home
home

    ᠤᠷᠤᠨ ᠤ ᠳᠤᠳᠤᠨ᠎ᠠ ᠭᠠᠳᠠᠨᠠᠬᠢ ᠶᠡᠭᠡ ᠳᠡᠬᠡᠳᠤ ᠰᠤᠷᠭᠠᠭᠤᠯᠢ ᠮᠠᠨ ᠤ ᠤᠷᠤᠨ ᠠᠴᠠ 175258 ᠰᠤᠷᠤᠭᠴᠢ ᠡᠯᠰᠡᠵᠡᠢ

2017-08-21  16:28

ᠡᠨᠡ ᠵᠢᠯ ᠤᠷᠤᠨ ᠤ ᠳᠤᠳᠤᠨ᠎ᠠ ᠭᠠᠳᠠᠨᠠᠬᠢ ᠶᠡᠭᠡ ᠳᠡᠬᠡᠳᠤ ᠰᠤᠷᠭᠠᠭᠤᠯᠢ ᠮᠠᠨ ᠤ ᠤᠷᠤᠨ ᠠᠴᠠ ᠨᠡᠶᠢᠳᠡ175258ᠰᠤᠷᠤᠭᠴᠢ ᠡᠯᠰᠡᠪᠡ᠃ ᠡᠬᠦᠨ ᠳᠤ ᠵᠢᠩᠬᠢᠨᠢ ᠠᠩᠬᠢ ᠶᠢᠨ ᠳᠤᠰᠬᠠᠢ ᠮᠡᠷᠬᠡᠵᠢᠯ ᠳᠤ95975ᠰᠤᠷᠤᠭᠴᠢ ᠡᠯᠰᠡᠵᠦ᠂ ᠳᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ (ᠳᠤᠰᠬᠠᠢ ᠮᠡᠷᠬᠡᠵᠢᠯ ᠤᠨ ᠰᠤᠷᠭᠠᠭᠤᠯᠢ ) ᠳᠤ79283ᠰᠤᠷᠤᠭᠴᠢ ᠡᠯᠰᠡᠵᠡᠢ᠃ᠤᠷᠤᠨ ᠤ ᠳᠤᠳᠤᠨᠠᠬᠢ ᠶᠡᠭᠡ ᠳᠡᠬᠡᠳᠤ ᠰᠤᠷᠭᠠᠭᠤᠯᠢ113597ᠰᠤᠷᠤᠭᠴᠢ ᠡᠯᠰᠡᠵᠦ᠂ ᠤᠷᠤᠨ ᠤ ᠭᠠᠳᠠᠨᠠᠬᠢ ᠶᠡᠭᠡ ᠲᠡᠬᠡᠳᠦ ᠰᠤᠷᠭᠠᠭᠤᠯᠢ 61661 ᠰᠤᠷᠤᠭᠴᠢ ᠡᠯᠰᠡᠪᠡ᠃

2017ᠤᠨ ᠤ ᠦᠪᠡᠷᠳᠡᠬᠡᠨ ᠵᠠᠰᠬᠠᠤ ᠤᠷᠤᠨ ᠤ ᠡᠩ ᠤᠨ ᠶᠡᠭᠡ ᠳᠡᠬᠡᠳᠤ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ 6ᠰᠠᠷ᠎ᠠ ᠶᠢᠨ25  ᠋  ᠋ ᠠᠴᠠ ᠡᠬᠢᠯᠡᠵᠦ᠂ ᠴᠡᠷᠢᠭ ᠤᠨ ᠶᠠᠪᠤᠳᠠᠯ᠂ ᠳᠤᠳᠤᠭᠠᠳᠤ ᠶᠢ ᠬᠠᠮᠠᠭᠠᠯᠠᠬᠤ ᠵᠡᠷᠬᠡ ᠶᠡᠭᠡ ᠳᠡᠬᠡᠳᠤ ᠰᠤᠷᠭᠠᠭᠤᠯᠢ ᠶᠢᠨ ᠰᠠᠨᠠᠮᠵᠢᠳᠤ ᠡᠷᠡᠮᠡᠯᠵᠡᠯ ᠳᠠᠭᠯᠠᠬᠤ᠂ ᠵᠢᠩᠬᠢᠨᠢ ᠠᠩᠬᠢ ᠶᠢᠨ ᠤᠷᠢᠳᠴᠢᠯᠠᠨ ᠡᠯᠰᠡᠬᠦAᠪᠦᠯᠦᠭ᠂ ᠵᠢᠩᠬᠢᠨᠢ ᠠᠩᠬᠢ ᠶᠢᠨ ᠤᠷᠢᠳᠴᠢᠯᠠᠨ ᠡᠯᠰᠡᠬᠦBᠪᠦᠯᠦᠭ᠂ ᠵᠢᠩᠬᠢᠨᠢ ᠠᠩᠬᠢ ᠶᠢᠨ ᠨᠢᠬᠡᠳᠦᠬᠡᠷBᠪᠦᠯᠦᠭ᠂ ᠵᠢᠩᠬᠢᠨᠢ ᠠᠩᠬᠢ ᠶᠢᠨ ᠬᠤᠶᠠᠳᠤᠭᠠᠷ ᠪᠦᠯᠦᠭ᠂ ᠵᠢᠩᠬᠢᠨᠢ ᠠᠩᠬᠢ ᠶᠢᠨ ᠬᠤᠶᠠᠳᠤᠭᠠᠷ Bᠪᠦᠯᠦᠭ᠂ ᠳᠤᠰᠬᠠᠢ ᠮᠡᠷᠬᠡᠵᠢᠯ ᠤᠨ ᠤᠷᠢᠳᠴᠢᠯᠡᠨ ᠡᠯᠰᠡᠬᠦ᠂ ᠳᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠳᠤᠰᠬᠠᠢ ᠮᠡᠷᠬᠡᠵᠢᠯ ᠤᠨ ᠰᠤᠷᠭᠠᠭᠤᠯᠢ ᠵᠡᠷᠬᠡ 8 ᠪᠦᠯᠦᠭ ᠤᠳᠠᠭ᠎ᠠ ᠪᠠᠷ ᠡᠯᠰᠡᠵᠦ᠂7ᠰᠠᠷ᠎ᠠ ᠶᠢᠨ30  ᠋  ᠋ ᠤ ᠡᠳᠦᠷ᠂ ᠰᠤᠷᠤᠭᠴᠢ ᠡᠯᠰᠡᠬᠦ ᠠᠵᠢᠯ ᠳᠠᠭᠤᠰᠤᠭᠰᠠᠨ ᠪᠠᠶᠢᠨ᠎ᠠ᠃

ᠢᠷᠡᠯᠲᠡ᠄      ᠨᠠᠶᠢᠷᠠᠭᠤᠯᠤᠭᠴᠢ᠄