home
home

    ᠮᠠᠨ ᠤ ᠤᠷᠤᠨ ᠰᠦᠢᠳᠬᠡᠯ ᠬᠤᠷᠢᠶᠠᠬᠤ ᠦᠬᠡᠢ ᠠᠨᠠᠭᠠᠬᠤ ᠤᠬᠠᠭᠠᠨ ᠤ ᠬᠠᠨᠳᠤᠯᠭ᠎ᠠ ᠲᠠᠢ ᠪᠠᠷ ᠬᠦᠮᠦᠵᠢᠬᠦᠯᠬᠦ 180 ᠰᠤᠷᠤᠭᠴᠢ ᠡᠯᠰᠡᠨ᠎ᠡ

2017-08-21  15:41

ᠰᠤᠷᠪᠤᠯᠵᠢᠯᠠᠭᠴᠢ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠳᠠ ᠶᠢᠨ ᠲᠦᠪ ᠠᠴᠠ ᠤᠢᠢᠯᠠᠭᠠᠭᠰᠠᠨ ᠢᠶᠠᠷ᠂ ᠮᠠᠨ ᠤ ᠤᠷᠤᠨ ᠰᠦᠢᠳᠬᠡᠯ ᠬᠤᠷᠢᠶᠠᠬᠤ ᠦᠬᠡᠢ ᠠᠨᠠᠭᠠᠬᠤ ᠤᠬᠠᠭᠠᠨ ᠤ ᠬᠠᠨᠳᠤᠯᠭ᠎ᠠ ᠲᠠᠢ ᠪᠠᠷ ᠬᠦᠮᠦᠵᠢᠬᠦᠯᠬᠦ ᠲᠦᠯᠦᠪᠯᠡᠭᠡ ᠪᠠᠷ 180 ᠰᠤᠷᠤᠭᠴᠢ ᠡᠯᠰᠡᠨ᠎ᠡ᠃ ᠡᠨᠡ ᠵᠢᠯ ᠤᠨ ᠰᠤᠷᠤᠭᠴᠢ ᠡᠯᠰᠡᠬᠦ ᠲᠦᠯᠦᠪᠯᠡᠭᠡ ᠶᠢ ᠵᠢᠩᠬᠢᠨᠢ ᠠᠩᠬᠢ ᠶᠢᠨ ᠤᠷᠢᠳᠴᠢᠯᠠᠨ ᠡᠯᠰᠡᠬᠦ A ᠪᠦᠯᠦᠭ ᠲᠤ ᠳᠤᠬᠢᠷᠠᠭᠤᠯᠵᠤ᠂ 4 ᠶᠡᠭᠡ ᠳᠡᠬᠡᠳᠤ ᠰᠤᠷᠭᠠᠭᠤᠯᠢ 180 ᠰᠤᠷᠤᠭᠴᠢ ᠡᠯᠰᠡᠬᠦ ᠪᠠᠷ ᠪᠠᠶᠢᠨ᠎ᠠ᠃

ᠦᠪᠦᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠲᠦᠷᠦᠯ ᠢᠶᠠᠷ ᠰᠢᠯᠭᠠᠭᠤᠯᠤᠭᠰᠠᠳ ᠠᠴᠠ 70 ᠰᠤᠷᠤᠭᠴᠢ᠂ ᠮᠣᠩᠭᠤᠯ ᠢᠶᠠᠷ ᠬᠢᠴᠢᠶᠡᠯᠯᠡᠭᠰᠡᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠲᠦᠷᠦᠯ ᠢᠶᠠᠷ ᠰᠢᠯᠭᠠᠭᠤᠯᠤᠭᠰᠠᠳ ᠠᠴᠠ 30 ᠰᠤᠷᠤᠭᠴᠢ ᠡᠯᠰᠡᠨ᠎ᠡ ;ᠦᠪᠦᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠪᠤᠭᠤᠲᠤ ᠶᠢᠨ ᠡᠮᠨᠡᠯᠬᠡ ᠶᠢᠨ ᠳᠡᠬᠡᠳᠤ ᠰᠤᠷᠭᠠᠭᠤᠯᠢ ᠡᠩ ᠤᠨ ᠪᠠᠶᠢᠭᠠᠯᠢ ᠰᠢᠨᠵᠢᠯᠡᠬᠦ ᠤᠬᠠᠭᠠᠨ ᠤ ᠬᠢᠴᠢᠶᠡᠯ ᠲᠦᠷᠦᠯ ᠢᠶᠠᠷ ᠰᠢᠯᠭᠠᠭᠤᠯᠤᠭᠰᠠᠳ ᠠᠴᠠ 30 ᠰᠤᠷᠤᠭᠴᠢ ᠡᠯᠰᠡᠨ᠎ᠡ ;ᠦᠪᠦᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠮᠣᠩᠭᠤᠯ ᠢᠶᠠᠷ ᠬᠢᠴᠢᠶᠡᠯᠯᠡᠭᠰᠡᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠲᠦᠷᠦᠯ ᠢᠶᠠᠷ ᠰᠢᠯᠭᠠᠭᠤᠯᠤᠭᠰᠠᠳ ᠠᠴᠠ 30 ᠰᠤᠷᠤᠭᠴᠢ ᠡᠯᠰᠡᠨ᠎ᠡ ;ᠤᠯᠠᠭᠠᠨᠬᠠᠳᠠ ᠶᠢᠨ ᠳᠡᠭᠡᠳᠦ ᠰᠤᠷᠭᠠᠭᠤᠯᠢ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠲᠦᠷᠦᠯ ᠢᠶᠠᠷ ᠰᠢᠯᠭᠠᠭᠤᠯᠤᠭᠰᠠᠳ ᠠᠴᠠ 20 ᠰᠤᠷᠤᠭᠴᠢ ᠡᠯᠰᠡᠨ᠎ᠡ᠃

ᠰᠦᠢᠳᠭᠡᠯ ᠬᠤᠷᠢᠶᠠᠬᠤ ᠦᠬᠡᠢ ᠠᠨᠠᠭᠠᠬᠤ ᠤᠬᠠᠭᠠᠨ ᠤ ᠬᠠᠨᠳᠤᠯᠭ᠎ᠠ ᠲᠠᠢ ᠪᠠᠷ ᠬᠦᠮᠦᠵᠢᠬᠦᠯᠬᠦ ᠰᠤᠷᠤᠭᠴᠢ ᠶᠢᠨ ᠰᠤᠷᠤᠯᠭ᠎ᠠ ᠶᠢᠨ ᠰᠦᠢᠳᠭᠡᠯ ᠪᠠ ᠪᠠᠶᠢᠷᠢ ᠶᠢᠨ ᠰᠦᠢᠳᠭᠡᠯ ᠢ ᠬᠡᠯᠲᠦᠷᠢᠭᠦᠯᠵᠦ᠂ ᠠᠮᠢᠳᠤᠷᠠᠯ ᠤᠨ ᠰᠦᠢᠳᠭᠡᠯ ᠤᠨ ᠨᠦᠬᠦᠪᠦᠷᠢ ᠤᠯᠭᠤᠨ᠎ᠠ᠃ ᠰᠦᠢᠳᠭᠡᠯ ᠬᠤᠷᠢᠶᠠᠬᠤ ᠦᠬᠡᠢ ᠠᠨᠠᠭᠠᠬᠤ ᠤᠬᠠᠭᠠᠨ ᠤ ᠬᠠᠨᠳᠤᠯᠭ᠎ᠠ ᠲᠠᠢ ᠪᠠᠷ ᠬᠦᠮᠦᠵᠢᠬᠦᠯᠬᠦ ᠰᠤᠷᠤᠭᠴᠢ ᠶᠢ ᠵᠦᠪᠬᠡᠨ ᠬᠦᠳᠡᠭᠡ ᠲᠤᠰᠬᠤᠨ ᠮᠠᠯᠵᠢᠬᠤ ᠣᠷᠤᠨ ᠤ ᠰᠤᠷᠤᠭᠴᠢ ᠠᠴᠠ ᠡᠯᠰᠡᠨ᠎ᠡ᠃ ᠮᠠᠨ ᠤ ᠣᠷᠤᠨ ᠤ 2017 ᠣᠨ ᠤ ᠤᠯᠤᠰ ᠤᠨ ᠰᠢᠯᠭᠠᠯᠲᠠ ᠳᠤ ᠨᠡᠷ᠎ᠡ ᠮᠡᠳᠡᠭᠦᠯᠬᠦ ᠨᠦᠭᠦᠴᠡᠯ ᠳᠤ ᠨᠡᠶᠢᠴᠡᠭᠰᠡᠨ ;ᠰᠢᠯᠭᠠᠭᠤᠯᠤᠭᠴᠢ ᠵᠢᠴᠢ ᠳᠡᠬᠦᠨ ᠤ ᠡᠴᠢᠭᠡ ᠡᠬᠡ ᠪᠤᠶᠤ ᠬᠠᠥᠯᠢ ᠶᠣᠰᠤᠨ ᠤ ᠠᠰᠠᠷᠠᠨ ᠬᠠᠮᠠᠭᠠᠯᠠᠭᠴᠢ ᠶᠢᠨ ᠡᠷᠦᠬᠡ ᠠᠮᠠ ᠶᠢᠨ ᠬᠠᠷᠢᠶᠠᠯᠠᠯ ᠨᠢ ᠡᠷᠬᠡᠪᠰᠢ ᠬᠦᠳᠡᠭᠡ ᠲᠤᠰᠬᠤᠨ ᠳᠤ ᠪᠠᠶᠢᠵᠤ᠂ ᠰᠢᠯᠭᠠᠭᠤᠯᠤᠭᠴᠢ ᠲᠤᠬᠠᠢ ᠶᠢᠨ ᠭᠠᠵᠠᠷ ᠲᠤ ᠡᠷᠬᠡᠪᠰᠢ 3(3 ᠵᠢᠯ ᠢ ᠪᠠᠭᠲᠠᠭᠠᠨ᠎ᠠ ) ᠵᠢᠯ ᠠᠴᠠ ᠳᠡᠭᠡᠭᠰᠢ ᠡᠷᠦᠬᠡ ᠠᠮᠠ ᠶᠢᠨ ᠬᠠᠷᠢᠶᠠᠯᠠᠯ ᠲᠠᠢ ᠪᠠᠶᠢᠭᠰᠠᠨ ᠪᠠᠶᠢᠬᠤ ᠬᠡᠷᠡᠭᠲᠡᠢ᠃

ᠰᠦᠢᠳᠭᠡᠯ ᠬᠤᠷᠢᠶᠠᠬᠤ ᠦᠬᠡᠢ ᠠᠨᠠᠭᠠᠬᠤ ᠤᠬᠠᠭᠠᠨ ᠤ ᠬᠠᠨᠳᠤᠯᠭ᠎ᠠ ᠲᠠᠢ ᠪᠠᠷ ᠬᠦᠮᠦᠵᠢᠬᠦᠯᠬᠦ ᠰᠤᠷᠤᠭᠴᠢ ᠰᠤᠷᠭᠠᠭᠤᠯᠢ ᠳᠤ ᠡᠯᠰᠡᠭᠳᠡᠭᠰᠡᠨ ᠤ ᠳᠠᠷᠠᠭ᠎ᠠ᠂ ᠰᠤᠷᠭᠠᠭᠤᠯᠢ ᠳᠤ ᠣᠷᠤᠬᠤ ᠮᠡᠳᠡᠭᠳᠡᠯ ᠤᠨ ᠪᠢᠴᠢᠭ ᠢ ᠭᠠᠷᠳᠠᠬᠤ ᠠᠴᠠ ᠡᠮᠦᠨ᠎ᠡ᠂ ᠬᠦᠮᠦᠵᠢᠭᠦᠯᠬᠦ ᠰᠤᠷᠭᠠᠭᠤᠯᠢ ᠬᠢᠭᠡᠳ ᠬᠠᠨᠳᠤᠯᠭᠠᠲᠤ ᠠᠵᠢᠯ ᠣᠯᠭᠤᠯᠲᠠ ᠶᠢᠨ ᠪᠠᠶᠢᠭ᠎ᠠ ᠭᠠᠵᠠᠷ ᠤᠨ ᠰᠢᠶᠠᠨ ᠤ ᠳᠡᠰ ᠤᠨ ᠡᠷᠡᠭᠦᠯ ᠬᠠᠮᠠᠭᠠᠯᠠᠯ ᠬᠢᠭᠡᠳ ᠲᠦᠯᠦᠪᠯᠡᠭᠡᠲᠦ ᠦᠷᠡᠵᠢᠯ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ ᠬᠠᠨᠳᠤᠯᠭᠠᠲᠤ ᠠᠵᠢᠯ ᠣᠯᠭᠤᠯᠲᠠ ᠶᠢᠨ ᠭᠡᠷ᠎ᠡ ᠲᠣᠭᠲᠠᠨ᠎ᠠ

ᠢᠷᠡᠯᠲᠡ᠄      ᠨᠠᠶᠢᠷᠠᠭᠤᠯᠤᠭᠴᠢ᠄