home
home

    ᠵᠢᠬᠦᠷ ᠤᠷᠭᠤᠭᠰᠠᠠ ᠬᠦᠯ ᠪᠦᠮᠪᠦᠭᠡ ᠬᠦᠰᠡᠯ ᠡᠪᠦᠷᠯᠡᠭᠰᠡᠡ ᠬᠡᠤᠬᠡᠳ ᠨᠠᠰᠤ

2017-08-19  9:56

— ᠨᠠᠳᠠᠳᠤ ᠭᠤᠷᠪᠠᠨ ᠵᠦᠢᠯ ᠤᠨ ᠡᠩᠬᠡᠷ ᠤᠨ ᠮᠧᠳᠠᠯ ᠲᠠᠢ ᠰᠢᠤ ᠬᠡᠳ ᠪᠢᠴᠢᠬᠠᠨ ᠠᠰᠤᠷᠤ ᠬᠦᠯ ᠪᠦᠮᠪᠦᠭᠡ ᠶᠢᠨ ᠵᠢᠷᠤᠭ ᠲᠠᠢ ᠵᠢᠵᠢᠭ ᠪᠤᠭᠴᠤ ᠪᠠᠨ ᠠᠭᠤᠳᠠᠯᠯᠠᠵᠤ᠂ ᠲᠤᠳᠤᠷ᠎ᠠ ᠠᠴᠠ ᠪᠠᠨ ᠨᠤᠭᠤᠭᠠᠨ ᠦᠩᠬᠡ ᠶᠢᠨ ᠨᠢᠬᠡ ᠡᠩᠬᠡᠷ ᠤᠨ ᠮᠧᠳᠠᠯ ᠢᠶᠠᠨ ᠭᠠᠷᠭᠠᠵᠤ ᠵᠡᠬᠦᠬᠦ ᠳᠤ ᠴᠢᠷᠠᠢ ᠲᠦᠬᠦᠷᠡᠩ ᠪᠠᠶᠠᠰᠤᠯ ᠤᠮᠤᠭᠰᠢᠯ ᠤᠨ ᠠᠵᠠ ᠵᠢᠷᠭᠠᠯ ᠪᠢᠯᠬᠠᠨ᠎ᠠ᠃ ᠲᠡᠬᠦᠨ ᠤ ᠰᠡᠳᠬᠢᠯ ᠬᠠᠩᠬᠤᠯᠤᠭᠤᠨ ᠪᠠᠶᠠᠷ ᠬᠦᠷ ᠲᠠᠢ ᠪᠠᠶᠢᠬᠤ ᠶᠢᠨ ᠪᠠᠰᠠ ᠨᠢᠬᠡ ᠤᠴᠢᠷ ᠬᠡᠪᠠᠯ ᠰᠠᠶ᠋ᠢᠬᠠᠨ ᠲᠤᠭᠯᠠᠵᠤ ᠦᠩᠬᠡᠷᠡᠭᠰᠡᠡ ᠪᠦᠮᠪᠦᠬᠡᠨ ᠤᠷᠤᠯᠳᠤᠭᠠᠨ ᠳᠤ ᠡᠰᠡᠷᠬᠦ ᠲᠠᠯ᠎ᠠ ᠪᠠᠨ ᠲᠡᠶᠢᠯᠴᠢᠬᠡᠬᠡᠳ ᠬᠦᠭᠰᠡᠵᠤ ᠶᠠᠪᠤᠵᠤ ᠪᠠᠶᠢᠭ᠎ᠠ ᠨᠢ ᠡᠨᠡ ᠪᠠᠶᠢᠯ᠎ᠠ᠃

7ᠰᠠᠷ᠎ᠠ ᠶᠢᠨ 1  ᠋  ᠋ ᠤ ᠡᠳᠦᠷ᠂ ᠪᠦᠬᠦ ᠤᠯᠤᠰ ᠤᠨ ᠴᠡᠴᠡᠷᠯᠢᠭ ᠤᠨ ᠬᠡᠤᠬᠡᠳ ᠤᠨ ᠬᠦᠯ ᠪᠦᠮᠪᠦᠭᠡ ᠶᠢᠨ ᠲᠤᠷᠰᠢᠯᠭ᠎ᠠ ᠰᠤᠯᠢᠯᠴᠠᠬᠤ ᠬᠤᠷᠠᠯ ᠤᠷᠳᠤᠰ ᠬᠤᠳᠠ ᠶᠢᠨ ᠳ᠋ᠦᠩᠱᠧᠩ ᠲᠤᠭᠤᠷᠢᠭ ᠲᠤ ᠶᠠᠪᠤᠭᠳᠠᠵᠤ᠂ ᠪᠦᠬᠦ ᠤᠯᠤᠰ ᠤᠨ 32 ᠬᠡᠤᠬᠡᠳ ᠤᠨ ᠴᠡᠴᠡᠷᠯᠢᠭ ᠤᠨ ᠪᠢᠴᠢᠬᠠᠨ ᠪᠦᠮᠪᠦᠬᠡᠴᠢᠳ ᠬᠦᠯ ᠪᠦᠮᠪᠦᠭᠡ ᠶᠢᠨ ᠨᠡᠷᠡᠶᠢᠳᠦᠯ ᠲᠤᠤᠷ᠎ᠠ ᠬᠠᠮᠳᠤ ᠴᠤᠭᠯᠠᠷᠠᠵᠠᠭᠠᠵᠤ᠂ 3 ᠡᠳᠦᠷ ᠤᠨ ᠬᠤᠭᠤᠴᠠᠭᠠᠨ ᠳᠤ ᠬᠦᠯ ᠪᠦᠮᠪᠦᠭᠡ ᠪᠠᠷ ᠲᠡᠮᠵᠢᠨ ᠬᠠᠷᠢᠯᠴᠠᠨ ᠲᠠᠰᠤᠯᠴᠠᠵᠤ ᠬᠠᠷᠢᠯᠴᠠᠠ ᠠᠨᠳᠠ ᠨᠠᠶᠢᠵᠠ ᠪᠤᠯᠤᠯᠴᠠᠪᠠ᠃ ᠳ᠋ᠦᠩᠱᠧᠩ ᠲᠤᠭᠤᠷᠢᠭ ᠤᠨ ᠬᠤᠶᠠᠳᠤᠭᠠᠷ ᠮᠤᠩᠭᠤᠯ ᠦᠨᠳᠦᠰᠦᠳᠠᠨ ᠤ ᠬᠡᠤᠬᠡᠳ ᠤᠨ ᠴᠡᠴᠡᠷᠯᠢᠭ ᠤᠨ ᠬᠦᠯ ᠪᠦᠮᠪᠦᠭᠡ ᠶᠢᠨ ᠠᠩᠬᠢ ᠶᠢᠨ ᠪᠦᠮᠪᠦᠬᠡᠴᠢᠨ ᠪᠤᠯᠬᠤ ᠪᠢᠴᠢᠬᠠᠨ ᠠᠰᠤᠷᠤ ᠡᠨᠡᠬᠦ ᠤᠷᠤᠯᠳᠤᠭᠠᠨ ᠳᠤ ᠤᠷᠤᠯᠴᠠᠭᠠᠳ ᠬᠦᠯ ᠪᠦᠮᠪᠦᠭᠡ ᠶᠢᠨ ᠵᠢᠷᠤᠭ ᠲᠠᠢ ᠵᠢᠵᠢᠭ ᠪᠤᠭᠴᠤ ᠲᠠᠢ ᠪᠤᠯᠤᠭᠰᠠᠠ ᠢᠶᠠᠷ ᠪᠠᠷᠠᠬᠤ ᠦᠬᠡᠢ ᠨᠠᠩ ᠤᠯᠠᠨ ᠪᠦᠮᠪᠦᠭᠡ ᠢᠰᠬᠦᠯᠬᠦ ᠲᠤᠷᠠᠳᠠᠢ ᠬᠡᠤᠬᠡᠳ ᠤᠳ ᠲᠠᠢ ᠬᠠᠮᠳᠤ ᠪᠦᠮᠪᠦᠭᠡ ᠢᠰᠬᠦᠯᠬᠦ ᠪᠤᠯᠤᠭᠰᠠᠠ ᠳᠠᠭᠠᠨ ᠮᠠᠰᠢ ᠪᠠᠶᠠᠷᠳᠠᠢ ᠪᠠᠶᠢᠬᠤ ᠨᠢ ᠡᠨᠡ ᠪᠢᠯᠠ᠃

a

《ᠬᠦᠯ ᠪᠦᠮᠪᠦᠭᠡ ᠶᠢ ᠬᠡᠤᠬᠡᠳ ᠠᠴᠠ ᠡᠬᠢᠯᠡᠨ ᠠᠳᠬᠤᠬᠤ ᠬᠡᠷᠡᠭᠳᠡᠢ 》ᠬᠡᠵᠤ ᠳ᠋ᠧᠩ ᠰᠢᠶᠤᠤ ᠫᠢᠩ ᠨᠦᠬᠦᠷ ᠠᠯᠢ ᠡᠷᠳᠡ ᠲᠤᠷᠠᠳᠴᠤ ᠭᠠᠷᠭᠠᠭᠰᠠᠠ ᠪᠤᠯ ᠲᠡᠬᠦᠨ ᠤ ᠰᠡᠬᠦᠯᠡᠷ ᠶᠡᠷᠦᠩᠬᠡᠢ ᠱᠦᠵᠢ ᠰᠢ ᠶᠢᠨ ᠫᠢᠩ ᠲᠤᠮᠳᠠᠳᠤ ᠤᠯᠤᠰ ᠤᠨ ᠬᠦᠯ ᠪᠦᠮᠪᠦᠭᠡ ᠶᠢᠨ ᠦᠢᠯᠡᠰ ᠤᠨ ᠬᠦᠭᠵᠢᠯᠳᠠ ᠳᠤ ᠲᠠᠬᠢᠨᠳᠠ ᠱᠠᠭᠠᠷᠳᠠᠯᠭ᠎ᠠ ᠲᠠᠯᠪᠢᠵᠤ ᠂《ᠬᠦᠯ ᠪᠦᠮᠪᠦᠭᠡ ᠶᠢᠨ ᠦᠢᠯᠡᠰ ᠢ ᠬᠦᠭᠵᠢᠬᠦᠯᠬᠦ ᠳᠤ ᠵᠠᠪᠠᠯ ᠬᠡᠤᠬᠡᠳ ᠦᠶ᠎ᠠ ᠠᠴᠠ ᠡᠬᠢᠯᠡᠨ ᠠᠳᠬᠤᠬᠤ ᠬᠡᠷᠡᠭᠳᠡᠢ 》ᠬᠡᠬᠦ ᠤᠨᠤᠯ ᠢ ᠦᠷᠬᠦᠯᠵᠢᠯᠠᠨ ᠦᠢᠯᠡᠳᠦᠯᠬᠡᠵᠢᠬᠦᠯᠬᠦ ᠶᠢ ᠱᠠᠭᠠᠷᠳᠠᠭᠰᠠᠠ ᠪᠠᠶᠢᠨ᠎ᠠ᠃ ᠮᠠᠨ ᠤ ᠤᠯᠤᠰ ᠤᠨ ᠤᠳᠤᠬᠠᠨ ᠤ ᠬᠡᠤᠬᠡᠳ ᠤᠨ ᠪᠡᠶ᠎ᠠ ᠶᠢᠨ ᠲᠠᠮᠢᠷ᠂ ᠬᠦᠯ ᠪᠦᠮᠪᠦᠭᠡ ᠶᠢᠨ ᠬᠦᠳᠡᠯᠬᠡᠬᠡᠨ ᠢ ᠦᠷᠨᠢᠬᠦᠯᠵᠤ ᠪᠠᠶᠢᠭ᠎ᠠ ᠪᠠᠶᠢᠳᠠᠯ ᠢᠶᠠᠷ ᠦᠵᠡᠬᠦ ᠳᠤ᠂ ᠬᠡᠤᠬᠡᠳ ᠤᠨ ᠲᠠᠮᠢᠷ ᠤᠨ ᠪᠠᠭᠰᠢ ᠲᠤᠳᠠᠭᠳᠠᠵᠤ ᠪᠠᠶᠢᠭ᠎ᠠ ᠪᠠᠶᠢᠳᠠᠯ ᠬᠦᠨᠳᠤ ᠨᠤᠴᠢᠳᠠᠢ ᠤᠷᠤᠰᠢᠵᠤ᠂ ᠬᠦᠯ ᠪᠦᠮᠪᠦᠭᠡ ᠶᠢᠨ ᠬᠦᠳᠡᠯᠬᠡᠬᠡᠨ ᠢ ᠦᠷᠨᠢᠬᠦᠯᠵᠤ ᠪᠠᠶᠢᠭ᠎ᠠ ᠴᠡᠴᠡᠷᠯᠢᠭ ᠴᠦᠬᠡᠨ᠂ ᠠᠷᠭ᠎ᠠ ᠪᠠᠷᠢᠯ ᠨᠠᠶᠢᠳᠡᠮᠡᠯ ᠲᠠᠩ ᠴᠤᠯᠭᠤᠢ᠂ ᠦᠢᠯᠠᠭᠠᠭᠳᠠᠬᠤᠨ ᠬᠠᠷᠢᠴᠠᠩᠭᠤᠢ ᠬᠤᠴᠤᠷᠤᠩᠭᠤᠢ ᠵᠡᠷᠬᠡ ᠠᠰᠠᠭᠤᠳᠠᠯ ᠪᠠᠰᠠ ᠲᠦᠬᠡᠮᠡᠯ ᠤᠷᠤᠰᠢᠵᠤ ᠪᠤᠢ᠃ᠲᠤᠭ᠎ᠠ ᠪᠦᠷᠢᠳᠬᠡᠯ ᠢᠶᠠᠷ ᠦᠵᠡᠪᠠᠯ᠂ ᠪᠦᠬᠦ ᠤᠯᠤᠰ ᠤᠨ ᠬᠡᠤᠬᠡᠳ ᠤᠨ ᠴᠡᠴᠡᠷᠯᠢᠭ ᠪᠠᠷᠤᠭ 25 ᠲᠦᠮᠡ ᠭᠠᠷᠤᠢ ᠪᠠᠶᠢᠬᠤ ᠳᠤ ᠡᠬᠦᠨ ᠤ ᠲᠤᠳᠤᠷᠠᠬᠢ ᠵᠠᠭᠣᠨ  ᠤ 95  ᠤᠨ ᠬᠡᠤᠬᠡᠳ ᠤᠨ ᠴᠡᠴᠡᠷᠯᠢᠭ ᠲᠤᠰᠬᠠᠢᠢᠯᠠᠨ ᠲᠠᠮᠢᠷ ᠤᠨ ᠪᠠᠭᠰᠢ ᠦᠬᠡᠢ᠂ᠵᠠᠭᠣᠨ  ᠤ 95  ᠤᠨ ᠲᠠᠮᠢᠷ ᠤᠨ ᠪᠠᠭᠰᠢ ᠲᠤᠰᠬᠠᠢ ᠮᠡᠷᠬᠡᠵᠢᠯ ᠤᠨ ᠰᠤᠷᠭᠠᠭᠤᠯᠢ ᠠᠴᠠ ᠲᠡᠬᠦᠰᠦᠭᠰᠡᠡ ᠪᠤᠰᠤ᠂ᠵᠠᠭᠣᠨ  ᠤ 95 % ᠎  ᠤᠨ ᠲᠠᠮᠢᠷ ᠤᠨ ᠪᠠᠭᠰᠢ ᠨᠢ ᠡᠮᠡᠭᠳᠡᠢ ᠪᠠᠭᠰᠢ ᠪᠤᠯᠤᠨ᠎ᠠ᠃《ᠡᠷ᠎ᠠ ᠶᠢᠨ ᠴᠤᠭ ᠵᠤᠯᠪᠤᠭ᠎ᠠ ᠬᠦᠷᠦᠯᠴᠡᠬᠦ ᠦᠬᠡᠢ 》ᠪᠠᠶᠢᠬᠤ ᠨᠢ ᠮᠦᠨ ᠴᠤ ᠤᠳᠤᠬᠠᠨ ᠤ ᠮᠠᠨ ᠤ ᠤᠯᠤᠰ ᠤᠨ ᠴᠡᠴᠡᠷᠯᠢᠭ ᠤᠨ ᠨᠠᠰᠤᠨ ᠤ ᠬᠡᠤᠬᠡᠳ ᠤᠨ ᠪᠡᠶ᠎ᠠ ᠲᠡᠬᠡᠷ᠎ᠠ ᠤᠷᠤᠰᠢᠵᠤ ᠪᠠᠶᠢᠭ᠎ᠠ ᠲᠤᠯᠭᠠᠮ᠎ᠠ ᠰᠢᠢᠳᠪᠤᠷᠢᠯᠡᠬᠦ ᠴᠢᠬᠤᠯᠠᠳᠠᠢ ᠠᠰᠠᠭᠤᠳᠠᠯ ᠪᠤᠯᠤᠭᠰᠠᠠ ᠪᠠᠶᠢᠨ᠎ᠠ᠃

b

ᠲᠤᠰ ᠤᠳᠠᠭᠠᠨ ᠤ ᠪᠦᠬᠦ ᠤᠯᠤᠰ ᠤᠨ ᠴᠡᠴᠡᠷᠯᠢᠭ ᠤᠨ ᠬᠡᠤᠬᠡᠳ ᠤᠨ ᠬᠦᠯ ᠪᠦᠮᠪᠦᠭᠡ ᠶᠢᠨ ᠲᠤᠷᠰᠢᠯᠭ᠎ᠠ ᠰᠤᠯᠢᠯᠴᠠᠬᠤ ᠬᠤᠷᠠᠯ ᠲᠡᠬᠡᠷ᠎ᠠ ᠲᠤᠮᠳᠠᠳᠤ ᠤᠯᠤᠰ ᠤᠨ ᠰᠦᠩ ᠴᠢᠩ ᠯᠢᠩ ᠰᠠᠭᠤᠷᠢ ᠮᠦᠩᠬᠦᠨ ᠤ ᠨᠡᠶᠢᠬᠡᠮᠯᠢᠭ ᠪᠤᠯᠤᠨ ᠲᠤᠮᠳᠠᠳᠤ ᠶᠢᠨ ᠪᠦᠬᠦ ᠤᠯᠤᠰ ᠤᠨ ᠪᠡᠶ᠎ᠠ ᠶᠢᠨ ᠲᠠᠮᠢᠷ ᠤᠨ ᠰᠠᠭᠤᠷᠢ ᠮᠦᠩᠬᠦᠨ ᠤ ᠨᠡᠶᠢᠬᠡᠮᠯᠢᠭ ᠠᠴᠠ ᠬᠠᠮᠳᠤᠷᠠᠨ ᠬᠡᠤᠬᠡᠳ ᠤᠨ ᠪᠡᠶ᠎ᠠ ᠶᠢᠨ ᠲᠠᠮᠢᠷ (ᠬᠦᠯ ᠪᠦᠮᠪᠦᠭᠡ ) ᠤᠨ ᠲᠤᠰᠬᠠᠢ ᠲᠦᠷᠦᠯ ᠤᠨ ᠰᠠᠭᠤᠷᠢ ᠮᠦᠩᠬᠦ ᠶᠢ ᠪᠠᠶᠢᠭᠤᠯᠵᠤ᠂ ᠲᠡᠷᠡᠴᠢᠯᠠᠨ ᠲᠤᠰᠬᠠᠢᠢᠯᠠᠨ《ᠲᠤᠮᠳᠠᠳᠤ ᠤᠯᠤᠰ ᠤᠨ ᠵᠤᠯᠵᠠᠭ᠎ᠠ ᠪᠦᠷᠬᠦᠳ — ᠬᠡᠤᠬᠡᠳ ᠤᠨ ᠬᠦᠯ ᠪᠦᠮᠪᠦᠭᠡ ᠶᠢᠨ ᠲᠦᠷᠦᠯ ᠵᠦᠢᠯ 》 ᠢ ᠪᠠᠶᠢᠭᠤᠯᠤᠭᠰᠠᠠ ᠪᠠᠶᠢᠨ᠎ᠠ᠃《ᠲᠤᠮᠳᠠᠳᠤ ᠤᠯᠤᠰ ᠤᠨ ᠵᠤᠯᠵᠠᠭ᠎ᠠ ᠪᠦᠷᠬᠦᠳ ᠤᠨ ᠲᠦᠷᠦᠯ ᠵᠦᠢᠯ 》ᠨᠢ ᠬᠦᠯ ᠪᠦᠮᠪᠦᠭᠡ ᠪᠠᠷ ᠭᠠᠷᠳᠠᠴᠠ ᠪᠤᠯᠭᠠᠵᠤ᠂ ᠬᠡᠤᠬᠡᠳ ᠤᠨ ᠴᠡᠴᠡᠷᠯᠢᠭ ᠤᠨ ᠰᠢᠨᠵᠢᠯᠡᠬᠦ ᠤᠬᠠᠭᠠᠨᠴᠢ ᠪᠠᠷ ᠬᠡᠤᠬᠡᠳ ᠤᠨ ᠪᠡᠶ᠎ᠠ ᠶᠢᠨ ᠲᠠᠮᠢᠷ ᠤᠨ ᠬᠦᠳᠡᠯᠬᠡᠬᠡᠨ ᠦᠷᠨᠢᠬᠦᠯᠬᠦ ᠶᠢ ᠲᠡᠮᠵᠢᠵᠤ᠂ ᠪᠦᠮᠪᠦᠬᠡᠨ ᠲᠦᠷᠦᠯ ᠵᠦᠢᠯ ᠢ ᠬᠡᠤᠬᠡᠳ ᠤᠨ ᠰᠤᠷᠭᠠᠨ ᠬᠦᠮᠦᠵᠢᠯ ᠤᠨ ᠲᠤᠭᠳᠠᠯᠴᠠᠭ᠎ᠠ ᠳᠤ ᠤᠷᠤᠭᠤᠯᠵᠤ᠂ ᠲᠡᠯᠡᠬᠡᠢ ᠶᠢᠨ ᠲᠡᠷᠢᠬᠦᠨ ᠤ ᠵᠢᠭᠠᠨ ᠰᠤᠷᠭᠠᠨ ᠶᠢᠨ ᠲᠤᠷᠰᠢᠯᠭ᠎ᠠ ᠶᠢ ᠲᠤᠮᠳᠠᠳᠤ ᠤᠯᠤᠰ ᠤᠨ ᠤᠯᠤᠰ ᠤᠨ ᠪᠠᠶᠢᠳᠠᠯ ᠪᠤᠯᠤᠨ ᠰᠤᠶᠤᠯ ᠤᠨ ᠤᠨᠴᠠᠯᠢᠭ ᠲᠠᠢ ᠤᠶᠠᠯᠳᠤᠭᠤᠯᠤᠨ᠂ ᠲᠤᠮᠳᠠᠳᠤ ᠤᠯᠤᠰ ᠤᠨ ᠬᠡᠤᠬᠡᠳ ᠲᠤ ᠬᠠᠮᠤᠭ ᠠᠴᠠ ᠲᠤᠬᠢᠷᠠᠬᠤ ᠪᠦᠮᠪᠦᠬᠡᠨ ᠲᠦᠷᠦᠯ ᠤᠨ ᠵᠢᠭᠠᠨ ᠰᠤᠷᠭᠠᠯᠳᠠ ᠶᠢᠨ ᠠᠭᠤᠯᠭ᠎ᠠ ᠶᠢ ᠡᠬᠦᠳᠦᠨ ᠨᠡᠬᠡᠬᠡᠵᠤ᠂ ᠡᠴᠦᠰ ᠲᠡᠭᠡᠨ ᠬᠡᠤᠬᠡᠳ ᠤᠨ ᠤᠶᠤᠨ ᠴᠢᠳᠠᠪᠤᠷᠢ ᠪᠤᠯᠤᠨ ᠲᠠᠮᠢᠷ ᠲᠡᠩᠬᠡᠬᠡ ᠶᠢᠨ ᠨᠡᠬᠡᠬᠡᠯᠳᠠ᠂ ᠵᠠᠩ ᠴᠢᠨᠠᠷ ᠪᠤᠯᠤᠨ ᠢᠳᠡᠬᠡᠯ ᠬᠦᠰᠡᠯ ᠢ ᠱᠤᠭᠤᠬᠤ ᠶᠢ ᠪᠡᠶᠡᠯᠡᠬᠦᠯᠬᠦ ᠪᠠᠷ ᠬᠠᠷᠠᠯᠳᠠ ᠪᠤᠯᠭᠠᠵᠠᠢ᠃

c

3 ᠡᠳᠦᠷ ᠤᠨ ᠬᠤᠭᠤᠴᠠᠭᠠᠨ ᠳᠤ ᠬᠡᠤᠬᠡᠳ ᠬᠢᠬᠡᠳ ᠬᠦᠯ ᠪᠦᠮᠪᠦᠭᠡ ᠨᠢ ᠪᠦᠬᠦ᠋ᠢᠯᠠ ᠲᠤᠷᠰᠢᠯᠭ᠎ᠠ ᠰᠤᠯᠢᠯᠴᠠᠬᠤ ᠬᠤᠷᠠᠯ ᠤᠨ ᠭᠤᠤᠯ ᠠᠭᠤᠯᠭ᠎ᠠ ᠪᠤᠯᠵᠤ᠂ ᠬᠡᠤᠬᠡᠳ ᠤᠳ ᠤᠨ ᠲᠠᠯᠠᠪᠠᠢ ᠲᠡᠬᠡᠷ᠎ᠠ ᠬᠢᠨᠠᠮᠠᠭᠠᠢ ᠤᠪᠤᠷ ᠢᠶᠠᠷ ᠬᠡᠨ ᠨᠢᠬᠡᠨ ᠳᠡᠭᠡᠨ ᠰᠢᠬᠦᠭᠳᠡᠬᠦ ᠦᠬᠡᠢ ᠪᠠᠷ ᠬᠦᠴᠦ ᠲᠠᠯᠪᠢᠨ ᠪᠦᠮᠪᠦᠭᠡ ᠢᠰᠬᠦᠯᠵᠤ ᠪᠠᠶᠢᠭ᠎ᠠ ᠬᠦᠬᠡᠷᠦᠬᠦᠨ ᠲᠦᠷᠢ ᠶᠢ ᠨᠢ ᠬᠠᠷᠠᠭᠰᠠᠠ ᠪᠦᠬᠦᠨ ᠲᠤᠮᠳᠠᠳᠤ ᠤᠯᠤᠰ ᠤᠨ ᠬᠦᠯ ᠪᠦᠮᠪᠦᠭᠡ ᠶᠢᠨ ᠢᠷᠡᠬᠡᠳᠦᠢ ᠬᠡᠬᠡᠨ ᠰᠠᠷᠠᠭᠤᠯ ᠬᠡᠳᠡᠭ ᠲᠤ ᠢᠳᠡᠬᠡᠯ ᠵᠤᠷᠢᠬ ᠲᠠᠢ ᠪᠤᠯᠬᠤ ᠶᠤᠮ᠃

— ᠬᠡᠤᠬᠡᠳ ᠤᠨ ᠪᠡᠶ᠎ᠠ ᠰᠡᠳᠬᠢᠯ ᠤᠨ ᠡᠷᠡᠬᠦᠯ ᠰᠠᠷᠠᠭᠤᠯ ᠪᠤᠶᠢᠵᠢᠯᠳᠠ ᠨᠢ ᠬᠦᠯ ᠪᠦᠮᠪᠦᠭᠡ ᠠᠴᠠ ᠰᠠᠯᠵᠤ ᠴᠢᠳᠠᠬᠤ ᠦᠬᠡᠢ ᠪᠢᠰᠢ ᠴᠤ ᠬᠡᠰᠡᠡ ᠲᠠᠮᠢᠷ ᠤᠨ ᠬᠦᠳᠡᠯᠬᠡᠬᠡᠨ ᠠᠴᠠ ᠯᠠᠪᠳᠠᠢ ᠰᠠᠯᠵᠤ ᠴᠢᠳᠠᠬᠤ ᠦᠬᠡᠢ ᠶᠤᠮ᠃ ᠮᠠᠨ ᠤ ᠴᠡᠴᠡᠷᠯᠢᠭ ᠢᠶᠠᠷ ᠶᠠᠷᠢᠬᠤ ᠳᠤ ᠬᠡᠤᠬᠡᠳ ᠤᠨ ᠲᠠᠮᠢᠷ ᠤᠨ ᠬᠦᠳᠡᠯᠬᠡᠬᠡᠨ ᠳᠤ ᠢᠯᠡᠬᠦᠬᠡᠨ ᠤᠷᠤᠯᠴᠠᠬᠤ ᠶᠢ ᠵᠤᠷᠢᠬᠵᠢᠭᠤᠯᠵᠤ᠂ ᠲᠠᠮᠢᠷ ᠤᠨ ᠬᠦᠳᠡᠯᠬᠡᠬᠡᠨ ᠤ ᠲᠤᠮᠳᠠ ᠪᠠᠶᠠᠷ ᠵᠢᠷᠭᠠᠯ ᠤᠯᠵᠤ ᠡᠳ᠋ᠯᠡᠬᠦ ᠶᠢ ᠲᠦᠢᠯ ᠢᠶᠠᠷ ᠠᠩᠬᠠᠷᠳᠠᠭ᠃ ᠡᠨᠡ ᠤᠳᠠᠭᠠᠨ ᠤ ᠬᠡᠤᠬᠡᠳ ᠤᠨ ᠬᠦᠯ ᠪᠦᠮᠪᠦᠭᠡ ᠶᠢᠨ ᠲᠤᠷᠰᠢᠯᠭ᠎ᠠ ᠰᠤᠯᠢᠯᠴᠠᠬᠤ ᠬᠤᠷᠠᠯ  ᠳᠤ ᠤᠷᠤᠯᠴᠠᠭᠠᠳ ᠮᠦᠨ ᠴᠤ ᠮᠠᠰᠢ ᠤᠯᠠᠨ ᠵᠦᠢᠯ ᠢ ᠰᠤᠷᠴᠤ᠂ ᠡ᠊ᠨᠳᠡᠬᠢ ᠬᠡᠤᠬᠡᠳ ᠤᠨ ᠬᠦᠯ ᠪᠦᠮᠪᠦᠭᠡ ᠢᠰᠬᠦᠯᠬᠦ ᠲᠤᠷᠠᠳᠠᠢ ᠠᠴᠠ ᠦᠪᠦᠷ ᠮᠤᠩᠭᠤᠯ ᠤᠨ ᠬᠦᠯ ᠪᠦᠮᠪᠦᠭᠡ  ᠶᠢᠨ ᠬᠦᠭᠵᠢᠯᠳᠠ ᠶᠢᠨ ᠢᠷᠡᠬᠡᠳᠦᠢ ᠶᠢ ᠤᠯᠵᠤ ᠬᠠᠷᠠᠯ᠎ᠠ ᠬᠡᠵᠤ ᠦᠬᠠᠨ ᠤ ᠬᠡᠤᠬᠡᠳ ᠤᠨ ᠴᠡᠴᠡᠷᠯᠢᠭ ᠤᠨ ᠬᠦᠯ ᠪᠦᠮᠪᠦᠭᠡ ᠶᠢᠨ ᠠᠩᠬᠢ ᠶᠢᠨ ᠲᠠᠰᠬᠠᠯᠵᠢᠭᠤᠯᠤᠭᠴᠢ ᠭᠧ ᠶᠤᠸᠠᠨ ᠶᠠᠷᠢᠬᠰᠠᠠ ᠪᠢᠯᠠ᠃

ᠢᠷᠡᠯᠲᠡ᠄      ᠨᠠᠶᠢᠷᠠᠭᠤᠯᠤᠭᠴᠢ᠄