home
home

    ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠰᠤᠷᠭᠠᠭᠤᠯᠢ ᠶᠢᠨ ᠰᠤᠷᠭᠠᠨ ᠬᠦᠮᠦᠵᠢᠯ ᠤᠨ ᠠᠵᠢᠯ ᠤᠨ ᠶᠠᠷᠢᠯᠴᠠᠬᠤ ᠬᠤᠷᠠᠯ ᠶᠠᠪᠤᠭᠳᠠᠪᠠ

2017-08-21  15:15

6 ᠰᠠᠷ᠎ᠠ ᠶᠢᠨ 23  ᠋  ᠋ ᠤ ᠡᠳᠦᠷ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠤᠪᠴᠢᠶ᠎ᠠ ᠠᠴᠠ ᠡᠷᠬᠢᠯᠡᠨ ᠬᠤᠷᠠᠯᠳᠤᠬᠰᠠᠨ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠰᠤᠷᠭᠠᠨ ᠬᠦᠮᠦᠵᠢᠯ ᠤᠨ ᠶᠠᠷᠢᠯᠴᠠᠬᠤ ᠬᠤᠷᠠᠯ ᠬᠦᠬᠡᠬᠤᠳᠠ ᠳᠤ ᠶᠠᠪᠤᠭᠳᠠᠪᠠ᠃

ᠬᠤᠷᠠᠯ ᠳᠤ᠂ ᠬᠦᠬᠡᠬᠤᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠮᠡᠳᠡᠯᠭᠡ ᠶᠢᠨ ᠦᠮᠴᠢᠯᠡᠯ ᠤᠨ ᠡᠷᠭᠡ‌‍ ᠶᠢᠨ ᠰᠤᠷᠭᠠᠨ ᠬᠦᠮᠦᠵᠢᠯ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠤᠷᠭᠠᠨ ᠬᠦᠮᠦᠵᠢᠯ ᠤᠨ ᠠᠵᠢᠯ ᠤᠨ ᠪᠠᠶᠢᠳᠠᠯ ᠳᠤ ᠰᠤᠳᠤᠯᠤᠨ ᠪᠠᠶᠢᠴᠠᠭᠠᠯᠳᠠ ᠬᠢᠵᠤ᠂ ᠬᠦᠬᠡᠬᠤᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢ ᠦᠪᠦᠷ ᠮᠤᠩᠭᠤᠯ  ᠤᠨ ᠠᠩᠬᠠᠳᠠᠭᠴᠢ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠰᠤᠷᠭᠠᠨ ᠬᠦᠮᠦᠵᠢᠯ ᠤᠨ ᠰᠠᠭᠤᠷᠢᠨ ᠢᠶᠠᠷ ᠳᠤᠭᠳᠠᠭᠠᠵᠤ᠂ ᠤᠯᠤᠰ ᠤᠨ ᠮᠡᠳᠡᠯᠭᠡ  ᠶᠢᠨ ᠦᠮᠴᠢᠯᠡᠯ ᠤᠨ ᠡᠷᠭᠡ ᠶᠢᠨ ᠲᠤᠪᠴᠢᠶ᠎ᠠ ᠶᠢᠨ ᠲᠤᠰᠬᠠᠢ ᠠᠰᠢᠭ ᠤᠨ ᠲᠤᠪᠴᠢᠶ᠎ᠠ ᠶᠢᠨ ᠬᠦᠬᠡᠬᠤᠳᠠ ᠳᠠᠬᠢ ᠤᠷᠤᠯᠠᠨ ᠭᠦᠢᠴᠡᠳᠭᠡᠬᠦ ᠭᠠᠵᠠᠷ ᠤᠨ ᠠᠵᠢᠯᠯᠠᠬᠤ ᠦᠷᠳᠡᠭᠡ ᠶᠢ ᠪᠠᠶᠢᠭᠤᠯᠵᠠᠢ᠃ ᠰᠤᠷᠭᠠᠭᠤᠯᠢ ᠳᠤ ᠠᠵᠢᠯᠯᠠᠬᠤ ᠦᠷᠳᠡᠭᠡ ᠪᠠᠶᠢᠭᠤᠯᠤᠬᠰᠠᠨ ᠨᠢ ᠮᠠᠨ ᠤ ᠤᠷᠤᠨ ᠳᠤ ᠠᠩᠬᠠᠳᠠᠭᠴᠢ ᠤᠳᠠᠭ᠎ᠠ ᠪᠤᠯᠤᠨ᠎ᠠ᠃

ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠰᠤᠷᠭᠠᠨ ᠬᠦᠮᠦᠵᠢᠯ ᠤᠨ ᠰᠠᠭᠤᠷᠢᠨ ᠢ ᠪᠠᠶᠢᠭᠤᠯᠬᠤ ᠪᠠᠷ ᠳᠠᠮᠵᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠦᠮᠦᠵᠢᠯ ᠢ ᠵᠠᠯᠠᠭᠤᠴᠤᠳ ᠪᠠᠭᠠᠴᠤᠳ ᠤᠨ ᠳᠤᠮᠳᠠ ᠬᠦᠨᠵᠡᠭᠡᠶᠢᠷᠡᠭᠦᠯᠵᠤ᠂ ᠰᠢᠨ᠎ᠡ ᠶᠢ ᠡᠭᠦᠳᠬᠦ ᠴᠢᠳᠠᠪᠤᠷᠢ ᠶᠢ ᠬᠦᠮᠦᠵᠢᠭᠦᠯᠦᠨ ᠪᠤᠶᠢᠵᠢᠭᠤᠯᠬᠤ ᠪᠠ ᠮᠡᠳᠡᠯᠭᠡ ᠶᠢᠨ ᠦᠮᠴᠢᠯᠡᠯ  ᠤᠨ ᠡᠷᠬᠡ ᠶᠢᠨ ᠪᠠᠶᠢᠭᠤᠯᠤᠮᠵᠢ ᠲᠠᠢ ᠤᠶᠠᠯᠳᠤᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠤᠯᠤᠰ ᠤᠨ ᠪᠡᠯᠡᠳᠭᠡᠯ ᠰᠠᠭᠤᠷᠢ ᠶᠢ ᠳᠠᠯᠪᠢᠵᠤ ᠪᠠᠶᠢᠨ᠎ᠠ᠃

ᠢᠷᠡᠯᠲᠡ᠄      ᠨᠠᠶᠢᠷᠠᠭᠤᠯᠤᠭᠴᠢ᠄