home
home

    ᠪᠦᠬᠦ ᠤᠷᠤᠨ ᠤ ᠭᠡᠷ ᠪᠦᠯᠢ ᠶᠢᠨ ᠬᠦᠮᠦᠵᠢᠯ ᠤᠨ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠪᠠ

2017-08-19  9:40

7 ᠰᠠᠷ᠎ᠠ ᠶᠢᠨ 10  ᠋  ᠋ ᠤ ᠡᠳᠦᠷ᠂ ᠪᠦᠬᠦ ᠤᠷᠤᠨ ᠤ ᠭᠡᠷ ᠪᠦᠯᠢ ᠶᠢᠨ ᠬᠦᠮᠦᠵᠢᠯ ᠤᠨ ᠠᠵᠢᠯ ᠤᠨ ᠲᠧᠯᠸᠢᠰ ᠤᠳᠠᠰᠤ ᠬᠤᠷᠠᠯ ᠬᠦᠬᠡᠬᠤᠳᠠ ᠳᠤ ᠬᠤᠷᠠᠯᠳᠤᠪᠠ᠃

ᠬᠤᠷᠠᠯ ᠠᠴᠠ᠂ ᠶᠡᠷᠦᠩᠬᠡᠢ ᠱᠦᠵᠢ ᠰᠢ ᠵᠢᠨ ᠫᠢᠩ ᠦᠨ《ᠭᠡᠷ ᠪᠦᠯᠢ ᠶᠢ ᠬᠦᠨᠳᠦᠳᠬᠡᠬᠦ᠂ ᠭᠡᠷ ᠪᠦᠯᠢ ᠶᠢᠨ ᠬᠥᠮᠦᠵᠢᠯ ᠢ ᠬᠦᠨᠳᠦᠳᠬᠡᠬᠦ᠂ ᠭᠡᠷ ᠦᠨ ᠰᠤᠷᠲᠠᠯ ᠢ ᠬᠦᠨᠳᠦᠳᠬᠡᠬᠦ 》 ᠵᠡᠷᠭᠡ ᠭᠡᠷ ᠪᠦᠯᠢ ᠶᠢᠨ ᠪᠠᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠨᠤᠭᠤᠳ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ᠂ ᠵᠠᠰᠠᠭ ᠤᠨ ᠣᠷᠳᠣᠨ ᠪᠠ ᠪᠦᠬᠦ ᠤᠯᠤᠰ ᠤᠨ ᠡᠮᠡᠭᠲᠡᠢᠴᠦᠳ ᠦᠨ ᠬᠣᠯᠪᠣᠭ᠎ᠠ ᠶᠢᠨ ᠬᠠᠮᠢᠶ᠎ᠠ ᠪᠥᠬᠥᠢ ᠰᠢᠢᠳᠪᠦᠷᠢᠲᠦ ᠪᠣᠳᠣᠯᠭ᠎ᠠ ᠶᠢᠨ ᠪᠠᠢᠷᠢᠯᠠᠭᠤᠯᠤᠯᠲᠠ ᠶᠢ ᠲᠤᠤᠱᠯᠠᠭᠤᠯᠤᠨ ᠨᠠᠢᠳᠠᠪᠤᠷᠢᠵᠢᠭᠤᠯᠵᠤ᠂《ᠠᠷᠪᠠᠨ ᠭᠤᠷᠪᠠᠳᠤᠭᠠᠷ ᠲᠠᠪᠤᠨ ᠵᠢᠯ  》 ᠦᠨ ᠭᠡᠷ ᠪᠦᠯᠢ ᠶᠢᠨ ᠬᠥᠮᠦᠵᠢᠯ ᠦᠨ ᠠᠵᠢᠯ ᠤᠨ ᠭᠣᠣᠯᠳᠠᠯᠭ᠎ᠠ ᠲᠠᠢ ᠡᠭᠦᠷᠭᠡ ᠶᠢ ᠪᠠᠢᠷᠢᠯᠠᠭᠤᠯᠵᠤ᠂ ᠪᠦᠬᠦ ᠣᠷᠣᠨ ᠤ ᠭᠡᠷ ᠪᠦᠯᠢ ᠶᠢᠨ ᠬᠥᠮᠦᠵᠢᠯ ᠦᠨ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠴᠢᠨᠠᠭᠰᠢᠳᠠ ᠠᠬᠢᠭᠤᠯᠪᠠ᠃

ᠬᠤᠷᠠᠯ ᠠᠴᠠ᠂《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠶᠢᠨ ᠬᠥᠮᠦᠵᠢᠯ ᠦᠨ ᠠᠵᠢᠯ ᠢ ᠵᠢᠯᠣᠭᠣᠳᠤᠨ ᠠᠬᠢᠭᠤᠯᠬᠤ ᠲᠤᠬᠠᠢ ᠲᠠᠪᠤᠨ ᠵᠢᠯ ᠦᠨ ᠲᠥᠯᠥᠪᠵᠢᠭᠦᠯᠭᠡ (2016—2020 ᠣᠨ )  》 ᠢᠶᠠᠷ ᠬᠥᠲᠥᠯᠪᠦᠷᠢ ᠪᠣᠯᠭᠠᠵᠤ᠂ ᠭᠣᠣᠯᠳᠠᠯᠭ᠎ᠠ ᠪᠠᠨ ᠳᠣᠪᠣᠢᠯᠭᠠᠵᠤ᠂ ᠭᠡᠷ ᠪᠦᠯᠢ ᠶᠢᠨ ᠬᠥᠮᠦᠵᠢᠯ ᠦᠨ ᠠᠵᠢᠯ ᠤᠨ ᠭᠦᠨᠵᠡᠭᠡᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠶᠣᠰᠣ ᠰᠤᠷᠲᠠᠬᠤᠨ ᠢᠶᠠᠷ ᠬᠥᠮᠦᠨ ᠬᠥᠮᠦᠵᠢᠭᠦᠯᠬᠦ ᠪᠠ ᠶᠣᠰᠣ ᠮᠣᠷᠠᠯ ᠤᠨ ᠬᠥᠮᠦᠵᠢᠯ ᠢᠶᠡᠷ ᠦᠨᠳᠦᠰᠦᠨ ᠡᠭᠦᠷᠭᠡ ᠪᠣᠯᠭᠠᠵᠤ᠂ ᠨᠡᠢᠭᠡᠮ ᠵᠢᠷᠤᠮ ᠤᠨ ᠭᠣᠣᠯᠯᠠᠭᠴᠢ ᠥᠷᠲᠡᠭ ᠦᠨ ᠦᠵᠡᠯᠲᠡ ᠶᠢ ᠪᠣᠢ ᠪᠣᠯᠭᠠᠨ ᠦᠢᠯᠡᠳᠦᠯᠭᠡᠵᠢᠬᠦᠯᠬᠦ ᠶᠢ ᠭᠣᠣᠯ ᠬᠥᠭ ᠠᠶᠠᠰ ᠪᠣᠯᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ᠂ ᠡᠩᠨᠡᠭᠡ ᠶᠢᠨ ᠪᠠᠢᠭᠤᠯᠤᠯᠲᠠ᠂ ᠠᠵᠢᠯᠯᠠᠭ᠎ᠠ ᠶᠢᠨ ᠬᠥᠲᠥᠯᠦᠨ ᠵᠢᠯᠣᠭᠣᠳᠤᠯᠭ᠎ᠠ᠂ ᠲᠠᠪᠴᠠᠩ ᠤᠨ ᠪᠠᠢᠭᠤᠯᠤᠯᠲᠠ ᠵᠡᠷᠭᠡ ᠡᠯ᠎ᠡ ᠭᠣᠭᠴᠣᠭ᠎ᠠ ᠳᠤ ᠠᠭᠤᠰᠬᠠᠵᠤ᠂ ᠭᠡᠷ ᠪᠦᠯᠢ ᠶᠢᠨ ᠬᠥᠮᠦᠵᠢᠯ ᠦᠨ ᠪᠥᠬᠥ ᠶᠠᠪᠤᠴᠠ ᠳᠤ ᠨᠠᠢᠳᠠᠪᠤᠷᠢᠵᠢᠭᠤᠯᠵᠤ᠂ ᠭᠡᠷ ᠪᠦᠯᠢ ᠶᠢᠨ ᠬᠥᠮᠦᠵᠢᠯ ᠦᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠡᠭᠦᠷᠭᠡ ᠴᠢᠳᠠᠪᠬᠢ ᠶᠢᠨ ᠬᠤᠪᠢᠶᠠᠷᠢ ᠪᠠᠷ ᠪᠠᠷᠢᠴᠠ ᠪᠣᠯᠭᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠭᠡᠷ ᠪᠦᠯᠢ ᠶᠢᠨ ᠬᠥᠮᠦᠵᠢᠯ ᠦᠨ ᠦᠢᠯᠡᠰ ᠦᠨ ᠬᠥᠭᠵᠢᠯᠲᠡ ᠳᠦ ᠬᠦᠴᠦᠨ ᠪᠦᠬᠦᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ ᠬᠤᠷᠠᠯ ᠳᠡᠭᠡᠷ᠎ᠡ᠂ ᠬᠥᠬᠡᠬᠣᠲᠠ᠂ ᠲᠦᠩᠯᠢᠶᠣᠣ ᠬᠣᠲᠠ᠂ ᠪᠤᠭᠤᠲᠤ ᠬᠣᠲᠠ᠂ ᠤᠯᠠᠭᠠᠨᠬᠠᠳᠠ ᠬᠣᠲᠠ ᠶᠢᠨ ᠰᠦᠩᠱᠠᠨ ᠲᠣᠭᠣᠷᠢᠭ ᠤᠨ ᠬᠠᠮᠢᠶ᠎ᠠ ᠪᠥᠬᠥᠢ ᠨᠢᠭᠡᠴᠡ ᠶᠢᠨ ᠬᠠᠷᠢᠭᠤᠴᠠᠯᠭᠠᠲᠠᠨ ᠥᠪᠡᠷ ᠥᠪᠡᠷᠰᠡᠳ ᠦᠨ ᠭᠡᠷ ᠪᠦᠯᠢ ᠶᠢᠨ ᠬᠥᠭᠵᠢᠯᠲᠡ ᠶᠢ ᠠᠬᠢᠭᠤᠯᠬᠤ ᠰᠡᠳᠬᠢᠴᠡ ᠪᠣᠯᠤᠨ ᠠᠷᠭ᠎ᠠ ᠬᠢᠳᠡᠯ ᠢᠶᠡᠨ ᠲᠠᠨᠢᠯᠴᠠᠭᠤᠯᠵᠠᠢ᠃

ᠢᠷᠡᠯᠲᠡ᠄      ᠨᠠᠶᠢᠷᠠᠭᠤᠯᠤᠭᠴᠢ᠄