home
home

    ᠬᠤᠶᠠᠷ 《ᠮᠠᠩᠯᠠᠢ》 ᠋ ᠮᠠᠨᠢ ᠠᠯᠢ ᠠᠯᠢ ᠰᠤᠷᠭᠠᠭᠤᠯᠢ ᠳᠤ ᠡᠯᠰᠡᠭᠳᠡᠴᠢᠬᠡᠪᠡ︖

2017-08-21  15:49

7 ᠰᠠᠷ᠎ᠠ ᠶᠢᠨ 13  ᠋  ᠋ ᠤ ᠡᠳᠦᠷ ᠠᠴᠠ ᠡᠬᠢᠯᠡᠨ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠬᠰᠠᠳ ᠤᠨ ᠵᠢᠩᠬᠢᠨᠢ ᠠᠩᠬᠢ ᠶᠢᠨ ᠨᠢᠭᠡᠳᠦᠭᠡᠷ ᠪᠦᠯᠦᠭ ᠤᠨ ᠡᠷᠡᠮᠡᠯᠵᠡᠯ ᠡᠬᠢᠯᠡᠵᠤ ᠲᠠᠬᠯᠠᠪᠠ᠃ ᠡᠨᠡ ᠵᠢᠯ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠳᠠ ᠶᠢᠨ ᠮᠤᠩᠭᠤᠯ ᠢᠶᠠᠷ ᠰᠢᠯᠭᠠᠭᠤᠯᠤᠬᠰᠠᠳ ᠤᠨ ᠳᠤᠳᠤᠷ᠎ᠠ᠂ ᠡᠩᠬᠡᠰᠠᠶᠢᠬᠠᠨ ᠪᠠ ᠢᠷᠠᠭᠤ ᠬᠤᠶᠠᠷ ᠳᠤᠰ ᠳᠤᠰ ᠨᠡᠶᠢᠭᠡᠮ ᠤᠨ ᠰᠢᠨᠵᠢᠯᠡᠬᠦ ᠤᠬᠠᠭᠠᠨ ᠤ ᠲᠦᠷᠦᠯ ᠤᠨ ᠮᠠᠩᠯᠠᠢ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠦᠷᠦᠯ ᠤᠨ ᠮᠠᠩᠯᠠᠢ ᠪᠤᠯᠵᠤ᠂ ᠳᠡᠳᠡ ᠬᠤᠶᠠᠷ ᠤᠨ ᠠᠯᠢ ᠰᠤᠷᠭᠠᠭᠤᠯᠢ ᠤᠷᠤᠬᠤ ᠨᠢ ᠤᠯᠠᠨ ᠤ ᠠᠩᠬᠠᠷᠤᠯ ᠪᠤᠯᠤᠬᠰᠠᠨ ᠪᠠᠶᠢᠨ᠎ᠠ᠃

ᠡᠨᠡ ᠵᠢᠯ ᠤᠨ ᠮᠠᠩᠯᠠᠢ ᠬᠤᠶᠠᠷ ᠬᠡᠦᠬᠡᠳ ᠡᠩᠬᠡᠰᠠᠶᠢᠬᠠᠨ᠂ ᠢᠷᠠᠭᠤ ᠪᠤᠯ ᠮᠤᠩᠭᠤᠯ ᠲᠦᠮᠡᠨ ᠤ ᠪᠠᠭ᠋ᠠᠷᠬᠠᠯ᠂ ᠤᠮᠤᠬᠰᠢᠯ᠃ ᠳᠡᠳᠡᠨ ᠤ ᠦᠨᠳᠦᠷ ᠬᠤᠪᠢ ᠪᠠᠷ ᠰᠢᠯᠭᠠᠭᠤᠯᠤᠬᠰᠠᠨ ᠮᠡᠳᠡᠭᠡ ᠨᠢ ᠡᠨᠡ ᠵᠤᠨ ᠤ ᠨᠢᠭᠡ ᠶᠡᠭᠡ ᠰᠠᠶᠢᠬᠠᠨ ᠴᠢᠮᠡᠭᠡ ᠪᠤᠯᠵᠤ᠂ ᠲᠦᠮᠡᠨ ᠤᠯᠠᠨ ᠳᠤ ᠳᠠᠮᠵᠢᠬᠳᠠᠵᠠᠢ᠃ ᠦᠨᠦᠳᠦᠷ ᠡᠩᠬᠡᠰᠠᠶᠢᠬᠠᠨ᠂ ᠢᠷᠠᠭᠤ ᠬᠤᠶᠠᠷ ᠮᠠᠨᠢ ᠤᠯᠠᠨ ᠢ ᠬᠦᠰᠡᠷᠳᠡᠭᠦᠯᠦᠯ ᠦᠭᠡᠢ ᠪᠠᠷ ᠳᠤᠰ ᠳᠤᠰ ᠪᠡᠭᠡᠵᠢᠩ ᠶᠡᠭᠡ ᠰᠤᠷᠭᠠᠭᠤᠯᠢ ᠶᠢᠨ ᠤᠯᠠᠨ ᠤᠯᠤᠰ ᠤᠨ ᠤᠯᠤᠰ ᠲᠦᠷᠦ ᠶᠢᠨ ᠮᠡᠷᠭᠡᠵᠢᠯ ᠪᠠ ᠪᠡᠭᠡᠵᠢᠩ ᠤᠨ ᠠᠭᠠᠷ ᠠᠶᠠᠯᠠᠯ ᠤᠨ ᠰᠠᠨᠰᠠᠷ ᠤᠨ ᠠᠶᠠᠯᠠᠯ ᠤᠨ ᠶᠡᠭᠡ ᠰᠤᠷᠭᠠᠭᠤᠯᠢ ᠶᠢᠨ ᠠᠭᠠᠷ ᠠᠶᠠᠯᠠᠯ ᠤᠨ ᠰᠠᠨᠰᠠᠷ ᠤᠨ ᠠᠶᠠᠯᠠᠯ ᠤᠨ ᠲᠦᠷᠦᠯ ᠤᠨ ᠳᠧᠭᠨᠢᠭ ᠤᠨ ᠤᠬᠠᠭᠠᠨ ᠤ ᠲᠤᠷᠰᠢᠯᠳᠠ ᠶᠢᠨ ᠠᠩᠬᠢ ᠳᠤ ᠡᠯᠰᠡᠭᠳᠡᠭᠰᠡᠨ ᠪᠠᠶᠢᠨ᠎ᠠ᠃

1

ᠨᠡᠶᠢᠭᠡᠮ ᠤᠨ ᠰᠢᠨᠵᠢᠯᠡᠬᠦ ᠤᠬᠠᠭᠠᠨ ᠤ ᠲᠦᠷᠦᠭᠦᠦ ᠮᠠᠩᠯᠠᠢ ᠡᠩᠬᠡᠰᠠᠶᠢᠬᠠᠨ ᠪᠤᠯ ᠰᠢᠯᠢ ᠶᠢᠨ ᠭᠤᠤᠯ ᠠᠶᠢᠮᠠᠭ ᠤᠨ ᠵᠡᠭᠦᠨ ᠦᠵᠦᠮᠦᠴᠢᠨ ᠬᠤᠰᠢᠭᠤ ᠶᠢᠨ ᠬᠦᠪᠴᠢᠨ ᠭᠤᠪᠢ ᠰᠤᠮᠤᠨ ᠤ ᠪᠠᠶᠠᠨᠲᠤᠯᠠᠭᠠᠨ ᠭᠠᠴᠠᠭ᠎ᠠ ᠶᠢᠨ ᠮᠠᠯᠴᠢᠨ ᠴᠤᠬᠳᠤᠰᠡᠷᠭᠦᠯᠡᠩ ᠤᠨ ᠬᠦᠦ ᠶᠤᠮ᠃ ᠲᠡᠷᠡ ᠡᠨᠡ ᠵᠢᠯ 614  ᠋  ᠋ ᠶᠢᠨ ᠦᠨᠳᠦᠷ ᠬᠤᠪᠢ ᠪᠠᠷ ᠤᠯᠤᠰ ᠤᠨ ᠨᠢᠭᠡᠲᠦᠯᠲᠡᠢ ᠰᠢᠯᠭᠠᠯᠳᠠ ᠳᠤ ᠮᠤᠩᠭᠤᠯ ᠢᠶᠠᠷ ᠰᠢᠯᠭᠠᠭᠤᠯᠤᠬᠰᠠᠳ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠲᠦᠷᠦᠭᠦᠦ ᠮᠠᠩᠯᠠᠢ ᠪᠤᠯᠤᠬᠰᠠᠨ ᠢ ᠲᠠ ᠪᠦᠬᠦᠨ ᠮᠠᠨᠢ ᠶᠠᠭᠤᠨ ᠠᠨᠳᠠᠬᠤ ᠪᠤᠢ ᠳ᠋ᠠ !ᠡᠩᠬᠡᠰᠠᠶᠢᠬᠠᠨ ᠭᠡᠵᠤ ᠡᠩ ᠤᠨ ᠴᠠᠭ ᠲᠠᠭᠠᠨ ᠴᠡᠭᠡᠵᠢᠯᠡᠬᠦ ᠶᠢ ᠴᠡᠭᠡᠷᠯᠡᠵᠤ᠂ ᠤᠶᠢᠯᠠᠭᠠᠬᠤ ᠶᠢ ᠴᠢᠬᠤᠯᠠᠴᠢᠯᠠᠳᠠᠭ᠃ ᠬᠢᠴᠢᠶᠡᠯ ᠲᠦᠷᠦᠯ ᠢᠶᠠᠨ ᠪᠤᠳᠠᠳᠤ ᠠᠮᠢᠳᠤᠷᠠᠯ ᠲᠠᠢ ᠪᠠᠨ ᠤᠶᠢᠷᠠᠳᠤᠭᠤᠯᠵᠤ ᠰᠡᠳᠬᠢᠵᠤ ᠤᠶᠢᠯᠠᠭᠠᠵᠤ᠂ ᠦᠪᠡᠷ ᠢᠶᠠᠨ ᠳᠠᠪᠳᠠᠬᠤ ᠦᠶ᠎ᠡ ᠳᠡᠭᠡᠨ ᠮᠡᠳᠡᠯᠭᠡ ᠶᠢᠨ ᠴᠡᠭ ᠢ ᠬᠤᠭᠤᠷᠤᠨᠳᠤ ᠨᠢ ᠬᠤᠯᠪᠤᠨ ᠪᠤᠳᠤᠳᠠᠭ᠃ ᠰᠤᠷᠤᠯᠴᠠᠬᠤ ᠳᠠᠭᠠᠨ ᠪᠠᠰᠠ ᠤᠷᠮ᠎ᠠ ᠶᠢ ᠠᠩᠬᠠᠷᠳᠠᠭ᠃ ᠬᠡᠷᠪᠡ ᠲᠤᠯᠤᠭᠠᠢ ᠡᠪᠡᠳᠦᠭᠡᠳ ᠤᠷᠮ᠎ᠠ ᠦᠭᠡᠢ ᠦᠶ᠎ᠡ ᠳᠡᠭᠡᠨ ᠨᠤᠮ ᠢᠶᠠᠨ ᠬᠤᠷᠢᠶᠠᠭᠠᠳ ᠳᠠᠮᠢᠷ ᠤᠨ ᠬᠦᠳᠡᠯᠭᠡᠭᠡᠨ ᠳᠤ ᠤᠷᠤᠯᠴᠠᠳᠠᠭ᠃ ᠪᠠᠰᠠ ᠳᠠᠪᠳᠠᠬᠤ ᠠᠷᠭ᠎ᠠ ᠳᠠᠰᠤᠷᠠᠯᠳᠠ ᠦᠭᠡᠢ ᠡᠷᠢᠯᠬᠢᠯᠡᠵᠤ᠂ ᠰᠤᠷᠤᠯᠴᠠᠬᠤ ᠠᠷᠭ᠎ᠠ ᠪᠠᠨ ᠰᠢᠨᠠᠴᠢᠯᠡᠳᠡᠭ᠃

2

ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠦᠷᠦᠯ ᠤᠨ ᠮᠠᠩᠯᠠᠢ ᠢᠷᠠᠭᠤ ᠪᠤᠯ ᠪᠠᠭᠠᠷᠢᠨ ᠪᠠᠷᠠᠭᠤᠨ ᠬᠤᠰᠢᠭᠤᠨ ᠤ ᠪᠠᠶᠠᠨᠳᠠᠯ᠎ᠠ ᠰᠤᠮᠤᠨ ᠤ ᠭᠤᠷᠭᠤᠤᠯᠳᠠᠢ ᠭᠠᠴᠠᠭ᠎ᠠ ᠶᠢᠨ ᠮᠠᠯᠴᠢᠨ ᠦᠯᠵᠡᠶᠢᠪᠠᠶᠠᠷ᠂ ᠪᠦᠷᠢᠨᠴᠡᠴᠡᠭ ᠤᠨ ᠬᠡᠦᠬᠡᠳ ᠪᠤᠯᠤᠨ᠎ᠠ᠃ ᠲᠡᠷᠡ ᠡᠨᠡ ᠵᠢᠯ 639 ᠬᠤᠪᠢ ᠶᠢᠨ ᠦᠨᠳᠦᠷ ᠬᠢᠷᠢ ᠪᠦᠲᠦᠮᠵᠢ ᠪᠠᠷ ᠮᠠᠩᠯᠠᠢ ᠪᠤᠯᠵᠤ ᠮᠤᠩᠭᠤᠯ ᠲᠦᠮᠡᠨ ᠳᠡᠭᠡᠨ ᠳᠠᠨᠢᠬᠳᠠᠵᠠᠢ᠃ ᠲᠡᠷᠡ ᠪᠠᠶᠠᠨᠳᠠᠯ᠎ᠠ ᠪᠠᠭ᠎ᠠ ᠰᠤᠷᠭᠠᠭᠤᠯᠢ ᠳᠤ ᠦᠵᠡᠵᠤ᠂ ᠳ᠋ᠠᠪᠠᠨ ᠮᠤᠩᠭᠤᠯ ᠳᠤᠮᠳᠠᠳᠤ ᠰᠤᠷᠭᠠᠭᠤᠯᠢ ᠳᠤ ᠠᠩᠬ᠎ᠠ ᠳᠤᠮᠳᠠᠳᠤ ᠪᠠᠨ ᠰᠤᠷᠤᠯᠴᠠᠵᠤ᠂ ᠦᠨᠳᠦᠷ ᠳᠤᠮᠳᠠᠳᠤ ᠪᠠᠨ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ ᠳᠤ ᠰᠠᠭᠤᠵᠤ᠂ ᠪᠠᠭ᠎ᠠ ᠰᠤᠷᠭᠠᠭᠤᠯᠢ ᠠᠴᠠ ᠪᠠᠨ ᠦᠨᠳᠦᠷ ᠳᠤᠮᠳᠠᠳᠤ ᠲᠡᠭᠦᠰᠳᠡᠯ᠎ᠡ ᠪᠠᠨ ᠦᠨᠳᠦᠷ ᠬᠢᠷᠢ ᠪᠦᠲᠦᠮᠵᠢ ᠠᠪᠤᠬᠰᠠᠭᠠᠷ ᠢᠷᠡᠵᠠᠢ᠃ ᠢᠷᠠᠭᠤ ᠶᠡᠷᠦᠳᠡᠭᠡᠨ ᠬᠢᠴᠢᠶᠡᠯ ᠤᠨ ᠦᠨᠳᠦᠰᠦᠨ ᠰᠠᠭᠤᠷᠢ ᠮᠡᠳᠡᠯᠭᠡ ᠪᠠᠨ ᠤᠶᠢᠯᠠᠭᠠᠬᠰᠠᠨ ᠤ ᠰᠠᠭᠤᠷᠢᠨ ᠳᠡᠭᠡᠷ᠎ᠡ ᠢᠯᠡᠭᠦᠦ ᠰᠡᠳᠦᠪ ᠬᠢᠵᠤ᠂ ᠬᠢᠴᠢᠶᠡᠯ ᠢᠶᠠᠨ ᠤᠷᠢᠳᠴᠢᠯᠠᠨ ᠳᠠᠪᠳᠠᠵᠤ᠂ ᠠᠵᠢᠯᠯᠠᠵᠤ ᠠᠮᠠᠷᠬᠤ ᠪᠠᠨ ᠲᠤᠬᠢᠷᠠᠭᠤᠯᠬᠤ ᠶᠢ ᠠᠩᠬᠠᠷᠳᠠᠭ᠃

 

ᠢᠷᠡᠯᠲᠡ᠄      ᠨᠠᠶᠢᠷᠠᠭᠤᠯᠤᠭᠴᠢ᠄