home
home

    ᠦᠨᠳᠦᠷ ᠳᠤᠮᠳᠠᠳᠤ ᠳᠤ ᠰᠤᠷᠤᠭᠴᠢ ᠡᠯᠰᠡᠬᠦ ᠬᠤᠪᠢᠷᠠᠯᠳᠠ᠄ ᠳᠠᠮᠢᠷ ᠤᠷᠠᠯᠢᠭ ᠵᠡᠷᠬᠡ ᠶᠢᠨ ᠬᠤᠪᠢ ᠨᠡᠮᠡᠬᠦ ᠶᠢ ᠬᠦᠴᠦᠨ ᠦᠬᠡᠢ ᠪᠤᠯᠭᠠᠬᠰᠠᠨ ᠰᠢᠦ!

2017-08-19  11:09

2017 ᠤᠨ ᠪᠤᠯ ᠡᠩ ᠤᠨ ᠦᠨᠳᠦᠷ ᠳᠤᠮᠳᠠᠳᠤ ᠶᠢᠨ ᠰᠤᠷᠭᠠᠨ ᠬᠦᠮᠦᠵᠢᠯ ᠢ ᠲᠦᠬᠡᠮᠡᠯᠵᠢᠬᠦᠯᠬᠦ ᠵᠠᠩᠬᠢᠯᠠᠭ᠎ᠠ ᠶᠢᠨ ᠨᠢᠬᠡ ᠵᠢᠯ ᠪᠤᠯᠤᠨ᠎ᠠ᠃ ᠲᠦᠷᠦᠬᠦᠬᠡᠨ ᠰᠤᠷᠭᠠᠨ ᠬᠦᠮᠦᠵᠢᠯ ᠤᠨ ᠶᠠᠮᠤᠨ《2017ᠤᠨ ᠤ ᠦᠨᠳᠦᠷ ᠳᠤᠮᠳᠠᠳᠤ ᠶᠢᠨ ᠰᠤᠷᠤᠭᠴᠢ ᠡᠯᠰᠡᠬᠦ ᠠᠵᠢᠯ ᠢ ᠰᠠᠶᠢᠳᠤᠷ ᠬᠢᠬᠦ ᠳᠤᠬᠠᠢ ᠮᠡᠳᠡᠭᠳᠡᠯ 》ᠪᠠᠭᠤᠯᠭᠠᠵᠤ᠂ ᠬᠤᠪᠢ ᠨᠡᠮᠡᠬᠦ ᠲᠦᠷᠦᠯ ᠵᠦᠢᠯ ᠢ ᠵᠢᠷᠤᠮᠵᠢᠭᠤᠯᠤᠨ᠂ ᠶᠡᠬᠡᠪᠡᠷ ᠬᠤᠪᠢ ᠨᠡᠮᠡᠬᠦ ᠲᠦᠷᠦᠯ ᠵᠦᠢᠯ ᠢ ᠴᠢᠩᠭ᠎ᠠ ᠬᠤᠷᠢᠬᠯᠠᠵᠤ᠂ ᠳᠠᠮᠢᠷ᠂ ᠤᠷᠠᠯᠢᠭ ᠵᠡᠷᠬᠡ ᠲᠦᠷᠦᠯ ᠤᠨ ᠬᠤᠪᠢ ᠨᠡᠮᠡᠬᠦ ᠲᠦᠷᠦᠯ ᠵᠦᠢᠯ ᠢ ᠬᠦᠴᠦᠨ ᠦᠬᠡᠢ ᠪᠤᠯᠭᠠᠨ᠎ᠡ ᠬᠡᠵᠡᠢ᠃

《 ᠮᠡᠳᠡᠭᠳᠡᠯ 》 ᠳᠤ᠂ ᠬᠤᠪᠢ ᠨᠡᠮᠡᠬᠦ ᠲᠦᠷᠦᠯ ᠵᠦᠢᠯ ᠢ ᠴᠡᠭᠴᠡᠯᠡᠨ ᠲᠦᠷᠢᠮᠵᠢᠬᠦᠯᠵᠦ᠂ ᠬᠤᠪᠢ ᠨᠡᠮᠡᠬᠦ ᠲᠦᠷᠦᠯ ᠢ ᠶᠡᠬᠡᠪᠡᠷ ᠬᠠᠰᠤᠵᠤ ᠴᠢᠩᠭ᠎ᠠ ᠬᠢᠵᠠᠭᠠᠷᠯᠠᠨ᠂ ᠳᠠᠮᠢᠷ᠂ᠤᠷᠠᠯᠢᠭ  ᠤᠨ ᠬᠤᠪᠢ ᠨᠡᠮᠡᠬᠦ ᠲᠦᠷᠢᠮ ᠢ ᠬᠦᠴᠦᠨ ᠦᠬᠡᠢ ᠪᠤᠯᠭᠠᠪᠠ᠃ ᠳᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠶᠠᠪᠤᠴᠠ ᠳᠤ ᠭᠠᠵᠠᠷ ᠤᠷᠤᠨ ᠤ ᠬᠤᠭᠤᠷᠤᠨᠳᠤᠬᠢ᠂ ᠰᠤᠷᠭᠠᠭᠤᠯᠢ ᠶᠢᠨ ᠬᠤᠭᠤᠷᠤᠨᠳᠤᠬᠢ ᠰᠤᠷᠤᠭᠴᠢ ᠶᠢᠨ ᠢᠷᠡᠯᠳᠡ ᠪᠠᠨ ᠪᠢᠳᠡᠬᠦᠮᠵᠢᠯᠡᠬᠦ ᠪᠠ ᠭᠠᠵᠠᠷ ᠤᠷᠤᠨ ᠤ ᠬᠠᠮᠠᠭᠠᠯᠠᠯᠳᠠ ᠶᠢ ᠴᠢᠩᠭ᠎ᠠ ᠬᠤᠷᠢᠬᠯᠠᠨ᠎ᠠ᠃ᠠᠩᠬ᠎ᠠ ᠳᠤᠮᠳᠠᠳᠤ ᠶᠢᠨ ᠰᠤᠷᠭᠠᠭᠤᠯᠢ ᠶᠢᠨ ᠪᠠᠭᠰᠢ ᠨᠠᠷ ᠰᠤᠷᠤᠭᠴᠢ ᠶᠢᠨ ᠡᠷᠡᠮᠡᠯᠵᠡᠯ ᠳᠠᠭᠯᠠᠬᠤ ᠳᠤ ᠭᠠᠷ ᠲᠦᠷᠦᠬᠦ ᠪᠠ ᠰᠤᠷᠤᠭᠴᠢ ᠶᠢ ᠤᠷᠤᠯᠠᠨ ᠡᠷᠡᠮᠡᠯᠵᠡᠯ ᠳᠠᠭᠯᠠᠬᠤ ᠶᠢ ᠴᠢᠩᠭ᠎ᠠ ᠬᠤᠷᠢᠬᠯᠠᠨ᠎ᠠ ;ᠠᠩᠬ᠎ᠠ ᠳᠤᠮᠳᠠᠳᠤ ᠶᠢᠨ ᠰᠤᠷᠭᠠᠭᠤᠯᠢ ᠶᠢᠨ ᠪᠠᠭᠰᠢ ᠨᠠᠷ ᠰᠤᠷᠤᠭᠴᠢ ᠡᠯᠰᠡᠬᠦ ᠶᠠᠪᠤᠴᠠ ᠳᠤ ᠳᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠠᠴᠠ ᠶᠠᠮᠠᠷ ᠨᠢᠬᠡᠨ ᠨᠡᠷ᠎ᠡ ᠪᠠᠷ ᠵᠠᠷᠤᠳᠠᠯ ᠰᠦᠢᠳᠬᠡᠯ ᠪᠤᠶᠤ ᠪᠤᠳᠠᠳᠤ ᠪᠤᠳᠠᠰ ᠠᠪᠬᠤ ᠶᠢ ᠴᠢᠩᠭ᠎ᠠ ᠬᠤᠷᠢᠬᠯᠠᠨ᠎ᠠ ; ᠬᠤᠳᠠᠯ ᠬᠠᠭᠤᠷᠮᠠᠭ ᠢᠶᠠᠷ ᠤᠬᠠᠭᠤᠯᠵᠤ ᠰᠤᠷᠤᠭᠴᠢ ᠶᠢ ᠪᠤᠷᠤᠭᠤ ᠳᠡᠰᠢ ᠬᠦᠳᠦᠯᠬᠦ ᠶᠢ ᠴᠢᠩᠭ᠎ᠠ ᠬᠤᠷᠢᠬᠯᠠᠨ᠎ᠠ᠃ ᠡᠩ ᠤᠨ ᠦᠨᠳᠦᠷ ᠳᠤᠮᠳᠠᠳᠤ ᠶᠢᠨ ᠰᠤᠷᠤᠭᠴᠢ ᠡᠯᠰᠡᠬᠦ ᠶᠠᠪᠤᠴᠠ ᠳᠤ ᠠᠯᠪᠠᠨ  ᠠᠴᠠ ᠡᠷᠬᠢᠯᠡᠭᠰᠡᠨ ᠡᠩ ᠤᠨ ᠦᠨᠳᠦᠷ ᠳᠤᠮᠳᠠᠳᠤ ᠶᠢᠨ ᠲᠦᠯᠦᠪᠯᠡᠭᠡ ᠠᠴᠠ ᠳᠠᠪᠠᠨ᠂ ᠲᠦᠷᠢᠮ ᠳᠤᠭᠳᠠᠭᠠᠯ ᠠᠴᠠ ᠳᠡᠷᠰᠯᠡᠨ ᠤᠷᠤᠨ ᠪᠦᠰᠡ ᠠᠯᠤᠰᠯᠠᠨ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠡᠷ᠎ᠡ ᠪᠠᠷ ᠰᠤᠷᠤᠭᠴᠢ ᠡᠯᠰᠡᠬᠦ ᠶᠢ ᠴᠢᠩᠭ᠎ᠠ ᠬᠤᠷᠢᠭᠯᠠᠵᠤ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠤᠭᠴᠢ ᠡᠯᠰᠡᠬᠦ ᠬᠠᠮᠢᠶᠠᠷᠤᠯᠳᠠ ᠶᠢ ᠬᠠᠤᠯᠢ ᠶᠤᠰᠤᠭᠠᠷ ᠴᠢᠩᠭᠠᠳᠬᠠᠨ᠎ᠠ ᠬᠡᠵᠠᠢ᠃

《ᠮᠡᠳᠡᠭᠳᠡᠯ 》 ᠳᠤ᠂ ᠳᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠨ ᠬᠦᠮᠦᠵᠢᠯ ᠢ ᠦᠨᠳᠦᠷ ᠳᠤᠮᠳᠠᠳᠤ ᠶᠢᠨ ᠱᠠᠳᠤᠨ ᠤ ᠰᠤᠷᠭᠠᠨ ᠬᠦᠮᠦᠵᠢᠯ ᠢ ᠲᠦᠬᠡᠮᠡᠯᠵᠢᠬᠦᠯᠬᠦ ᠠᠵᠢᠯ ᠤᠨ ᠳᠤᠪᠤᠶᠢᠮ᠎ᠠ ᠪᠠᠶᠢᠷᠢᠨ ᠳᠤ ᠳᠠᠯᠪᠢᠵᠤ᠂ ᠳᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠪᠦᠳᠦᠴᠡ ᠪᠠᠶᠢᠷᠢᠯᠠᠭᠤᠯᠤᠯᠳᠠ ᠶᠢ ᠰᠢᠯᠢᠳᠡᠭᠵᠢᠬᠦᠯᠵᠦ᠂ ᠬᠦᠮᠦᠨ ᠠᠮᠠ ᠲᠦᠪᠯᠡᠷᠡᠵᠦ ᠪᠠᠶᠢᠭ᠎ᠠ ᠪᠠ ᠠᠵᠤ ᠦᠢᠯᠡᠰ ᠢ ᠬᠦᠭᠵᠢᠬᠦᠯᠬᠦ ᠴᠢᠬᠤᠯᠠ ᠲᠠᠢ ᠶᠠᠳᠠᠭᠤ ᠬᠦᠴᠢᠷᠳᠡᠯᠳᠡᠢ ᠭᠠᠵᠠᠷ ᠤᠷᠤᠨ ᠳᠤ ᠨᠢᠬᠡ ᠪᠦᠯᠦᠭ ᠳᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢ ᠰᠠᠶᠢᠳᠤᠷ ᠪᠠᠶᠢᠭᠤᠯᠤᠨ᠎ᠠ᠃ ᠶᠠᠳᠠᠭᠤ ᠬᠦᠴᠢᠷᠳᠡᠯᠳᠡᠢ ᠭᠠᠵᠠᠷ ᠤᠷᠤᠨ ᠤ ᠭᠠᠵᠠᠷ ᠤᠷᠤᠨ ᠤ ᠳᠡᠰ ᠤᠨ ᠳᠤᠰᠬᠠᠢ ᠬᠤᠳᠠ (ᠵᠧᠦ᠂ ᠠᠶᠢᠮᠠᠭ ) ᠳᠤ ᠳᠤᠬᠠᠢ ᠶᠢᠨ ᠭᠠᠵᠠᠷ ᠤᠨ ᠠᠵᠤ ᠠᠬᠤᠢ ᠨᠡᠶᠢᠬᠡᠮ ᠤᠨ ᠬᠦᠭᠵᠢᠯᠳᠡ ᠳᠤ ᠱᠠᠭᠠᠷᠳᠠᠬᠳᠠᠵᠤ ᠪᠠᠶᠢᠭ᠎ᠠ ᠳᠤᠮᠳᠠ ᠵᠡᠷᠬᠡ  ᠶᠢᠨ ᠠᠵᠢᠯ ᠮᠡᠷᠬᠡᠵᠢᠯ ᠤᠨ ᠰᠤᠷᠭᠠᠭᠤᠯᠢ ᠶᠢ ᠠᠳᠠᠭ ᠪᠠᠭ᠎ᠠ ᠳᠠᠭᠠᠨ ᠨᠢᠬᠡ ᠪᠠᠶᠢᠭᠤᠯᠬᠤ ᠶᠢ ᠭᠤᠤᠯᠳᠠᠯᠭ᠎ᠠ ᠲᠠᠢ ᠳᠡᠮᠵᠢᠨ᠎ᠡ᠃ ᠡᠯ᠎ᠡ ᠭᠠᠵᠠᠷ ᠤᠨ ᠬᠢᠨ ᠡᠩ ᠤᠨ ᠦᠨᠳᠦᠷ ᠳᠤᠮᠳᠠᠳᠤ ᠶᠢᠨ ᠬᠦᠷᠢᠶ᠎ᠡ ᠬᠡᠪᠴᠢᠶ᠎ᠡ ᠪᠠᠨ ᠰᠢᠨᠵᠢᠯᠡᠬᠦ ᠤᠬᠠᠭᠠᠨᠴᠢ ᠪᠠᠷ ᠳᠤᠭᠳᠠᠭᠠᠵᠤ᠂ ᠡᠩ ᠤᠨ ᠦᠨᠳᠦᠷ ᠳᠤᠮᠳᠠᠳᠤ ᠰᠤᠷᠭᠠᠭᠤᠯᠢ ᠶᠢ ᠶᠡᠭᠡ ᠬᠡᠪᠴᠢᠶ᠎ᠡ ᠪᠠᠷ ᠪᠠᠶᠢᠭᠤᠯᠬᠤ ᠶᠢ ᠰᠡᠷᠬᠡᠶᠢᠯᠡᠵᠦ᠂ ᠨᠢᠬᠡ ᠠᠩᠬᠢ ᠳᠤ ᠰᠤᠷᠤᠭᠴᠢ ᠤᠯᠠᠨ ᠠᠰᠠᠭᠤᠳᠠᠯ ᠢ ᠠᠭᠠᠵᠢᠮ ᠢᠶᠠᠷ ᠰᠢᠢᠳᠪᠦᠷᠢᠯᠡᠨ᠎ᠡ ᠬᠡᠵᠠᠢ᠃

ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠳᠠ ᠶᠢᠨ ᠲᠦᠪ ᠤᠨ ᠠᠵᠢᠯᠳᠠᠨ ᠤ ᠳᠠᠨᠢᠯᠴᠠᠭᠤᠯᠤᠭᠰᠠᠨ ᠢᠶᠠᠷ᠂ ᠮᠠᠨ ᠤ ᠤᠷᠤᠨ ᠦᠨᠳᠦᠷ ᠳᠤᠮᠳᠠᠳᠤ ᠶᠢᠨ ᠱᠠᠳᠤᠨ ᠤ ᠰᠤᠷᠭᠠᠭᠤᠯᠢ ᠶᠢᠨ ᠰᠤᠷᠤᠭᠴᠢ ᠡᠯᠰᠡᠬᠦ ᠦᠬᠡᠷᠡᠴᠢᠯᠡᠯᠳᠡ  ᠶᠢᠨ ᠠᠵᠢᠯ ᠢ ᠬᠢᠭᠰᠡᠬᠡᠷ ᠪᠠᠶᠢᠭ᠎ᠠ ᠪᠦᠬᠡᠳ ᠦᠬᠡᠷᠡᠴᠢᠯᠡᠯᠳᠡ ᠶᠢᠨ ᠴᠢᠭᠯᠡᠯ ᠢᠶᠠᠨ ᠰᠤᠷᠭᠠᠨ ᠬᠦᠮᠦᠵᠢᠯ ᠤᠨ ᠶᠠᠮᠤᠨ ᠤ ᠱᠠᠭᠠᠷᠳᠠᠯᠭ᠎ᠠ ᠲᠠᠢ ᠨᠢᠬᠡᠳᠦᠬᠦᠯᠵᠦ᠂ ᠰᠤᠷᠭᠠᠨ ᠬᠦᠮᠦᠵᠢᠯ ᠤᠨ ᠶᠠᠮᠤᠨ ᠤ ᠬᠠᠮᠢᠶ᠎ᠠ ᠪᠦᠬᠦᠢ ᠱᠠᠭᠠᠷᠳᠠᠯᠭ᠎ᠠ ᠪᠠᠷ ᠪᠦᠬᠦ ᠤᠷᠤᠨ ᠳᠤ ᠬᠢᠨᠠᠮᠠᠭᠠᠢ ᠳᠤᠤᠱᠯᠠᠭᠤᠯᠵᠤ ᠪᠠᠶᠢᠭ᠎ᠠ ᠶᠤᠮ᠃

ᠢᠷᠡᠯᠲᠡ᠄      ᠨᠠᠶᠢᠷᠠᠭᠤᠯᠤᠭᠴᠢ᠄