home
home

    ᠰᠤᠷᠤᠬᠴᠢᠳ ᠵᠤᠨ ᠤ ᠠᠮᠠᠷᠠᠯᠳᠠ ᠶᠢᠨ ᠬᠤᠭᠤᠴᠠᠭ᠎ᠠ ᠪᠠᠨ ᠶᠠᠭᠠᠬᠢᠵᠤ ᠦᠡᠭᠬᠡᠷᠡᠬᠡᠪᠡᠯ ᠵᠤᠬᠢᠬᠤ ᠪᠤᠢ︖

2016-10-07  22:33

ᠤᠯᠤᠰ ᠤᠨ ᠰᠢᠯᠭᠠᠯᠳᠠ᠂ ᠦᠨᠳᠦᠷ ᠲᠤᠮᠳᠠᠳᠤ ᠳᠤ ᠲᠠᠪᠰᠢᠬᠦ ᠰᠢᠯᠭᠠᠯᠳᠠ ᠶᠢᠨ ᠲᠠᠭᠤᠰᠬᠤ ᠶᠢ ᠲᠠᠭᠠᠯᠳᠤᠨ᠂ ᠰᠢᠯᠭᠠᠭᠤᠯᠤᠬᠰᠠᠳ ᠨᠢᠬᠡᠨᠳᠡ ᠵᠤᠨ ᠤ ᠠᠮᠠᠷᠠᠯᠳᠠ ᠶᠢᠨ ᠠᠮᠢᠳᠤᠷᠠᠯ ᠢᠶᠠᠨ ᠡᠬᠢᠯᠡᠬᠦᠯᠪᠠ᠂ ᠪᠤᠰᠤᠳ ᠰᠤᠷᠤᠬᠴᠢᠳ ᠴᠤ ᠤᠳᠠᠯ ᠦᠬᠡᠢ ᠠᠮᠠᠷᠠᠯᠳᠠ ᠶᠢᠨ ᠬᠤᠭᠤᠴᠠᠭ᠎ᠠ ᠪᠠᠨ ᠤᠬᠳᠤᠨ ᠠᠪᠬᠤ ᠪᠠᠷ ᠪᠠᠶᠢᠨ᠎ᠠ᠃ ᠲᠡᠬᠡᠪᠡᠯ᠂ ᠵᠤᠨ ᠤ ᠠᠮᠠᠷᠠᠯᠳᠠ ᠶᠢᠨ ᠬᠤᠭᠤᠴᠭ᠎ᠠ ᠪᠠᠨ ᠬᠡᠷᠬᠢᠨ ᠦᠡᠭᠬᠡᠷᠡᠬᠦᠯᠬᠦ ᠲᠤᠬᠠᠢ ᠰᠤᠷᠤᠬᠴᠢ᠂ ᠬᠡᠷ ᠤᠨ ᠠᠬᠠᠮᠠᠳ ᠨᠢᠬᠡᠪᠦᠷᠢ ᠪᠦᠷ ᠲᠦᠯᠦᠪᠯᠡᠭᠡ ᠲᠠᠢ ᠪᠤᠯᠤᠬᠰᠠᠨ ᠨᠢ ᠯᠠᠪᠳᠠᠢ᠃ ᠬᠡᠬᠦ ᠳᠡᠭᠡᠨ ᠰᠤᠷᠤᠬᠴᠢ ᠪᠤᠯᠤᠨ ᠬᠡᠷ ᠤᠨ ᠠᠬᠠᠮᠠᠳ ᠤᠨ ᠪᠤᠳᠤᠯ ᠰᠠᠨᠠᠯ ᠵᠦᠷᠢᠶ᠎ᠠ ᠲᠠᠢ᠃ ᠡᠶᠢᠮᠦᠷᠬᠦ ᠪᠠᠶᠢᠳᠠᠯ ᠲᠤᠤᠷ᠎ᠠ ᠠᠮᠠᠷᠠᠯᠳᠠ ᠶᠢᠨ ᠬᠤᠭᠤᠴᠠᠭ᠎ᠠ ᠶᠢ ᠬᠡᠷᠬᠢᠨ ᠲᠤᠬᠢᠷᠠᠭᠤᠯᠵᠤ᠂ ᠶᠠᠭᠠᠬᠢᠵᠤ ᠦᠡᠭᠬᠡᠷᠡᠭᠡᠪᠡᠯ ᠵᠤᠬᠢᠰᠳᠠᠢ᠂ ᠤᠳᠬ᠎ᠠ ᠠᠭᠤᠯᠭ᠎ᠠ ᠲᠠᠢ ᠪᠤᠯᠬᠤ ᠪᠤᠢ︖

ᠮᠢᠨᠦ ᠦᠵᠡᠬᠦ ᠪᠠᠷ᠂ ᠤᠳᠤᠬᠠᠨ ᠤ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠰᠤᠷᠤᠯᠭ᠎ᠠ ᠶᠢᠨ ᠲᠠᠷᠤᠭᠠᠰᠤ ᠬᠦᠨᠳᠦ᠂ ᠤᠯᠤᠰ ᠠᠴᠠ ᠰᠤᠷᠤᠬᠴᠢᠳ ᠤᠨ ᠰᠤᠷᠤᠯᠭ᠎ᠠ ᠶᠢᠨ ᠲᠠᠷᠤᠭᠠᠰᠤ ᠶᠢ ᠬᠦᠡᠭᠬᠡᠷᠡᠬᠦᠯᠬᠦ ᠤᠯᠠᠨ ᠵᠦᠢᠯ ᠤᠨ ᠠᠷᠭ᠎ᠠ ᠬᠡᠮᠵᠢᠶ᠎ᠠ ᠠᠪᠴᠤ ᠪᠠᠶᠢᠭ᠎ᠠ ᠦᠨᠦᠳᠦᠷ᠂ ᠠᠮᠠᠷᠠᠯᠳᠠ ᠶᠢᠨ ᠬᠤᠭᠤᠴᠠᠭᠠ ᠶᠢ ᠲᠤᠬᠢᠷᠠᠭᠤᠯᠬᠤ  ᠳᠠᠭᠠᠨ ᠰᠤᠷᠤᠬᠴᠢ ᠶᠢᠨ ᠦᠵᠡᠯ ᠪᠤᠳᠤᠯ ᠢ ᠬᠦᠨᠳᠦᠳᠭᠡᠭᠰᠡᠨ ᠰᠠᠭᠤᠷᠢᠨ ᠲᠡᠬᠡᠷ᠎ᠠ᠂ ᠬᠡᠷ ᠤᠨ ᠠᠬᠠᠮᠠᠳ ᠠᠴᠠ ᠵᠤᠬᠢᠰᠳᠠᠢ ᠲᠤᠬᠢᠷᠠᠭᠤᠯᠤᠯᠳᠠ ᠬᠢᠵᠤ᠂ ᠬᠡᠦᠭᠡᠳ ᠲᠤ ᠪᠠᠶᠠᠷ ᠪᠠᠶᠠᠰᠤᠯ ᠲᠠᠢ᠂ ᠵᠤᠯ ᠵᠢᠷᠭᠠᠯ ᠲᠠᠢ ᠠᠮᠠᠷᠠᠯᠳᠠ ᠶᠢᠨ ᠬᠤᠭᠤᠴᠠᠭ᠎ᠠ ᠶᠢ ᠡᠬᠦᠳᠴᠤ ᠦᠭᠪᠡᠯ ᠵᠤᠬᠢᠨ᠎ᠠ᠃

ᠬᠡᠦᠭᠡᠳ ᠤᠨ ᠢᠶᠠᠨ ᠠᠮᠠᠷᠠᠯᠳᠠ ᠶᠢᠨ ᠬᠤᠭᠤᠴᠠᠭᠠᠨ ᠳᠤ ᠲᠤᠬᠢᠷᠠᠭᠤᠯᠤᠯᠳᠠ ᠬᠢᠬᠦ ᠳᠡᠭᠡᠨ᠂ ᠵᠠᠯᠠᠭᠤᠴᠤᠳ ᠪᠠᠭᠠᠴᠤᠳ ᠨᠠᠭᠠᠳᠤᠨ ᠲᠤᠬᠯᠠᠬᠤ ᠲᠤᠷᠠᠳᠠᠢ᠂ ᠰᠢᠨ᠎ᠠ ᠰᠡᠪᠡᠬᠦᠨ ᠵᠦᠢᠯ ᠢ ᠰᠠᠷᠠᠵᠤ ᠮᠡᠳᠡᠬᠦ ᠰᠤᠨᠢᠭᠤᠴᠢ ᠵᠡᠩ ᠲᠠᠢ ᠵᠡᠷᠭᠡ ᠦᠰᠬᠦ ᠨᠠᠰᠤᠨ ᠤ ᠤᠨᠴᠠᠯᠢᠭ ᠲᠤᠨᠢ ᠲᠤᠬᠢᠷᠠᠭᠤᠯᠬᠤ ᠴᠢᠬᠤᠯᠠᠳᠠᠢ᠃

ᠨᠢᠬᠡ ᠳᠤ᠂ ᠬᠡᠦᠭᠡᠳ ᠲᠤ ᠡᠬᠡ ᠪᠠᠶᠢᠭᠠᠯᠢ ᠲᠠᠢ ᠤᠢᠢᠷᠠᠳᠤᠵᠤ᠂ ᠠᠮᠢᠳᠤᠷᠠᠯ ᠳᠤ ᠤᠢᠢᠷᠠᠳᠤᠨ᠂ ᠨᠡᠶᠢᠬᠡᠮ ᠲᠠᠢ ᠤᠢᠢᠷᠠᠳᠤᠬᠤ ᠵᠠᠪᠰᠢᠶᠠᠨ ᠤᠯᠭᠤᠬᠰᠠᠨ ᠤᠳᠬ᠎ᠠ ᠠᠭᠤᠯᠭ᠎ᠠ ᠲᠠᠢ ᠠᠵᠢᠯᠯᠠᠭ᠎ᠠ ᠲᠤᠬᠢᠷᠠᠭᠤᠯᠪᠠᠯ ᠵᠤᠬᠢᠨ᠎ᠠ᠃ ᠰᠤᠷᠤᠬᠴᠢᠳ ᠤᠨ ᠮᠦᠽᠸᠢ ᠪᠠᠷ ᠲᠤᠭᠤᠷᠢᠬᠤ᠂ ᠨᠤᠮ ᠤᠨ ᠰᠠᠩ ᠳᠤ ᠰᠠᠭᠤᠬᠤ᠂ ᠵᠤᠰᠠᠯᠠᠩ ᠵᠤᠭᠠᠴᠠᠯ ᠤᠨ ᠠᠵᠢᠯᠯᠠᠭ᠎ᠠ ᠳᠤ ᠤᠷᠤᠯᠴᠠᠬᠤ ᠶᠢ ᠵᠤᠷᠢᠬᠵᠢᠭᠤᠯᠵᠤ᠂ ᠬᠠᠷᠠᠭ᠎ᠠ ᠶᠢ ᠨᠢ ᠦᠷᠭᠡᠳᠭᠡᠨ᠂ ᠮᠡᠳᠡᠯᠭᠡ ᠶᠢ ᠨᠢ ᠨᠡᠮᠡᠭᠳᠡᠬᠦᠯᠬᠦ ᠶᠢ ᠠᠩᠬᠠᠷᠤᠨ᠎ᠠ᠃ ᠪᠠᠰᠠ ᠬᠦᠳᠡᠭᠡ ᠨᠤᠳᠤᠭ ᠤᠨ ᠮᠠᠯᠵᠢᠬᠤ ᠲᠠᠷᠢᠶᠠᠯᠠᠬᠤ ᠠᠮᠢᠳᠤᠷᠠᠯ ᠳᠤ ᠤᠢᠢᠷᠠᠳᠤᠭᠤᠯᠤᠨ᠂ ᠦᠢᠯᠡᠳᠦᠯᠬᠡ ᠳᠤ ᠤᠷᠤᠯᠴᠠᠭᠤᠯᠬᠤ ᠪᠠᠷ ᠲᠠᠮᠵᠢᠨ᠂ ᠦᠨᠳᠦᠰᠦᠳᠡᠨ ᠤ ᠠᠮᠢᠳᠤᠷᠠᠯ ᠤᠨ ᠵᠠᠩ ᠲᠠᠳᠬᠠᠯ᠂ ᠬᠦᠳᠡᠯᠮᠦᠷᠢ ᠶᠢᠨ ᠪᠠᠶᠠᠷ ᠴᠡᠩᠬᠡᠯ ᠢ ᠤᠢᠢᠯᠠᠭᠠᠭᠤᠯᠵᠤ ᠪᠤᠯᠤᠨ᠎ᠠ᠃ ᠬᠡᠦᠭᠡᠳ ᠢᠶᠠᠷ ᠬᠤᠭᠤᠯᠠ ᠪᠤᠳᠠᠭ᠎ᠠ ᠬᠢᠯᠭᠡᠬᠦ᠂ ᠬᠤᠪᠴᠠᠰᠤ ᠬᠤᠨᠠᠷ ᠤᠬᠢᠶᠠᠬᠤ ᠵᠡᠷᠭᠡ ᠬᠡᠷ ᠤᠨ ᠠᠷᠰᠠᠷ ᠠᠵᠢᠯ ᠢ ᠬᠢᠯᠭᠡᠵᠤ᠂ ᠪᠠᠶ᠎ᠠ ᠪᠠᠨ ᠲᠠᠭᠠᠭᠠᠬᠤ ᠴᠢᠳᠠᠪᠤᠷᠢ ᠶᠢ ᠬᠦᠮᠦᠵᠢᠬᠦᠯᠵᠤ ᠪᠤᠯᠤᠨ᠎ᠠ᠃

ᠬᠤᠶᠠᠷ ᠲᠤ᠂ ᠠᠮᠠᠷᠠᠯᠳᠠ ᠶᠢᠨ ᠬᠤᠭᠤᠴᠠᠭ᠎ᠠ ᠨᠢ ᠴᠢᠯᠦᠬᠡᠳᠡᠢ ᠴᠠᠭ ᠬᠤᠭᠤᠴᠠᠭ᠎ᠠ ᠪᠤᠯᠤᠬᠰᠠᠨ ᠤ ᠬᠤᠪᠢ ᠳᠤ᠂ ᠰᠤᠷᠤᠬᠴᠢᠳ ᠲᠤᠷ᠎ᠠ ᠰᠤᠨᠢᠷᠬᠠᠯ ᠲᠠᠢ ᠵᠦᠢᠯ ᠢᠶᠠᠨ ᠬᠦᠬᠡᠬᠡᠴᠡᠯᠳᠦᠬᠦ ᠪᠤᠶᠤ ᠦᠪᠡᠷ ᠤᠨ ᠬᠦᠷᠦᠯᠴᠡᠬᠦ ᠦᠬᠡᠢ ᠲᠠᠯ᠎ᠠ ᠪᠠᠨ ᠨᠦᠬᠦᠪᠦᠷᠢᠯᠠᠵᠤ ᠪᠤᠯᠤᠨ᠎ᠠ᠃ ᠪᠦᠵᠢᠭ᠂ ᠬᠦᠭᠵᠢᠮ ᠤᠨ ᠵᠦᠢᠯ᠂ ᠵᠢᠷᠤᠭ᠂ ᠭᠤᠯᠭᠤᠭᠤᠷ ᠬᠦᠷᠳᠦ᠂ ᠨᠢᠳᠤᠷᠭᠠᠨ ᠡᠷᠳᠡᠮ ᠵᠡᠷᠭᠡ ᠳᠡᠭᠡᠨ ᠲᠤᠷ᠎ᠠ ᠪᠠᠭ᠋ᠠᠳᠠᠢ ᠰᠤᠷᠤᠬᠴᠢᠳ ᠠᠮᠠᠷᠠᠯᠳᠠ ᠶᠢᠨ ᠬᠤᠭᠤᠴᠠᠭᠠᠨ ᠤ ᠴᠠᠭ ᠢᠶᠠᠨ ᠠᠰᠢᠬᠯᠠᠨ ᠲᠤᠷ᠎ᠠ ᠰᠤᠨᠢᠷᠬᠠᠯ ᠤᠨ ᠠᠩᠬᠢ ᠳᠤ ᠰᠤᠷᠤᠯᠴᠠᠵᠤ ᠪᠤᠯᠤᠨ᠎ᠠ᠂ ᠰᠤᠷᠭᠠᠭᠤᠯᠢ ᠲᠠᠪᠰᠢᠬᠦ ᠪᠠᠷ ᠪᠠᠶᠢᠭ᠎ᠠ ᠰᠤᠷᠤᠬᠴᠢᠳ ᠬᠢᠷᠢ ᠪᠦᠳᠦᠮᠵᠢ ᠪᠠᠷ ᠠᠨᠠᠢ ᠰᠢᠭ᠋ ᠬᠢᠴᠢᠶᠠᠯ ᠲᠦᠷᠦᠯ ᠢᠶᠠᠨ ᠨᠦᠬᠦᠪᠦᠷᠢᠯᠠᠵᠤ ᠪᠤᠯᠤᠨ᠎ᠠ᠃ ᠬᠡᠪᠡᠴᠦ ᠡᠳᠡᠭᠡᠷ ᠨᠢ ᠰᠤᠷᠤᠬᠴᠢ ᠶᠢᠨ ᠬᠤᠪᠢ ᠪᠠᠶ᠎ᠠ ᠶᠢᠨ ᠲᠤᠷᠠᠰᠢᠯ ᠪᠠ ᠤᠬᠠᠮᠰᠠᠷ ᠲᠤ ᠲᠦᠰᠢᠭᠯᠡᠭᠰᠡᠨ ᠪᠠᠶᠢᠬᠤ ᠬᠡᠷᠡᠭᠳᠡᠢ᠂ ᠬᠠᠷᠢᠨ ᠬᠡᠷ ᠤᠨ ᠠᠬᠠᠮᠠᠳ ᠤᠨ ᠲᠤᠰᠢᠶᠠᠬᠰᠠᠨ 《ᠠᠯᠪᠠ》 ᠋ ᠪᠠᠶᠢᠵᠤ ᠪᠤᠯᠬᠤ ᠦᠬᠡᠢ᠃

ᠭᠤᠷᠪᠠ ᠳᠤ᠂ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠪᠠᠶ᠎ᠠ ᠪᠠᠨ ᠲᠠᠭᠠᠭᠠᠬᠤ ᠴᠢᠳᠠᠪᠤᠷᠢ ᠲᠤᠷᠤᠢ᠂ ᠮᠠᠭᠠᠳᠯᠠᠬᠤ ᠴᠢᠳᠠᠪᠤᠷᠢ ᠬᠦᠷᠦᠯᠴᠡᠬᠦ ᠦᠬᠡᠢ ᠲᠤᠯᠠ ᠬᠦᠳᠡᠭᠡ ᠭᠠᠳᠠᠭ᠎ᠠ ᠵᠤᠭᠠᠴᠠᠬᠤ ᠪᠤᠶᠤ ᠶᠠᠮᠠᠷ ᠨᠢᠬᠡᠨ ᠨᠠᠭᠠᠳᠤᠮ ᠲᠤᠬᠯᠠᠭᠠᠮ ᠳᠤ ᠤᠷᠤᠯᠴᠠᠬᠤ ᠳᠠᠭᠠᠨ ᠠᠮᠤᠷ ᠲᠦᠪᠰᠢᠨ ᠢ ᠲᠦᠢᠯ ᠢᠶᠠᠷ ᠠᠩᠬᠠᠷᠬᠤ ᠬᠡᠷᠡᠭᠳᠡᠢ᠃ ᠵᠢᠱᠢᠶᠠᠯᠠᠪᠠᠯ᠂ ᠲᠤᠭᠤᠢ ᠤᠨᠤᠵᠤ ᠲᠤᠭᠤᠷᠢᠵᠤ ᠶᠠᠪᠤᠬᠤ ᠳᠠᠭᠠᠨ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠬᠤ᠂ ᠬᠤᠭᠤᠯᠠ ᠪᠤᠳᠠᠭ᠎ᠠ ᠪᠡᠯᠡᠳᠭᠡᠬᠦ ᠳᠡᠭᠡᠨ ᠭᠠᠯ ᠤᠨ ᠠᠶᠤᠯ ᠠᠴᠠ ᠰᠡᠷᠬᠡᠶᠢᠯᠡᠬᠦ᠂ ᠪᠤᠶᠢᠳᠠ ᠪᠦᠭᠯᠡᠬᠦᠦ ᠭᠠᠵᠠᠷ ᠢᠶᠠᠷ ᠶᠠᠪᠤᠬᠤ ᠪᠠᠨ ᠬᠢᠴᠢᠶᠠᠬᠦ᠂ ᠲᠠᠨᠢᠯ ᠪᠤᠰᠤ ᠬᠦᠮᠦᠨ ᠲᠠᠢ ᠬᠠᠷᠢᠯᠴᠠᠬᠤ ᠵᠡᠷᠭᠡ ᠲᠠᠯ᠎ᠠ ᠪᠠᠷ ᠪᠦᠷ ᠠᠩᠬᠠᠷᠪᠠᠯ ᠵᠤᠬᠢᠨ᠎ᠠ᠃ ᠰᠤᠷᠭᠠᠭᠤᠯᠢ ᠶᠢᠨ ᠲᠠᠯ᠎ᠠ ᠠᠴᠠ ᠰᠤᠷᠭᠠᠭᠤᠯᠢ ᠲᠠᠷᠬᠠᠬᠤ ᠠᠴᠠ ᠡᠮᠦᠨ᠎ᠠ ᠠᠮᠤᠷ ᠲᠦᠪᠰᠢᠨ ᠤ ᠬᠦᠮᠦᠵᠢᠯ ᠤᠨ ᠬᠢᠴᠢᠶᠠᠯ ᠲᠠᠶᠢᠯᠦᠮᠵᠢ ᠬᠢᠵᠤ᠂ ᠬᠡᠷ ᠤᠨ ᠠᠬᠠᠮᠠᠳ ᠠᠴᠠ ᠡᠳᠦᠷ ᠲᠤᠳᠤᠮ ᠤᠨ ᠬᠦᠮᠦᠵᠢᠯ ᠪᠠ ᠬᠢᠨᠠᠠ ᠬᠠᠮᠢᠶᠠᠷᠤᠯᠳᠠ ᠪᠠᠨ ᠴᠢᠩᠭᠠᠳᠬᠠᠬᠤ ᠴᠢᠬᠤᠯᠠᠳᠠᠢ᠃

ᠢᠷᠡᠯᠲᠡ᠄      ᠨᠠᠶᠢᠷᠠᠭᠤᠯᠤᠭᠴᠢ᠄