home
home

    ᠮᠠᠨ ᠤ ᠤᠷᠤᠨ ᠤ 21 ᠰᠤᠷᠭᠠᠭᠤᠯᠢ ᠳᠤ 《ᠺᠦᠩᠽᠢ ᠶᠢᠨ ᠬᠢᠴᠢᠶᠡᠯ》 ᠋ ᠨᠡᠬᠡᠬᠡᠪᠡ

2017-08-21  16:35

10 ᠰᠠᠷ᠎ᠠ ᠶᠢᠨ 27  ᠋  ᠋ ᠤ ᠡᠳᠦᠷ᠂ ᠦᠪᠦᠷ ᠮᠤᠩᠭᠤᠯ ᠤᠨ ᠠᠩᠬᠠᠳᠤᠭᠠᠷ ᠬᠤᠭᠤᠴᠠᠭᠠᠨ ᠤ《ᠤᠤᠷ ᠰᠤᠶᠤᠯ ᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ 》ᠵᠢᠱᠢᠶ᠎ᠡ ᠦᠵᠡᠬᠦᠯᠬᠦ ᠰᠤᠷᠭᠠᠭᠤᠯᠢ ᠶᠢᠨ ᠳᠤᠷᠰᠢᠯᠭ᠎ᠠ ᠰᠤᠯᠢᠯᠴᠠᠬᠤ ᠬᠤᠷᠠᠯ ᠵᠢᠴᠢ ᠦᠪᠦᠷ ᠮᠤᠩᠭᠤᠯ ᠳᠤ《ᠺᠦᠩᠽᠢ ᠶᠢᠨ ᠬᠢᠴᠢᠶᠡᠯ 》ᠨᠡᠬᠡᠬᠡᠬᠦ ᠰᠤᠳᠤᠯᠤᠨ ᠶᠠᠷᠢᠯᠴᠠᠬᠤ ᠬᠤᠷᠠᠯ ᠬᠦᠬᠡᠬᠤᠳᠠ ᠶᠢᠨ ᠰᠠᠶᠢᠬᠠᠨ ᠳᠤᠭᠤᠷᠢᠭ ᠤᠨ ᠦᠨᠳᠦᠰᠦᠳᠡᠨ ᠤ ᠪᠠᠭ᠎ᠠ ᠰᠤᠷᠭᠠᠭᠤᠯᠢ ᠳᠤ ᠶᠠᠪᠤᠭᠳᠠᠪᠠ᠃

ᠪᠦᠬᠦ ᠤᠷᠤᠨ ᠤ ᠡᠯ᠎ᠠ ᠠᠶᠢᠮᠠᠭ ᠬᠤᠳᠠ ᠶᠢᠨ 100 ᠭᠠᠷᠤᠢ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠤᠤᠷ ᠰᠤᠶᠤᠯ ᠤᠨ ᠪᠠᠭᠰᠢ ᠵᠢᠴᠢ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠤᠨ ᠳᠤᠰᠬᠠᠢ ᠮᠡᠷᠬᠡᠵᠢᠯᠳᠡᠨ ᠰᠤᠳᠤᠯᠤᠨ ᠶᠠᠷᠢᠯᠴᠠᠬᠤ ᠬᠤᠷᠠᠯ ᠳᠤ ᠤᠷᠤᠯᠴᠠᠪᠠ᠃ ᠳᠤᠰ ᠡᠳᠦᠷ᠂ ᠰᠠᠶᠢᠬᠠᠨ ᠳᠤᠭᠤᠷᠢᠭ ᠤᠨ ᠦᠨᠳᠦᠰᠦᠳᠡᠨ ᠤ ᠪᠠᠭ᠎ᠠ ᠰᠤᠷᠭᠠᠭᠤᠯᠢ᠂ ᠰᠢᠨ᠎ᠡ ᠬᠤᠳᠠ ᠳᠤᠭᠤᠷᠢᠭ ᠤᠨ ᠬᠠᠢ ᠰᠢᠨ ᠪᠠᠭ᠎ᠠ ᠰᠤᠷᠭᠠᠭᠤᠯᠢ ᠵᠡᠷᠬᠡ ᠮᠠᠨ ᠤ ᠤᠷᠤᠨ ᠤ ᠡᠯ᠎ᠠ ᠠᠶᠢᠮᠠᠭ ᠬᠤᠳᠠ ᠶᠢᠨ 21 ᠰᠤᠷᠭᠠᠭᠤᠯᠢ ᠳᠤ 《ᠺᠦᠩᠽᠢ ᠶᠢᠨ ᠬᠢᠴᠢᠶᠡᠯ 》ᠨᠡᠬᠡᠬᠡᠬᠦ ᠫᠠᠶᠢᠰᠠ ᠤᠯᠭᠤᠵᠠᠢ᠃

ᠤᠢᠢᠯᠠᠭᠠᠭᠰᠠᠨ ᠢᠶᠠᠷ᠂《ᠺᠦᠩᠽᠢ ᠶᠢᠨ ᠬᠢᠴᠢᠶᠡᠯ 》 ᠢ ᠳᠤᠮᠳᠠᠳᠤ ᠤᠯᠤᠰ ᠤᠨ ᠺᠦᠩᠽᠢ ᠶᠢᠨ ᠰᠠᠭᠤᠷᠢ ᠮᠦᠩᠬᠦ ᠶᠢᠨ ᠨᠡᠶᠢᠬᠡᠮᠯᠢᠭ ᠠᠴᠠ ᠰᠡᠳᠦᠨ ᠡᠷᠬᠢᠯᠡᠵᠦ᠂ ᠨᠡᠶᠢᠬᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ ᠬᠦᠮᠦᠵᠢᠬᠦᠯᠦᠨ ᠦᠢᠯᠡᠳᠦᠯᠬᠡᠵᠢᠬᠦᠯᠵᠦ᠂ ᠰᠢᠯᠢᠳᠡᠭ ᠤᠯᠠᠮᠵᠢᠯᠠᠯᠳᠤ ᠰᠤᠶᠤᠯ ᠢ ᠮᠠᠨᠳᠤᠭᠤᠯᠬᠤ᠂ ᠺᠦᠩᠽᠢ ᠶᠢᠨ ᠰᠢᠯᠢᠳᠡᠭ ᠰᠤᠷᠭᠠᠨ ᠬᠦᠮᠦᠵᠢᠯ ᠤᠨ ᠦᠵᠡᠯ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠪᠠᠷ ᠭᠤᠤᠯ ᠵᠤᠷᠢᠯᠳᠠ ᠪᠠᠨ ᠪᠤᠯᠭᠠᠭᠰᠠᠨ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠨᠡᠶᠢᠬᠡᠮ ᠤᠨ ᠰᠤᠷᠭᠠᠨ ᠬᠦᠮᠦᠵᠢᠯ ᠤᠨ ᠰᠠᠭᠤᠷᠢᠨ ᠪᠤᠯᠤᠨ᠎ᠠ᠃ 2014 ᠤᠨ ᠠᠴᠠ ᠤᠳᠤᠬᠠᠨ ᠪᠤᠯᠳᠠᠯ᠎ᠠ᠂ ᠳᠤᠮᠳᠠᠳᠤ ᠤᠯᠤᠰ ᠤᠨ ᠺᠦᠩᠽᠢ ᠶᠢᠨ ᠰᠠᠭᠤᠷᠢ ᠮᠦᠩᠬᠦ ᠶᠢᠨ ᠨᠡᠶᠢᠬᠡᠮᠯᠢᠭ ᠨᠢ ᠪᠦᠬᠦ ᠤᠯᠤᠰ ᠲᠤ ᠬᠡᠳᠦᠨ ᠵᠠᠭᠤᠭᠠᠳ 《ᠺᠦᠩᠽᠢ ᠶᠢᠨ ᠬᠢᠴᠢᠶᠡᠯ 》ᠨᠡᠬᠡᠬᠡᠭᠰᠡᠨ ᠪᠠᠶᠢᠨ᠎ᠠ᠃

ᠢᠷᠡᠯᠲᠡ᠄      ᠨᠠᠶᠢᠷᠠᠭᠤᠯᠤᠭᠴᠢ᠄