ ᠤᠷᠤᠵᠦ ᠪᠤᠷᠤᠭᠠᠨ ᠠᠴᠠ ᠬᠠᠯᠬᠠᠯᠠᠵᠦ ᠪᠤᠯᠤᠨ᠎ᠠ᠂ ᠲᠤᠮᠤ ᠮᠤᠳᠤ ᠪᠤᠶᠤ ᠦᠨᠳᠦᠷ ᠠᠰᠠᠷ ᠤᠨ ᠬᠠᠵᠠᠭᠤ ᠳᠤ ᠪᠤᠷᠤᠭᠠᠨ ᠲᠠᠯᠳᠠᠯᠠᠬᠤ ᠶᠢ ᠬᠢᠴᠢᠶᠡᠬᠦ ᠬᠡᠷᠡᠭᠲᠠᠢ᠃

2. ᠤᠰᠤᠨ ᠤ ᠠᠳᠡᠯ ᠠᠴᠠ ᠰᠡᠷᠭᠡᠶᠢᠯᠡᠬᠦ ᠬᠡᠷᠡᠭᠲᠠᠢ᠃ ᠭᠡᠤᠭᠡᠳ ᠵᠤᠨ ᠤ ᠠᠮᠠᠷᠠᠯᠳᠠ ᠳᠤ ᠭᠤᠤᠯ ᠮᠦᠷᠡᠨ᠂ ᠨᠠᠭᠤᠷ ᠴᠦᠬᠦᠷᠤᠮ ᠤᠨ ᠬᠠᠵᠠᠭᠤ ᠳᠤ ᠨᠠᠭᠠᠳᠬᠤ ᠳᠠᠭᠠᠨ ᠤᠰᠤᠨ ᠳᠤ ᠵᠢᠪᠴᠦ ᠠᠳᠡᠯ ᠭᠠᠷᠬᠤ ᠠᠴᠠ ᠰᠡᠷᠭᠡᠶᠢᠯᠡᠬᠦ ᠬᠡᠷᠡᠭᠲᠠᠢ᠃ ᠤᠨᠴᠠᠭᠠᠶᠢᠯᠠᠨ ᠬᠤᠪᠢ ᠪᠠᠷ ᠪᠤᠶᠤ ᠭᠡᠳᠦᠬᠦᠯᠡ ᠬᠠᠮᠳᠦ ᠭᠤᠤᠯ ᠳᠤ ᠤᠷᠤᠵᠦ ᠤᠮᠪᠠᠭ᠋ᠤ᠂ ᠤᠰᠤ ᠪᠠᠷ ᠨᠠᠭᠠᠳᠬᠤ᠂ ᠵᠢᠭᠠᠰᠦ ᠵᠢᠷᠭᠠᠬᠠᠢ ᠪᠠᠷᠢᠬᠤ ᠶᠢ ᠬᠢᠴᠢᠶᠡᠨ᠎ᠡ᠃

3. ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠬᠤ ᠬᠡᠷᠡᠭᠲᠠᠢ᠃ ᠭᠠᠳᠠᠭᠰᠢ ᠭᠠᠷᠬᠤ ᠳᠤ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠴᠦ᠂ ᠰᠠᠨᠠᠭᠠᠴᠢᠯᠠᠭ᠎ᠠ ᠠᠴᠠ ᠪᠠᠨ ᠵᠠᠮ ᠬᠠᠷᠢᠯᠴᠠᠭᠠᠨ ᠤ ᠲᠦᠷᠢᠮ ᠲᠤᠭᠳᠠᠭᠠᠯ ᠢ ᠵᠢᠷᠤᠮᠯᠠᠨ᠎ᠠ᠃ ᠵᠠᠮ ᠤ ᠭᠤᠤᠯ ᠳᠤ ᠨᠠᠭᠠᠳᠴᠦ ᠪᠤᠯᠬᠤ ᠦᠭᠡᠢ᠂ ᠫᠠᠶᠢᠰᠠ ᠦᠭᠡᠢ ᠪᠤᠶᠤ ᠦᠨᠡᠮᠯᠡᠯ ᠦᠭᠡᠢ ᠵᠡᠷᠭᠡ ᠱᠠᠭᠠᠷᠳᠠᠯᠭ᠎ᠠ ᠳᠤ ᠨᠡᠶᠢᠴᠡᠬᠦ ᠦᠭᠡᠢ ᠲᠡᠷᠭᠡᠨ ᠳᠤ ᠰᠠᠭᠤᠬᠤ ᠠᠴᠠ ᠬᠢᠴᠢᠶᠡᠵᠦ᠂ ᠠᠶᠤᠯ ᠲᠦᠭᠰᠢᠬᠦᠷᠢ ᠡᠬᠦᠰᠬᠦ ᠦᠶ᠎ᠡ ᠳᠤ ᠡᠷᠭᠡᠪᠰᠢ ᠲᠠᠷᠦᠢ ᠳᠤᠨᠢ ᠵᠠᠶᠢᠯᠠᠨ ᠲᠤᠳᠠᠭᠠᠬᠤ ᠬᠡᠷᠡᠭᠲᠠᠢ᠃

4. ᠰᠠᠬᠢᠯᠭ᠎ᠠ ᠪᠠᠳᠦ ᠬᠠᠤᠯᠢ ᠴᠠᠭᠠᠵᠠ ᠶᠢ ᠰᠠᠬᠢᠬᠤ ᠬᠡᠷᠡᠭᠲᠠᠢ᠃ ᠬᠡᠷᠡᠬᠦᠯ ᠵᠤᠳᠤᠭᠠᠨ᠂ ᠬᠤᠯᠠᠭᠠᠶᠢᠯᠠᠬᠤ᠂ ᠵᠤᠭᠤᠰ ᠨᠠᠭᠠᠳᠬᠤ᠂ᠮᠤᠬᠤᠷ ᠰᠦᠰᠦᠭ ᠭᠠᠵᠢᠭᠤ ᠱᠠᠰᠢᠨ ᠰᠤᠷᠳᠠᠬᠤᠨ ᠤ ᠬᠦᠳᠡᠯᠭᠡᠭᠡᠨ ᠵᠡᠷᠭᠡ ᠳᠤ ᠤᠷᠤᠯᠴᠠᠬᠤ ᠠᠴᠠ ᠬᠢᠴᠢᠶᠡᠬᠦ ᠬᠡᠷᠡᠭᠲᠠᠢ᠃

5. ᠦᠪᠡᠷ ᠢ ᠪᠠᠨ ᠬᠠᠮᠠᠭᠠᠯᠠᠬᠤ ᠦᠵᠡᠯ ᠤᠬᠠᠮᠰᠡᠷ ᠢᠶᠠᠨ ᠴᠢᠩᠭᠠᠳᠬᠠᠵᠦ᠂ ᠰᠡᠷᠡᠮᠵᠢᠯᠡᠬᠦ ᠴᠢᠳᠠᠪᠤᠷᠢ᠂ ᠦᠪᠡᠷ ᠢ ᠪᠠᠨ ᠠᠪᠤᠷᠠᠬᠤ ᠴᠢᠳᠠᠪᠤᠷᠢ ᠪᠠ ᠰᠠᠶᠢᠨ ᠮᠠᠭᠤ ᠶᠢ ᠢᠯᠭᠠᠬᠤ ᠴᠢᠳᠠᠪᠤᠷᠢ ᠪᠠᠨ ᠲᠡᠭᠡᠭᠰᠢᠯᠡᠬᠦᠯᠤᠨ᠂ ᠬᠠᠭᠤᠷᠳᠠᠭᠳᠠᠨ ᠮᠡᠭᠡᠯᠡᠭᠳᠡᠬᠦ᠂ ᠬᠤᠯᠠᠭᠠᠶᠢᠯᠠᠭᠳᠠᠨ ᠪᠤᠯᠢᠶᠠᠭᠳᠠᠬᠤ ᠵᠡᠷᠭᠡ ᠦᠵᠡᠭᠳᠡᠯ ᠭᠠᠷᠬᠤ ᠠᠴᠠ ᠬᠢᠴᠢᠶᠡᠬᠦ ᠬᠡᠷᠡᠭᠲᠠᠢ᠃

6. ᠤᠰᠤ᠂ ᠴᠠᠬᠢᠯᠭᠠᠨ᠂ ᠭᠠᠯ᠂ ᠭᠡᠢ ᠵᠡᠷᠭᠡ ᠶᠢ ᠬᠡᠷᠡᠭᠯᠡᠬᠦ ᠳᠤ ᠠᠮᠤᠷ ᠲᠦᠪᠰᠢᠨ ᠢ ᠠᠩᠬᠠᠷᠴᠦ᠂ ᠬᠤᠯᠠᠭᠠᠶᠢᠴᠢ ᠠᠴᠠ ᠰᠡᠷᠡᠮᠵᠢᠯᠡᠬᠦ ᠶᠢ ᠬᠢᠴᠢᠶᠡᠬᠦ ᠬᠡᠷᠡᠭᠲᠠᠢ᠃ ᠭᠡᠷ ᠠᠴᠠ ᠭᠠᠷᠬᠤ ᠳᠤ ᠤᠰᠤ᠂ ᠴᠠᠬᠢᠯᠭᠠᠨ᠂ ᠰᠢᠳᠠᠮᠠᠬᠠᠢ ᠭᠡᠢ ᠵᠡᠷᠭᠡ ᠶᠢᠨ ᠨᠡᠭᠡᠭᠡᠯᠭᠡ ᠶᠢ ᠪᠠᠶᠢᠴᠠᠭᠠᠨ᠂ ᠭᠡᠷ ᠤᠨ ᠡᠬᠦᠳᠡ ᠪᠠᠨ ᠰᠠᠶᠢᠨ ᠤᠨᠢᠰᠤᠯᠠᠬᠤ ᠬᠡᠷᠡᠭᠲᠠᠢ᠃ ᠠᠮᠠᠷᠠᠯᠳᠠ ᠶᠢ ᠬᠤᠭᠤᠴᠠᠭᠠᠨ ᠳᠤ ᠭᠠᠯ ᠤᠨ ᠠᠶᠤᠯ ᠭᠠᠷᠬᠤ ᠠᠴᠠ ᠤᠨᠴᠠᠭᠠᠶᠢᠯᠠᠨ ᠰᠡᠷᠭᠡᠶᠢᠯᠡᠵᠦ᠂ ᠫᠤᠤᠵᠢᠩ ᠲᠠᠯᠪᠢᠬᠤ ᠶᠢ ᠡᠷᠡᠰ ᠲᠡᠪᠴᠢᠵᠦ᠂ ᠪᠡᠶ᠎ᠡ ᠮᠠᠬᠠᠪᠤᠳ ᠪᠠ ᠡᠳ᠋ ᠬᠦᠷᠦᠩᠭᠡ ᠶᠢᠨ ᠠᠮᠤᠷ ᠲᠦᠪᠰᠢᠨ ᠪᠠᠶᠢᠬᠤ ᠶᠢ ᠪᠠᠳᠤᠯᠠᠨ᠎ᠠ᠃

7. ᠢᠳᠡᠭᠡ ᠤᠮᠳᠠᠭᠠᠨ ᠤ ᠠᠮᠤᠷ ᠲᠦᠪᠰᠢᠨ ᠢ ᠠᠩᠬᠠᠷᠬᠤ ᠬᠡᠷᠡᠭᠲᠠᠢ᠃ ᠭᠠᠳᠠᠨ᠎ᠠ ᠠᠴᠠ ᠢᠳᠡᠭᠡᠨ ᠤ ᠵᠦᠢᠯ ᠬᠤᠳᠠᠯᠳᠤᠨ ᠠᠪᠬᠤ ᠳᠠᠭᠠᠨ ᠦᠢᠯᠡᠳᠪᠤᠷᠢᠯᠡᠭᠰᠡᠨ ᠴᠠᠭ ᠬᠤᠭᠤᠴᠠᠭ᠎ᠠ᠂ ᠴᠢᠨᠠᠷ ᠤᠨ ᠪᠠᠳᠤᠯᠠᠭ᠎ᠠ ᠶᠢᠨ ᠬᠤᠭᠤᠴᠠᠭ᠎ᠠ᠂ ᠦᠢᠯᠡᠳᠪᠤᠷᠢᠯᠡᠭᠰᠡᠨ ᠦᠢᠯᠡᠳᠪᠤᠷᠢ ᠪᠠ ᠬᠠᠶ᠋ᠢᠭ ᠵᠡᠷᠭᠡ ᠶᠢ ᠠᠩᠬᠠᠷᠤᠨ ᠦᠵᠡᠵᠦ᠂ ᠢᠳᠡᠭᠡᠨ ᠤ ᠬᠤᠤᠷᠳᠡᠯ  ᠠᠴᠠ ᠰᠡᠷᠭᠡᠶᠢᠯᠡᠨ᠎ᠡ᠃

8. ᠠᠮᠠᠷᠠᠯᠳᠠ ᠶᠢᠨ ᠬᠤᠭᠤᠴᠠᠭᠠᠨ ᠳᠤ᠂ ᠴᠠᠭ ᠬᠤᠭᠤᠴᠠᠭ᠎ᠠ ᠪᠠᠨ ᠵᠤᠬᠢᠰᠲᠠᠢ ᠲᠤᠬᠢᠷᠠᠭᠤᠯᠵᠦ᠂ ᠵᠤᠭᠠᠴᠠᠨ ᠨᠠᠭᠠᠳᠬᠤ ᠶᠢᠨ ᠲᠠᠭᠠᠤ ᠳᠤ ᠪᠠᠭᠰᠢ ᠶᠢᠨ ᠦᠯᠡᠳᠡᠭᠡᠭᠰᠡᠨ ᠲᠠᠰᠬᠠᠯ ᠢᠶᠠᠨ ᠬᠢᠵᠦ᠂ ᠰᠣᠷᠣᠯᠭ᠎ᠠ ᠪᠠ ᠠᠮᠠᠷᠠᠯᠳᠠ ᠶᠢᠨ ᠴᠠᠭ ᠢᠶᠠᠨ ᠰᠠᠶᠢᠬᠠᠨ ᠵᠤᠬᠢᠴᠠᠭᠤᠯᠬᠤ ᠬᠡᠷᠡᠭᠲᠠᠢ᠃

ᠢᠷᠡᠯᠲᠡ᠄      ᠨᠠᠶᠢᠷᠠᠭᠤᠯᠤᠭᠴᠢ᠄