home
home

    ᠪᠠᠶᠠᠷ ᠤᠨ ᠮᠡᠳᠡᠭᠡ᠂ ᠮᠣᠩᠭᠣᠯ ᠰᠤᠷᠭᠠᠭᠤᠯᠢ ᠮᠠᠨᠢ ᠵᠠᠯᠭᠠᠪᠠᠷ ᠰᠡᠷᠭᠦᠵᠦ ᠪᠠᠢᠨ᠎ᠠ ᠰᠢᠦ!

2017-08-18  9:40

《ᠡᠨᠡ ᠵᠢᠯ ᠦᠨ 9 ᠰᠠᠷ᠎ᠠ ᠠᠴᠠ ᠠᠳᠡᠭᠢ ᠮᠣᠩᠭᠣᠯ ᠰᠤᠷᠭᠠᠭᠤᠯᠢ ᠰᠡᠷᠭᠦᠵᠦ ᠮᠣᠩᠭᠣᠯ ᠰᠤᠷᠤᠭᠴᠢ ᠪᠠᠨ ᠤᠭᠲᠤᠬᠤ ᠪᠠᠷ ᠪᠣᠯᠤᠯ᠎ᠠ》᠃ ᠡᠨᠡ ᠬᠦ ᠴᠢᠮᠡᠭᠡ ᠨᠢ ᠡᠬᠡ ᠰᠣᠶᠣᠯ ᠤᠨ ᠢᠶᠠᠨ ᠰᠢᠮ᠎ᠡ ᠶᠢ ᠬᠦᠰᠡᠭᠰᠡᠨ ᠬᠥᠮᠦᠰ ᠲᠦ ᠭᠠᠩ ᠤᠨ ᠬᠤᠷ᠎ᠠ ᠰᠢᠭ ᠠᠮᠲᠠᠯᠢᠭ ᠰᠠᠨᠠᠭᠳᠠᠬᠤ ᠨᠢ ᠶᠠᠷᠢᠶᠠᠨ ᠦᠭᠡᠢ᠃

ᠵᠢᠯ ᠪᠦᠷᠢ ᠶᠢᠨ 9 ᠰᠠᠷ᠎ᠠ ᠶᠢᠨ 1ᠭᠡᠪᠡᠯ ᠰᠢᠨ᠎ᠡ ᠨᠢᠭᠡᠨ ᠡᠭᠡᠯᠵᠢ ᠶᠢᠨ ᠰᠤᠷᠤᠭᠴᠢ ᠰᠤᠷᠭᠠᠭᠤᠯᠢ ᠳᠤ ᠰᠠᠭᠤᠬᠤ ᠪᠣᠯᠳᠠᠭ᠃ ᠡᠭᠦᠨ ᠡᠴᠡ ᠡᠮᠦᠨ᠎ᠡ ᠠᠪᠤ ᠡᠵᠢ ᠪᠣᠯᠣᠭᠰᠠᠳ ᠦᠷ᠎ᠡ ᠬᠡᠦᠬᠡᠳ ᠢᠶᠡᠨ ᠮᠣᠩᠭᠣᠯ ᠬᠢᠲᠠᠳ ᠶᠠᠮᠠᠷ ᠰᠤᠷᠭᠠᠭᠤᠯᠢ ᠳᠤ ᠬᠦᠷᠭᠡᠬᠦ ᠲᠤᠬᠠᠢ ᠨᠠᠷᠢᠨ ᠨᠢᠮᠪᠠᠢ ᠵᠥᠪᠯᠡᠵᠦ ᠲᠥᠪ ᠴᠢᠩᠭ᠎ᠠ ᠰᠣᠩᠭᠣᠯᠲᠠ ᠬᠢᠳᠡᠭ ᠪᠠᠢᠨ᠎ᠠ᠃ ᠭᠡᠪᠡᠴᠦ ᠣᠢᠷ᠎ᠠ ᠶᠢᠨ ᠵᠢᠯ ᠳᠦ ᠬᠥᠮᠦᠰ ᠦᠨ ᠡᠬᠡ ᠰᠣᠶᠣᠯ ᠢᠶᠠᠨ ᠭᠡᠰᠡᠨ ᠦᠵᠡᠯᠲᠡ ᠲᠠᠨᠢᠯᠲᠠ ᠶᠡᠬᠡᠬᠡᠨ ᠳᠡᠭᠡᠭᠰᠢᠯᠡᠵᠦ᠂ ᠡᠯ᠎ᠡ ᠮᠣᠩᠭᠣᠯ ᠰᠤᠷᠭᠠᠭᠤᠯᠢ ᠶᠢᠨ ᠮᠣᠩᠭᠣᠯ ᠠᠩᠭᠢ ᠶᠢᠨ  ᠲᠣᠭ᠎ᠠ  ᠨᠡᠮᠡᠭᠳᠡᠵᠦ ᠪᠠᠢᠳᠠᠭ᠂ ᠬᠡᠳᠦᠨ ᠵᠢᠯ ᠲᠠᠰᠤᠯᠳᠠᠭᠰᠠᠨ ᠮᠣᠩᠭᠣᠯ ᠰᠤᠷᠭᠠᠭᠤᠯᠢ ᠶᠢᠨ ᠮᠣᠩᠭᠣᠯ ᠠᠩᠭᠢ ᠳᠠᠬᠢᠨᠲᠠ ᠰᠡᠷᠭᠦᠭᠡᠭᠳᠡᠵᠦ ᠮᠣᠩᠭᠣᠯ ᠰᠤᠷᠤᠭᠴᠢ ᠪᠠᠨ ᠲᠣᠰᠴᠤ ᠯᠡᠪᠠᠢᠳᠠᠭ᠃ ᠡᠳᠡᠭᠡᠷ ᠪᠠᠶᠠᠷ ᠤᠨ ᠴᠢᠮᠡᠭᠡ ᠶᠢ ᠪᠢᠳᠡ ᠲᠠᠣᠯᠠᠨ ᠲᠠᠢ ᠪᠠᠨ ᠵᠠᠬ᠎ᠠ ᠵᠤᠬ᠎ᠠ ᠠᠴᠠ ᠨᠢ ᠬᠤᠪᠢᠶᠠᠯᠴᠠᠵᠤ ᠬᠠᠯᠠᠭᠤᠨ ᠵᠤᠨ ᠢᠶᠠᠷ ᠰᠡᠷᠢᠭᠦᠨ ᠤᠮᠳᠠᠭᠠᠨ ᠬᠦᠷᠭᠡᠰᠦᠭᠡᠢ !

ᠳᠠᠯᠠᠳ ᠬᠤᠰᠢᠭᠤᠨ ᠤ ᠮᠤᠩᠭᠤᠯ ᠦᠨᠳᠦᠰᠦᠲᠡᠨ ᠤ ᠰᠤᠷᠭᠠᠭᠤᠯᠢ 9 ᠰᠠᠷ᠎ᠠ ᠠᠴᠠ ᠮᠤᠩᠭᠤᠯ ᠠᠩᠭᠢ ᠪᠠᠨ ᠰᠡᠷᠭᠦᠭᠡᠨ᠎ᠡ  ᠃

ᠦᠨᠳᠦᠰᠦᠳᠡᠨ ᠤ ᠦᠪ ᠰᠤᠶᠤᠯ ᠳᠤ ᠪᠠᠨ ᠬᠠᠶᠢᠷᠠᠳᠠᠢ ᠨᠢᠭᠡᠨ ᠪᠦᠯᠦᠭ ᠬᠦᠮᠦᠰ ᠤᠨ ᠴᠢᠷᠮᠠᠶᠢᠯᠭ᠎ᠠ ᠵᠢᠴᠢ ᠮᠠᠯᠴᠢᠳ ᠤᠨ ᠱᠠᠭᠠᠷᠳᠠᠯᠭ᠎ᠠ᠂ ᠢᠯᠠᠩᠭᠤᠶ᠎ᠠ ᠨᠠᠮ ᠵᠠᠰᠠᠭ ᠤᠨ ᠤᠯᠠᠨ ᠲᠠᠯ᠎ᠠ ᠶᠢᠨ ᠬᠦᠴᠦᠳᠦ ᠲᠡᠮᠵᠢᠯᠭᠡ ᠪᠠᠷ ᠳᠠᠯᠠᠳ ᠬᠤᠰᠢᠭᠤᠨ ᠤ ᠮᠤᠩᠭᠤᠯ ᠦᠨᠳᠦᠰᠦᠲᠡᠨ ᠤ ᠰᠤᠷᠭᠠᠭᠤᠯᠢ ᠡᠨᠡ ᠵᠢᠯ ᠤᠨ 9 ᠰᠠᠷ᠎ᠠ ᠶᠢᠨ 3  ᠋  ᠋ ᠠᠴᠠ ᠡᠬᠢᠯᠡᠵᠦ ᠴᠡᠪᠡᠷ ᠮᠤᠩᠭᠤᠯ ᠢᠶᠠᠷ ᠬᠢᠴᠢᠶᠡᠯᠯᠡᠬᠦ ᠠᠩᠭᠢ ᠪᠠᠨ ᠳᠠᠬᠢᠨ ᠰᠡᠷᠭᠦᠭᠡᠭᠦ ᠪᠠᠷ ᠪᠤᠯᠤᠯ᠎ᠠ᠃ ᠴᠢᠮᠡᠭᠡ ᠲᠠᠷᠬᠠᠭᠠᠬᠳᠠᠬᠰᠠᠨ ᠠᠴᠠ ᠡᠬᠢᠯᠡᠵᠤ᠂ ᠵᠠᠬᠢᠷᠤᠯ ᠸᠠᠩ ᠹᠧᠢ ᠶᠢᠨ ᠭᠠᠷ ᠤᠲᠠᠰᠤ ᠬᠡᠴᠢᠨᠡᠨ ᠲᠠᠷᠴᠢᠬᠢᠨᠠᠨ ᠪᠠᠶᠢᠭ᠎ᠠ ᠶᠢ ᠪᠤᠤ ᠮᠡᠳᠡ᠂ ᠰᠤᠷᠠᠬᠯᠠᠬᠤ ᠬᠦᠮᠦᠰ ᠲᠠᠰᠤᠷᠠᠭ᠎ᠠ ᠦᠭᠡᠢ᠃《ᠬᠡᠳᠦᠬᠡᠨ ᠡᠳᠦᠷ ᠤᠨ ᠳᠤᠳᠤᠷ᠎ᠠ ᠨᠢᠭᠡᠨᠲᠡ20 ᠭᠠᠷᠤᠢ ᠰᠤᠷᠤᠬᠴᠢ ᠨᠡᠷ᠎ᠡ ᠮᠡᠳᠡᠬᠦᠯᠴᠢᠬᠡᠭᠰᠡᠨ᠃ ᠤᠤᠯ ᠨᠢ ᠨᠢᠭᠡᠯᠡ ᠠᠩᠬᠢ ᠨᠡᠬᠡᠬᠡᠬᠦ ᠪᠠᠷ ᠪᠠᠶᠢᠬᠰᠠᠨ ᠨᠢ ᠤᠳᠤ ᠬᠠᠷᠢᠨ ᠨᠡᠮᠡᠵᠤ ᠨᠡᠬᠡᠬᠡᠬᠦ ᠴᠢᠬᠤᠯᠠᠲᠠᠢ ᠪᠤᠯᠤᠯ᠎ᠠ 》ᠭᠡᠵᠤ ᠵᠠᠬᠢᠷᠤᠯ ᠸᠠᠩ ᠹᠧᠢ ᠰᠡᠳᠭᠢᠯ ᠬᠦᠭᠰᠡᠨ ᠶᠠᠷᠢᠨ᠎ᠠ᠃

ᠳᠠᠯᠠᠳ ᠬᠤᠰᠢᠭᠤᠨ ᠤ ᠮᠤᠩᠭᠤᠯ ᠦᠨᠳᠦᠰᠦᠲᠡᠨ ᠤ ᠰᠤᠷᠭᠠᠭᠤᠯᠢ ᠪᠤᠯ ᠪᠠᠭ᠎ᠠ ᠰᠤᠷᠭᠠᠭᠤᠯᠢ ᠪᠤᠯᠤᠨ ᠳᠤᠮᠳᠠᠳᠤ ᠰᠤᠷᠭᠠᠭᠤᠯᠢ ᠬᠠᠮᠲᠤ ᠪᠠᠶᠢᠳᠠᠭ᠃ ᠡᠬᠢᠯᠡᠵᠤ ᠰᠤᠷᠭᠠᠭᠤᠯᠢ ᠪᠠᠶᠢᠭᠤᠯᠤᠬᠳᠠᠬᠤ ᠦᠶ᠎ᠡ ᠳᠤ ᠦᠢ ᠤᠯᠠᠨ ᠮᠤᠩᠭᠤᠯ ᠬᠡᠤᠬᠡᠳ ᠤᠨ ᠰᠤᠶᠤᠯ ᠤᠨ ᠦᠯᠦᠭᠡᠢ ᠪᠤᠯᠵᠤ᠂ ᠴᠡᠪᠡᠷ ᠮᠤᠩᠭᠤᠯ ᠢᠶᠠᠷ ᠬᠢᠴᠢᠶᠡᠯᠯᠡᠵᠦ᠂ ᠦᠨᠳᠦᠰᠦᠲᠡᠨ ᠤ ᠤᠨᠴᠠᠯᠢᠭ ᠢᠯᠡᠷᠬᠡᠢ ᠰᠤᠷᠭᠠᠭᠤᠯᠢ ᠪᠠᠶᠢᠵᠠᠢ᠃ᠬᠤᠵᠢᠮ ᠨᠢ ᠤᠯᠠᠨ ᠵᠦᠢᠯ ᠤᠨ ᠰᠢᠯᠳᠠᠭᠠᠨ ᠢᠶᠠᠷ ᠴᠦᠬᠡᠨ ᠪᠤᠰᠤ ᠮᠤᠩᠭᠤᠯᠴᠤᠳ ᠬᠡᠤᠬᠡᠳ ᠢᠶᠠᠨ ᠬᠢᠳᠠᠳ ᠢᠶᠠᠷ ᠰᠤᠷᠤᠯᠴᠠᠭᠤᠯᠤᠭᠰᠠᠨ ᠠᠴᠠ ᠠᠳᠡᠭᠢ ᠮᠤᠩᠭᠤᠯ ᠰᠤᠷᠤᠬᠴᠢ ᠶᠠᠪᠤᠬᠤ ᠲᠤᠳᠤᠮ ᠴᠦᠭᠡᠷᠡᠪᠡ ᠃《ᠬᠡᠳᠦ᠋ᠢᠪᠡᠷ ᠮᠤᠩᠭᠤᠯ ᠦᠨᠳᠦᠰᠦᠲᠡᠨ ᠤ ᠰᠤᠷᠭᠠᠭᠤᠯᠢ ᠭᠡᠳᠡᠭ ᠴᠤ 2007 ᠤᠨ ᠠᠴᠠ ᠡᠬᠢᠯᠡᠵᠤ᠂ ᠬᠢᠲᠠᠳ ᠦᠨᠳᠦᠰᠦᠲᠡᠨ ᠤ ᠬᠡᠤᠬᠡᠳ ᠶᠡᠭᠡᠩᠬᠢ ᠬᠠᠷᠢᠴᠠᠯ ᠢ ᠡᠵᠡᠯᠡᠵᠦ᠂ ᠮᠤᠩᠭᠤᠯ ᠬᠡᠯᠡ ᠵᠦᠪᠬᠡᠨ ᠨᠡᠮᠡᠵᠤ ᠰᠤᠷᠬᠤ ᠬᠡᠯᠪᠡᠷᠢ ᠲᠠᠢ ᠪᠤᠯᠵᠠᠢ᠃ ᠲᠤᠬᠠᠢ ᠶᠢᠨ ᠦᠶ᠎ᠡ ᠳᠤ ᠮᠤᠩᠭᠤᠯ ᠬᠡᠯᠡ ᠨᠡᠮᠡᠵᠤ ᠰᠤᠷᠬᠤ ᠠᠩᠬᠢ 18 ᠨᠡᠬᠡᠬᠡᠭᠰᠡᠨ ᠪᠤᠯᠪᠠᠴᠤ ᠵᠦᠪᠬᠡᠨ ᠡᠳᠦᠷ ᠲᠤᠳᠤᠮ ᠤᠨ ᠳᠦᠬᠦᠮ ᠳᠦᠲᠡ ᠶᠠᠷᠢᠶᠠᠨ ᠤ ᠬᠡᠯᠡ ᠶᠢ ᠯᠡ ᠵᠢᠭᠠᠳᠠᠭ ᠠᠴᠠ ᠪᠢᠰᠢ ᠮᠤᠩᠭᠤᠯ ᠰᠤᠶᠤᠯ ᠤᠨ ᠬᠦᠨᠴᠡ ᠬᠦᠷᠢᠶᠡᠨ ᠳᠤ ᠶᠡᠷᠦ ᠨᠢ ᠬᠦᠷᠴᠦ ᠲᠡᠶᠢᠯᠬᠦ ᠦᠭᠡᠢ ᠪᠠᠶᠢᠪᠠ᠃ ᠴᠦᠭᠡᠨ ᠲᠤᠭᠠᠨ ᠤ ᠮᠤᠩᠭᠤᠯ ᠢᠶᠠᠨ ᠭᠡᠵᠤ ᠪᠠᠷᠢᠮᠳᠠᠯᠠᠬᠰᠠᠳ ᠨᠢ ᠠᠷᠭ᠎ᠠ ᠪᠤᠰᠤ ᠬᠡᠤᠬᠡᠳ ᠢᠶᠠᠨ ᠨᠤᠲᠤᠭ ᠠᠴᠠ ᠪᠠᠨ ᠵᠠᠶᠢᠳᠠᠭᠤ ᠪᠤᠭᠤᠲᠤ ᠬᠤᠲᠠ ᠶᠢᠨ ᠵᠢᠤᠶᠤᠸᠠᠨ ᠲᠤᠭᠤᠷᠢᠭ ᠤᠨ ᠮᠤᠩᠭᠤᠯ ᠰᠤᠷᠭᠠᠭᠤᠯᠢ ᠪᠤᠶᠤ ᠬᠠᠩᠬᠢᠨ ᠬᠤᠰᠢᠭᠤᠨ ᠤ ᠮᠤᠩᠭᠤᠯ ᠦᠨᠳᠦᠰᠦᠲᠡᠨ ᠤ ᠰᠤᠷᠭᠠᠭᠤᠯᠢ ᠳᠤ ᠬᠦᠷᠭᠡᠭᠦ ᠪᠤᠯᠤᠬᠰᠠᠨ 》 ᠭᠡᠵᠤ ᠸᠠᠩ ᠹᠸᠢ ᠵᠠᠬᠢᠷᠤᠯ ᠰᠠᠨᠠᠭ᠎ᠠ ᠠᠯᠳᠠᠨ ᠡᠷᠬᠢᠴᠡᠬᠦᠯᠪᠡ᠃

2007 — 2017 ᠤᠨ ᠪᠤᠯᠲᠠᠯ᠎ᠠ᠂ ᠳᠠᠯᠠᠳ ᠬᠤᠰᠢᠭᠤᠨ ᠤ ᠮᠤᠩᠭᠤᠯ ᠦᠨᠳᠦᠰᠦᠲᠡᠨ ᠤ ᠰᠤᠷᠭᠠᠭᠤᠯᠢ ᠨᠢ ᠬᠡᠳᠦ᠋ᠢᠪᠡᠷ ᠮᠤᠩᠭᠤᠯ ᠬᠡᠯᠡ ᠶᠢ ᠨᠡᠮᠡᠵᠦ ᠵᠢᠭᠠᠵᠤ ᠪᠠᠶᠢᠬᠰᠠᠨ ᠪᠤᠯᠪᠠᠴᠤ ᠦᠷ᠎ᠠ ᠪᠦᠳᠦᠮᠵᠢ ᠪᠠᠷ ᠮᠠᠰᠢ ᠠᠨᠠᠢ ᠯᠠ ᠪᠠᠶᠢᠵᠠᠢ᠃ ᠰᠤᠷᠭᠠᠭᠤᠯᠢ ᠳᠠᠬᠢ ᠳᠤᠷ᠎ᠠ ᠶᠢᠨ ᠨᠢᠭᠡᠨ ᠮᠤᠩᠭᠤᠯ ᠬᠡᠤᠬᠡᠳ ᠲᠠᠢ ᠶᠠᠷᠢᠯᠴᠠᠬᠤ ᠳᠤ ᠬᠡᠯᠡ ᠤᠷᠢᠶᠠᠯᠳᠤᠬᠰᠠᠨ ᠮᠤᠰᠢᠭᠠᠢ ᠬᠡᠳᠦᠨ ᠮᠤᠩᠭᠤᠯ ᠬᠡᠯᠡ ᠮᠡᠳᠡᠬᠦ ᠲᠡᠳᠦᠢ ᠯᠡ ᠪᠤᠯᠵᠠᠢ᠃

ᠮᠤᠩᠭᠤᠯ ᠰᠤᠷᠤᠬᠴᠢ ᠴᠦᠬᠡᠷᠡᠵᠦ᠂ ᠮᠤᠩᠭᠤᠯ ᠠᠩᠬᠢ ᠬᠠᠰᠤᠬᠳᠠᠵᠤ᠂ ᠮᠤᠩᠭᠤᠯ ᠬᠡᠯᠡ ᠮᠤᠳᠤᠨ ᠬᠡᠯᠡ ᠪᠤᠯᠤᠬᠰᠠᠨ ᠨᠢ ᠡᠬᠡ ᠰᠤᠶᠤᠯ ᠢᠶᠠᠨ ᠭᠡᠮᠡᠨ ᠡᠯᠢᠭᠡ ᠲᠡᠳᠠᠯᠳᠤᠳᠠᠭ ᠬᠦᠮᠦᠰ ᠤᠨ ᠰᠡᠳᠭᠢᠯ ᠵᠢᠷᠦᠭᠡ ᠶᠢ ᠨᠡᠭᠡᠷᠡᠨ ᠰᠢᠮᠰᠢᠷᠡᠬᠦᠯᠵᠦ ᠪᠠᠶᠢᠭᠰᠠᠨ ᠰᠠᠨ ᠁         ᠪᠠᠶ᠋ᠬᠠᠤᠪᠤᠭ᠎ᠠ ᠠᠭᠤᠷᠬᠠᠢ ᠶᠢᠨ ᠳᠤᠭᠤᠷᠢᠭ ᠤᠨ ᠮᠤᠩᠭᠤᠯ ᠰᠤᠷᠭᠠᠭᠤᠯᠢ 9 ᠰᠠᠷ᠎ᠠ ᠶᠢᠨ1  ᠋  ᠋ ᠠᠴᠠ ᠡᠬᠢᠯᠡᠵᠦ ᠮᠤᠩᠭᠤᠯ ᠠᠩᠭᠢ ᠪᠠᠨ ᠰᠡᠷᠭᠦᠭᠡᠨ᠎ᠡ ᠤᠷᠴᠢᠮ ᠤᠨ ᠡᠳᠦᠷ ᠤᠳ ᠲᠤ᠂ ᠪᠤᠭᠤᠳᠤ ᠬᠤᠳᠠ ᠶᠢᠨ ᠪᠠᠶ᠋ᠬᠠᠤᠪᠤᠭ᠎ᠠ ᠠᠭᠤᠷᠬᠠᠢ ᠶᠢᠨ ᠳᠤᠭᠤᠷᠢᠭ ᠤᠨ ᠮᠤᠩᠭᠤᠯ ᠰᠤᠷᠭᠠᠭᠤᠯᠢ ᠨᠢ ᠡᠨᠡ ᠵᠢᠯ ᠤᠨ 9 ᠰᠠᠷ᠎ᠠ ᠶᠢᠨ 1ᠠᠴᠠ ᠡᠬᠢᠯᠡᠵᠦ ᠮᠤᠩᠭᠤᠯ ᠠᠩᠭᠢ ᠪᠠᠨ ᠳᠠᠬᠢᠨ ᠰᠡᠷᠭᠦᠭᠡᠵᠦ᠂ ᠴᠡᠪᠡᠷ ᠮᠤᠩᠭᠤᠯ ᠬᠡᠯᠡ ᠪᠠᠷ ᠬᠢᠴᠢᠶᠡᠯᠯᠡᠬᠦ ᠪᠤᠯᠤᠬᠰᠠᠨ ᠪᠠᠶᠠᠷ ᠤᠨ ᠴᠢᠮᠡᠭᠡ ᠵᠢᠷᠬᠢᠶ᠎ᠠ ᠪᠠᠷ ᠦᠷᠬᠡᠨ ᠰᠠᠴᠤᠭᠳᠠᠵᠦ᠂ ᠭᠠᠨᠭ᠍ᠳᠠᠭᠰᠠᠨ ᠳᠠᠯ᠎ᠠ ᠳᠤ ᠬᠤᠷ᠎ᠠ ᠪᠠᠭᠤᠵᠦ ᠭᠠᠩ ᠲᠠᠢ ᠨᠤᠳᠤᠭ ᠲᠤ ᠪᠠᠨ ᠴᠢᠬᠤᠯᠠᠳᠠᠭᠰᠠᠨ ᠮᠠᠯᠴᠢᠳ ᠤᠨ ᠴᠡᠭᠡᠵᠢ ᠶᠢ ᠰᠠᠷᠠᠭᠤᠯᠵᠢᠭᠤᠯᠪᠠ᠃

ᠳᠡᠶᠢᠮᠦ ᠡ᠂ ᠡᠨᠡ ᠬᠦ ᠳᠦᠰ ᠪᠠᠭᠤᠭᠰᠠᠨ ᠴᠢᠬᠤᠯᠠ ᠴᠢᠮᠡᠭᠡ ᠨᠢ ᠬᠠᠷᠠᠬᠠᠨ ᠪᠠᠴᠢᠮ ᠴᠤ ᠮᠠᠷᠭᠤᠰᠢ ᠦᠭᠡᠢ ᠦᠨᠡᠨ ᠶᠤᠮ!ᠰᠤᠷᠪᠤᠯᠵᠢᠯᠠᠬᠴᠢ ᠡᠨᠡ ᠬᠦ ᠴᠢᠮᠡᠭᠡ ᠶᠢ ᠰᠤᠨᠤᠰᠤᠭᠠᠳ ᠤᠤᠭᠤᠵᠦ ᠪᠠᠶᠢᠬᠰᠠᠨ ᠴᠤᠮᠤ ᠲᠠᠢ ᠤᠰᠤ ᠪᠠᠨ ᠬᠦᠰᠡᠷ ᠬᠠᠶᠠᠵᠦ ᠳᠤᠰ ᠰᠤᠷᠭᠠᠭᠤᠯᠢ ᠶᠢᠨ ᠤᠤᠯ ᠤᠨ ᠳᠡᠳ᠋ ᠵᠠᠬᠢᠷᠤᠯ ᠴᠡᠩᠭᠡᠯᠳᠤ ᠪᠠᠭᠰᠢ ᠶᠢ ᠰᠤᠷᠪᠤᠯᠵᠢᠯᠠᠯ᠎ᠠ᠃

ᠪᠤᠭᠤᠳᠤ ᠬᠤᠳᠠ ᠶᠢᠨ ᠪᠠᠶ᠋ᠬᠠᠤᠪᠤᠭ᠎ᠠ ᠠᠭᠤᠷᠬᠠᠢ ᠶᠢᠨ ᠳᠤᠭᠤᠷᠢᠭ ᠤᠨ ᠮᠤᠩᠭᠤᠯ ᠰᠤᠷᠭᠠᠭᠤᠯᠢ ᠨᠢ ᠪᠤᠭᠤᠳᠤ ᠬᠤᠳᠠ ᠠᠴᠠ ᠬᠤᠶᠢᠰᠢ 150 ᠺᠢᠯᠤᠮᠧᠲᠷ ᠵᠠᠶᠢᠳᠠᠢ᠃ ᠳᠤᠰ ᠰᠤᠷᠭᠠᠭᠤᠯᠢ 1987 ᠤᠨ ᠳᠤ ᠪᠠᠶᠢᠭᠤᠯᠤᠭᠳᠠᠵᠦ᠂ ᠠᠩᠬ᠎ᠠ ᠡᠬᠢᠯᠡᠬᠦ ᠳᠤ ᠪᠠᠨ ᠳᠠᠯᠠᠭᠠᠳ ᠰᠤᠷᠤᠭᠴᠢ ᠲᠠᠢ ᠴᠡᠪᠡᠷ ᠮᠤᠩᠭᠤᠯ ᠬᠡᠯᠡ ᠪᠠᠷ ᠬᠢᠴᠢᠶᠡᠯᠯᠡᠵᠦ ᠪᠠᠶᠢᠬᠰᠠᠨ ᠠᠴᠠ ᠪᠠᠨ ᠮᠤᠩᠭᠤᠯ ᠰᠤᠷᠤᠭᠴᠢ ᠶᠢᠨ ᠢᠷᠡᠯᠳᠡ ᠢᠳᠡᠭ ᠢᠳᠡᠭ ᠢᠶᠠᠷ ᠴᠦᠬᠡᠷᠡᠭᠰᠡᠭᠡᠷ 2006 ᠤᠨ ᠪᠤᠯᠬᠤ ᠳᠤ ᠭᠠᠭᠴᠠ ᠮᠤᠩᠭᠤᠯ ᠰᠤᠷᠤᠭᠴᠢ ᠴᠤ ᠦᠭᠡᠢ ᠪᠤᠯᠵᠦ᠂ ᠬᠢᠳᠠᠳ ᠬᠡᠯᠡ ᠪᠠᠷ ᠬᠢᠴᠢᠶᠡᠯᠯᠡᠳᠡᠭ ᠰᠤᠷᠭᠠᠭᠤᠯᠢ ᠪᠤᠯᠤᠭᠰᠠᠨ ᠶᠤᠮ᠃

ᠭᠡᠪᠡᠴᠦ ᠴᠡᠩᠭᠡᠯᠳᠤ ᠪᠠᠭᠰᠢ ᠵᠡᠷᠭᠡ ᠳᠦᠷᠦᠬᠦᠦ ᠲᠠᠢ ᠳᠤᠰ ᠰᠤᠷᠭᠠᠭᠤᠯᠢ ᠶᠢᠨ ᠬᠠᠮᠢᠶ᠎ᠠ ᠪᠦᠬᠦᠢ ᠤᠳᠤᠷᠢᠳᠤᠯᠭ᠎ᠠ ᠪᠠᠭᠰᠢ ᠨᠠᠷ ᠤᠨ ᠬᠡᠳᠦᠨ ᠵᠢᠯ ᠤᠨ ᠴᠢᠷᠮᠠᠶᠢᠯᠭ᠎ᠠ ᠨᠢ ᠳᠤᠬᠠᠢ ᠶᠢᠨ ᠭᠠᠵᠠᠷ ᠤᠨ ᠵᠠᠰᠠᠭ ᠤᠨ ᠤᠷᠳᠤᠨ ᠪᠠ ᠮᠠᠯᠴᠢᠨ ᠳᠦᠮᠡᠨ ᠤ ᠬᠦᠴᠦᠳᠡᠢ ᠳᠡᠮᠵᠢᠯᠭᠡ ᠶᠢ ᠤᠯᠵᠦ᠂ ᠡᠨᠡ ᠵᠢᠯ ᠤᠨ 9 ᠰᠠᠷ᠎ᠠ ᠶᠢᠨ 1  ᠋  ᠋ ᠠᠴᠠ ᠡᠬᠢᠯᠡᠨ ᠴᠡᠪᠡᠷ ᠮᠤᠩᠭᠤᠯ ᠬᠡᠯᠡ ᠪᠠᠷ ᠬᠢᠴᠢᠶᠡᠯᠯᠡᠬᠦ ᠠᠩᠭᠢ ᠪᠠᠨ ᠰᠡᠷᠬᠦᠬᠡᠬᠦ ᠪᠠᠷ ᠪᠤᠯᠤᠬᠰᠠᠨ ᠪᠢᠯᠡ᠃

ᠴᠡᠩᠭᠡᠯᠳᠤ ᠪᠠᠭᠰᠢ᠄《ᠤᠯᠠᠨ ᠵᠢᠯ ᠤᠨ ᠴᠢᠷᠮᠠᠶᠢᠯᠭ᠎ᠠ ᠪᠢᠳᠡᠨ ᠢ ᠬᠦᠰᠡᠷᠳᠡᠬᠦᠯᠦᠭᠰᠡᠨ ᠦᠭᠡᠢ᠂ ᠮᠠᠨ ᠤ ᠡᠨᠡ ᠨᠤᠳᠤᠭ ᠲᠤ ᠮᠤᠩᠭᠤᠯ ᠬᠦᠮᠦᠨ ᠬᠠᠷᠢᠴᠠᠩᠭᠤᠢ ᠴᠦᠬᠡᠨ᠂ ᠪᠠᠰᠠ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠠᠴᠠ ᠨᠡᠯᠢᠶᠡᠳ ᠵᠠᠶᠢᠳᠠᠢ ᠪᠤᠯᠬᠤᠷ ᠮᠤᠩᠭᠤᠯ ᠰᠤᠷᠤᠭᠴᠢ ᠶᠢᠨ ᠢᠷᠡᠯᠳᠡ ᠨᠡᠯᠢᠶᠡᠳ ᠴᠦᠬᠡᠨ᠂ ᠶᠡᠷᠦ ᠨᠢ ᠠᠩᠬ᠎ᠠ ᠡᠬᠢᠯᠡᠬᠦ ᠳᠤ ᠪᠠᠨ ᠴᠡᠪᠡᠷ ᠮᠤᠩᠭᠤᠯ ᠰᠤᠷᠭᠠᠭᠤᠯᠢ ᠭᠡᠵᠦ ᠫᠠᠶᠢᠵᠠ ᠡᠯᠬᠦᠨ ᠪᠠᠶᠢᠭᠤᠯᠤᠭᠳᠠᠭᠰᠠᠨ ᠤᠴᠢᠷ ᠬᠦᠭᠵᠢᠵᠦ ᠴᠡᠴᠡᠭᠯᠡᠬᠦ ᠶᠠᠪᠤᠴᠠ ᠳᠤ ᠪᠠᠨ ᠴᠤ ᠮᠤᠩᠭᠤᠯ ᠤᠤᠷ ᠴᠢᠨᠠᠷ ᠢᠶᠠᠨ ᠠᠯᠳᠠᠬᠤ ᠠᠴᠠ ᠶᠡᠭᠡ ᠬᠢᠴᠢᠶᠡᠯ᠎ᠠ᠃ ᠤᠷᠴᠢᠮ ᠤᠨ ᠵᠢᠯ ᠠᠴᠠ ᠬᠦᠮᠦᠰ ᠤᠨ ᠮᠤᠩᠭᠤᠯ ᠦᠭᠡ ᠬᠡᠯᠡ ᠪᠠᠨ ᠰᠤᠷᠬᠤ ᠲᠠᠨᠢᠯᠳᠠ ᠤᠬᠠᠮᠰᠠᠷ ᠮᠡᠳᠡᠭᠳᠡᠮ᠎ᠠ ᠲᠡᠭᠡᠭᠰᠢᠯᠡᠵᠦ ᠪᠠᠶᠢᠭ᠎ᠠ ᠨᠢ ᠪᠠᠶᠠᠷᠯᠠᠭᠤᠰᠢᠳᠠᠢ᠃ ᠪᠢᠳᠡ ᠡᠨᠡ ᠵᠢᠯ ᠤᠨ 9 ᠰᠠᠷ᠎ᠠ ᠶᠢᠨ1  ᠋  ᠋ ᠳᠤ ᠨᠢᠬᠡᠳᠦᠬᠡᠷ ᠤᠨ ᠠᠴᠠ ᠡᠬᠢᠯᠡᠨ ᠪᠠᠶᠢᠳᠠᠭ ᠴᠢᠳᠠᠯ ᠢᠶᠠᠷ ᠢᠶᠠᠨ ᠮᠤᠩᠭᠤᠯ ᠰᠤᠷᠤᠭᠴᠢ ᠪᠠᠨ ᠡᠯᠰᠡᠨ᠎ᠠ᠂ ᠮᠤᠩᠭᠤᠯ ᠰᠤᠷᠤᠭᠴᠢ ᠶᠢᠨ ᠢᠷᠡᠯᠳᠡ ᠶᠢ ᠦᠨᠳᠦᠰᠦᠯᠡᠵᠦ ᠮᠤᠩᠭᠤᠯ ᠠᠩᠭᠢ ᠪᠠᠨ ᠨᠡᠭᠡᠭᠡᠨ᠎ᠠ᠂ ᠮᠤᠩᠭᠤᠯ ᠬᠡᠦᠭᠡᠳ ᠤᠯᠠᠨ ᠢᠷᠡᠬᠦ ᠶᠢ ᠯᠡ ᠬᠦᠰᠡᠨ ᠬᠦᠯᠢᠶᠡᠵᠦ ᠰᠠᠭᠤᠨ᠎ᠠ 》 ᠭᠡᠵᠦ ᠤᠷᠮ᠎ᠠ ᠵᠤᠷᠢᠬ ᠳᠡᠬᠦᠯᠳᠡᠷ ᠶᠠᠷᠢᠯ᠎ᠠ᠃

ᠨᠢᠬᠡᠨ ᠬᠠᠭᠤᠴᠢᠨ ᠮᠤᠩᠭᠤᠯ ᠰᠤᠷᠭᠠᠭᠤᠯᠢ ᠶᠢᠨ ᠴᠤᠬᠢᠯᠠᠬᠤ ᠪᠠᠨ ᠲᠦᠷ ᠵᠤᠭᠰᠤᠭᠰᠠᠨ ᠪᠤᠷᠤᠬᠠᠨ ᠵᠢᠷᠦᠬᠡ ᠨᠢ ᠡᠬᠡ ᠬᠡᠯᠡᠨ ᠤ ᠪᠠᠨ ᠠᠮᠢᠰᠬᠤᠭ᠎ᠠ ᠲᠠᠢ ᠪᠠᠨ ᠳᠠᠬᠢᠨ ᠭᠠᠯ ᠠᠪᠤᠨ ᠵᠤᠯᠭᠠᠵᠦ᠂ ᠤᠳᠠᠯ ᠦᠭᠡᠢ ᠴᠣ ᠰᠢᠨ᠎ᠠ ᠳᠦᠷᠢ ᠳᠦᠷᠬᠦ ᠪᠠᠷ᠂ ᠦᠨᠳᠦᠰᠦᠳᠡᠨ ᠤ ᠪᠠᠨ ᠭᠡᠭᠡᠨ ᠰᠠᠷᠠᠭᠤᠯ ᠢᠷᠡᠭᠡᠳᠦᠢ ᠳᠤ ᠬᠠᠨᠳᠤᠯᠭ᠎ᠠ ᠨᠢᠬᠡᠳᠡᠢ ᠪᠠᠷ ᠴᠡᠪᠡᠷ ᠮᠤᠩᠭᠤᠯ ᠢᠶᠠᠷ ᠢᠶᠠᠨ ᠴᠤᠬᠢᠯᠠᠵᠤ ᠡᠬᠢᠯᠡᠬᠦ ᠨᠢ ᠡ!

ᠬᠡᠦᠭᠡᠳ ᠤᠨ ᠡᠷᠦᠬᠡ ᠠᠮᠠ ᠶᠢᠨ ᠬᠢᠵᠠᠭᠠᠷᠯᠠᠯ ᠦᠭᠡᠢ᠂ ᠵᠠᠷᠤᠳᠠᠯ ᠮᠦᠩᠭᠦ ᠭᠡᠵᠦ ᠬᠤᠷᠢᠶᠠᠬᠤ ᠦᠭᠡᠢ ᠮᠦᠷᠳᠡᠭᠡᠨ ᠰᠤᠷᠤᠯᠭ᠎ᠠ ᠶᠢᠨ ᠨᠦᠬᠦᠪᠦᠷᠢ ᠪᠠ ᠬᠤᠪᠴᠠᠰᠤᠨ ᠤ ᠨᠦᠬᠦᠪᠦᠷᠢ᠂ ᠠᠮᠢᠳᠤᠷᠠᠯ ᠤᠨ ᠨᠦᠬᠦᠪᠦᠷᠢ ᠳᠡᠳᠬᠦᠮᠵᠢ ᠶᠢ ᠪᠠᠶᠢᠡᠭᠭᠤ ᠶᠢᠨ ᠴᠢᠨᠠᠷ ᠲᠠᠢ ᠪᠦᠷᠢᠨ ᠤᠯᠭᠤᠵᠦ ᠦᠭᠭᠦ ᠶᠢ ᠰᠤᠷᠭᠠᠭᠤᠯᠢ ᠶᠢᠨ ᠬᠢᠨ ᠪᠠᠳᠤᠯᠠᠵᠦ ᠪᠠᠶᠢᠨ᠎ᠠ᠃

ᠶᠠᠭᠤᠳᠠᠢ ᠴᠤ ᠰᠤᠨᠤᠷ ᠴᠢᠮᠡᠭᠰᠡᠨ ᠰᠠᠶᠢᠬᠠᠨ ᠴᠢᠮᠡᠭᠡ ᠪᠤᠢ᠂ ᠶᠠᠭᠤᠳᠠᠢ ᠴᠤ ᠰᠡᠳᠬᠢᠯ ᠴᠢᠮᠡᠭᠰᠡᠨ ᠪᠤᠶᠠᠨᠰᠠᠭ ᠠᠵᠦ ᠪᠤᠢ!

ᠮᠤᠷᠢ ᠲᠠᠢ ᠮᠤᠩᠭᠤᠯ ᠤᠨ ᠰᠤᠳᠤᠨ ᠦᠷᠡᠰ ᠤᠳ ᠢᠶᠠᠨ ᠮᠤᠩᠭᠤᠯ ᠰᠤᠷᠭᠠᠭᠤᠯᠢ ᠴᠢᠨᠢ ᠬᠠᠳᠠᠭ ᠢᠶᠠᠨ ᠳᠡᠯᠭᠡᠨ ᠤᠭᠳᠤᠵᠦ ᠪᠠᠶᠢᠨ᠎ᠠ᠃ᠮᠤᠩᠭᠤᠯ ᠬᠡᠦᠭᠡᠳ ᠤᠳ ᠮᠠᠨᠢ ᠮᠤᠩᠭᠤᠯ ᠰᠤᠷᠭᠠᠭᠤᠯᠢ ᠳᠤ ᠪᠠᠨ ᠢᠷᠡᠬᠡᠷᠡᠢ!

ᠤᠩᠰᠢᠪᠤᠷᠢ᠄

ᠤᠢᠢᠷ᠎ᠠ ᠶᠢᠨ ᠬᠡᠳᠦᠨ ᠵᠢᠯ ᠳᠤ ᠰᠡᠷᠭᠦᠭᠡᠭᠳᠡᠭᠰᠡᠨ ᠮᠤᠩᠭᠤᠯ ᠰᠤᠷᠭᠠᠭᠤᠯᠢ ᠶᠢᠨ ᠨᠢᠭᠡᠨ ᠨᠢ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠶᠢᠨ ᠮᠠᠨᠳᠤᠯ ᠤᠨ ᠤᠯᠠᠨ ᠤᠯᠤᠰ ᠤᠨ ᠨᠦᠬᠦᠷᠯᠡᠯ ᠤᠨ ᠰᠤᠷᠭᠠᠭᠤᠯᠢ ᠪᠤᠯᠤᠨ᠎ᠠ᠃ ᠲᠡᠷᠡ ᠨᠢ ᠨᠢᠳᠤᠨᠤᠨ ᠴᠡᠴᠡᠷᠯᠢᠭ ᠲᠤ ᠪᠠᠨ ᠳᠤᠰ ᠪᠠᠯᠭᠠᠰᠤ ᠶᠢᠨ ᠮᠠᠯᠴᠢᠳ ᠤᠨ ᠢᠶᠠᠨ 12 ᠬᠡᠦᠬᠡᠳ ᠢ ᠡᠯᠰᠡᠵᠦ ᠵᠢᠩᠬᠢᠨᠢ ᠪᠠᠷ ᠬᠢᠴᠢᠶᠡᠯ ᠡᠬᠢᠯᠡᠪᠡ᠃ ᠲᠡᠭᠡᠭᠡᠳ ᠡᠳᠡᠬᠡᠷ ᠬᠡᠦᠬᠡᠳ ᠪᠠᠯᠴᠢᠷ ᠪᠠᠭ᠎ᠠ ᠠᠴᠠ ᠪᠠᠨ ᠠᠪᠤ ᠡᠵᠢ ᠠᠴᠠ ᠪᠠᠨ ᠵᠠᠶᠢᠳᠠᠨ ᠬᠤᠰᠢᠭᠤᠨ ᠲᠦᠪ ᠤᠨ ᠬᠡᠤᠬᠡᠳ ᠤᠨ ᠴᠡᠴᠡᠷᠯᠢᠭ ᠲᠤ ᠤᠴᠢᠬᠤ ᠴᠢᠬᠤᠯᠠ ᠦᠬᠡᠢ ᠪᠤᠯᠵᠤ᠂ ᠬᠠᠷᠢᠨ ᠬᠠᠯᠠᠭᠤᠨ ᠳᠤᠯᠠᠭᠠᠨ ᠬᠡᠷ ᠪᠦᠯᠢ ᠳᠤ ᠪᠠᠨ ᠰᠠᠭᠤᠵᠤ ᠪᠢᠴᠢᠭ ᠰᠤᠶᠤᠯ ᠤᠨ ᠮᠦᠷ ᠬᠦᠬᠡᠬᠡᠬᠦ ᠠᠵᠠ ᠲᠠᠢ ᠪᠤᠯᠵᠠᠢ᠃

ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠶᠢᠨ ᠮᠠᠨᠳᠤᠯ ᠤᠨ ᠤᠯᠠᠨ ᠤᠯᠤᠰ ᠤᠨ ᠨᠦᠬᠦᠷᠯᠡᠯ ᠤᠨ ᠰᠤᠷᠭᠠᠭᠤᠯᠢ ᠶᠢᠨ ᠳᠡᠦᠬᠡ ᠶᠢ ᠰᠡᠬᠦᠪᠡᠯ᠂ ᠰᠢᠨ᠎ᠡ ᠵᠠᠭᠤᠨ ᠠᠴᠠ ᠨᠠᠭᠠᠰᠢᠬᠢ ᠰᠤᠷᠭᠠᠨ ᠬᠦᠮᠦᠵᠢᠯ ᠤᠨ ᠦᠬᠡᠷᠡᠴᠢᠯᠡᠯᠳᠡ ᠳᠤ ᠦᠨᠳᠦᠰᠦᠨ ᠱᠠᠳᠤᠨ ᠤ ᠨᠦᠬᠦᠴᠡᠯ ᠪᠠᠷᠤᠭᠳᠠᠢ ᠰᠤᠷᠭᠠᠭᠤᠯᠢ ᠶᠢ ᠴᠤᠮᠬᠠᠳᠬᠠᠵᠤ ᠨᠡᠶᠢᠯᠡᠬᠦᠯᠬᠦ ᠦᠶ᠎ᠡ ᠪᠠᠷ ᠠᠵᠠ ᠪᠠᠷ ᠨᠤᠳᠤᠭ ᠢᠶᠠᠨ ᠰᠠᠬᠢᠵᠤ ᠦᠯᠡᠳᠡᠵᠡᠢ᠃ ᠭᠡᠪᠡᠴᠤ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠶᠢᠨ ᠪᠤᠰᠤᠳ ᠰᠤᠮᠤ ᠭᠠᠴᠠᠭ᠎ᠠ ᠶᠢᠨ ᠡᠯ᠎ᠡ ᠰᠤᠷᠭᠠᠭᠤᠯᠢ ᠶᠢ ᠪᠦᠷ ᠬᠠᠰᠤᠵᠤ ᠨᠡᠶᠢᠯᠡᠬᠦᠯᠦᠭᠰᠡᠨ ᠪᠠ ᠳᠤᠬᠠᠢ ᠶᠢᠨ ᠦᠶ᠎ᠡ ᠳᠤ ᠵᠠᠮ ᠨᠡᠪᠳᠡᠷᠡᠯᠬᠡ ᠲᠦᠬᠦᠮ ᠦᠬᠡᠢ᠂ ᠰᠤᠷᠭᠠᠭᠤᠯᠢ ᠶᠢᠨ ᠨᠦᠬᠦᠴᠡᠯ ᠪᠠᠷᠤᠭᠳᠠᠢ᠂ᠤᠯᠠᠩᠬᠢ ᠮᠠᠯᠴᠢᠳ ᠤᠨ ᠬᠡᠦᠬᠡᠳ ᠬᠤᠳᠠ ᠤᠷᠤᠵᠤ ᠪᠢᠴᠢᠭ ᠦᠵᠡᠵᠦ᠂ ᠰᠤᠷᠤᠭᠴᠢ ᠶᠢᠨ ᠢᠷᠡᠯᠳᠡ ᠶᠠᠪᠤᠬᠤ ᠳᠤᠳᠤᠮ ᠴᠦᠬᠡᠷᠡᠭᠰᠡᠨ ᠠᠴᠠ ᠳᠤᠰ ᠰᠤᠷᠭᠠᠭᠤᠯᠢ ᠶᠢ 2006 ᠤᠨ ᠳᠤ ᠬᠤᠰᠢᠭᠤᠨ ᠲᠦᠪ ᠤᠨ ᠪᠤᠰᠤᠳ ᠰᠤᠷᠭᠠᠭᠤᠯᠢ ᠲᠠᠢ ᠨᠡᠶᠢᠯᠡᠬᠦᠯᠪᠡ᠃

ᠳᠡᠬᠡᠪᠡᠯ᠂ ᠰᠤᠷᠤᠭᠴᠢ ᠴᠦᠬᠡᠷᠡᠬᠡᠳ ᠠᠷᠭ᠎ᠠ ᠪᠤᠰᠤ ᠬᠠᠰᠤᠵᠤ ᠨᠡᠶᠢᠯᠡᠬᠦᠯᠦᠭᠰᠡᠨ ᠰᠤᠷᠭᠠᠭᠤᠯᠢ ᠶᠢ ᠶᠠᠭᠠᠬᠢᠭᠠᠳ ᠨᠢᠳᠤᠨᠤᠨ ᠳᠠᠬᠢᠨ ᠰᠡᠷᠬᠦᠬᠡᠭᠰᠡᠨ ᠪᠤᠯ  ︖ ᠰᠤᠷᠭᠠᠭᠤᠯᠢ ᠶᠢᠨ ᠵᠠᠬᠢᠷᠤᠯ ᠰᠠᠩᠪᠤ ᠲᠤᠬᠠᠢ ᠶᠢᠨ ᠦᠶ᠎ᠡ ᠳᠤ ᠰᠤᠷᠪᠤᠯᠵᠢᠯᠠᠭ᠎ᠠ ᠬᠦᠯᠢᠶᠡᠬᠦ ᠳᠤ ᠪᠠᠨ᠄ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠮᠠᠨᠳᠤᠯ ᠪᠤᠭᠤᠮᠳᠠ ᠶᠢ ᠵᠢᠯ ᠳᠤᠷᠰᠢ ᠨᠡᠬᠡᠬᠡᠬᠦ ᠶᠢ ᠵᠦᠪᠰᠢᠶᠡᠷᠡᠭᠰᠡᠨ ᠠᠴᠠ ᠳᠤᠬᠠᠢ ᠶᠢᠨ ᠭᠠᠵᠠᠷ ᠤᠨ ᠠᠵᠤ ᠠᠬᠤᠢ ᠨᠡᠶᠢᠬᠡᠮ ᠤᠨ ᠬᠦᠭᠵᠢᠯᠳᠡ ᠶᠢ ᠳᠠᠶᠢᠴᠢᠯᠠᠵᠤ᠂ ᠬᠢᠯᠢ ᠳᠠᠭᠠᠤ ᠠᠷᠠᠯᠵᠢᠶ᠎ᠠ ᠮᠠᠶᠢᠮᠠᠢ ᠬᠢᠳᠡᠭ ᠬᠦᠮᠦᠰ ᠤᠯᠠᠰᠢᠷᠠᠵᠠᠢ᠃ ᠲᠠᠬᠢᠪᠠᠯ ᠮᠤᠩᠭᠤᠯ ᠤᠯᠤᠰ ᠤᠨ ᠬᠢᠨ ᠴᠤ ᠳᠤᠮᠳᠠᠳᠤ ᠤᠯᠤᠰ ᠯᠤᠭ᠎ᠠ ᠰᠤᠶᠤᠯ ᠤᠨ ᠰᠤᠯᠢᠯᠴᠠᠭ᠎ᠠ ᠬᠢᠵᠦ ᠬᠠᠷᠢᠯᠴᠠᠨ ᠰᠤᠷᠤᠭᠴᠢ ᠬᠦᠮᠦᠵᠢᠬᠦᠯᠬᠦ ᠰᠠᠨᠠᠭ᠎ᠠ ᠲᠠᠢ ᠪᠠᠶᠢᠬᠤ᠂ ᠦᠷ᠎ᠠ ᠬᠡᠦᠬᠡᠳ ᠢᠶᠠᠨ ᠪᠢᠴᠢᠭ ᠦᠵᠡᠬᠦᠯᠦᠨ᠎ᠡ ᠬᠡᠵᠦ ᠬᠤᠰᠢᠭᠤᠨ ᠲᠦᠪ ᠢ ᠵᠤᠷᠢᠳᠠᠭ ᠮᠠᠯᠴᠢᠳ ᠴᠤ ᠤᠢᠢᠷ᠎ᠠ ᠶᠢᠨ ᠵᠢᠯ ᠠᠴᠠ ᠬᠦᠳᠡᠭᠡ ᠨᠤᠳᠤᠭ ᠲᠤ ᠪᠠᠨ ᠰᠤᠷᠭᠠᠭᠤᠯᠢ ᠲᠠᠢ ᠪᠠᠶᠢᠬᠤ ᠶᠢ ᠬᠦᠰᠡᠨ ᠱᠠᠭᠠᠷᠳᠠᠬᠤ ᠪᠤᠯᠪᠠ ᠭᠡᠵᠦ ᠪᠠᠶᠢᠭᠰᠠᠨ᠃

ᠡᠶᠢᠨᠬᠦ ᠲᠦᠮᠡᠨ ᠤ ᠪᠤᠳᠤᠯ ᠳᠤ ᠨᠡᠶᠢᠴᠡᠭᠦᠯᠦᠨ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠨᠢ ᠬᠤᠰᠢᠭᠤ ᠶᠢᠨ ᠢᠶᠠᠨ ᠠᠷᠪᠠᠨ ᠭᠤᠷᠪᠠᠳᠤᠭᠠᠷ ᠳᠠᠪᠤᠨ ᠵᠢᠯ ᠤᠨ ᠲᠦᠯᠦᠪᠵᠢᠭᠦᠯᠬᠡ ᠳᠤ ᠳᠤᠰ ᠰᠤᠷᠭᠠᠭᠤᠯᠢ ᠶᠢ ᠰᠡᠷᠬᠦᠬᠡᠨ ᠪᠠᠶᠢᠭᠤᠯᠬᠤ ᠪᠠᠷ ᠳᠤᠭᠳᠠᠭᠰᠠᠨ ᠪᠦᠬᠡᠳ ᠳᠠᠷᠦ᠋ᠢᠬᠠᠨ ᠵᠠᠰᠠᠨ ᠰᠢᠨᠡᠳᠬᠡᠵᠦ ᠴᠡᠴᠡᠷᠯᠢᠭ ᠤᠨ ᠬᠡᠤᠬᠡᠳ ᠢᠶᠠᠨ ᠲᠤᠰᠤᠨ ᠠᠪᠤᠬᠰᠠᠨ ᠪᠢᠯᠡ᠃ ᠬᠤᠶᠢᠰᠢᠳᠠ ᠳᠤᠨᠤᠭ ᠲᠦᠬᠦᠬᠡᠷᠦᠮᠵᠢ ᠰᠠᠶᠢᠵᠢᠷᠠᠵᠤ᠂ ᠨᠦᠬᠦᠴᠡᠯ ᠪᠦᠷᠢᠯᠳᠦᠪᠡᠯ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠪᠤᠯᠤᠨ᠎ᠠ᠃

ᠢᠷᠡᠯᠲᠡ᠄      ᠨᠠᠶᠢᠷᠠᠭᠤᠯᠤᠭᠴᠢ᠄