home
home

    ᠪᠦᠬᠦ ᠤᠷᠤᠨ ᠤ ᠭᠡᠷ ᠪᠦᠯᠢ ᠶᠢᠨ ᠬᠦᠮᠦᠵᠢᠯ ᠤᠨ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠪᠠ

2017-08-22  8:49

7 ᠰᠠᠷ᠎ᠠ ᠶᠢᠨ 10  ᠋  ᠋ ᠤ ᠡᠳᠦᠷ᠂ ᠪᠦᠬᠦ ᠤᠷᠤᠨ ᠤ ᠭᠡᠷ ᠪᠦᠯᠢ ᠶᠢᠨ ᠬᠦᠮᠦᠵᠢᠯ ᠤᠨ ᠠᠵᠢᠯ ᠤᠨ ᠲᠧᠯᠸᠢᠰ ᠤᠳᠠᠰᠤ ᠬᠤᠷᠠᠯ ᠬᠦᠬᠡᠬᠤᠳᠠ ᠳᠤ ᠬᠤᠷᠠᠯᠳᠤᠪᠠ᠃

ᠬᠤᠷᠠᠯ ᠠᠴᠠ᠂ ᠶᠡᠷᠦᠩᠭᠡᠢ ᠱᠦᠵᠢ ᠰᠢ ᠶᠢᠨ ᠫᠢᠡᠭ ᠤᠨ《ᠭᠡᠷ ᠪᠦᠯᠢ ᠶᠢ ᠬᠦᠨᠳᠦᠳᠭᠡᠬᠦ᠂ ᠭᠡᠷ ᠪᠦᠯᠢ ᠶᠢᠨ ᠬᠦᠮᠦᠵᠢᠯ ᠢ ᠬᠦᠨᠳᠦᠳᠭᠡᠬᠦ᠂ ᠭᠡᠷ ᠤᠨ ᠰᠤᠷᠳᠠᠯ ᠢ ᠬᠦᠨᠳᠦᠳᠭᠡᠬᠦ 》ᠵᠡᠷᠭᠡ ᠭᠡᠷ ᠪᠦᠯᠢ ᠶᠢᠨ ᠪᠠᠶᠢᠭᠤᠯᠤᠯᠳᠠ ᠶᠢᠨ ᠲᠤᠬᠠᠢ ᠴᠢᠬᠤᠯᠠ ᠵᠢᠭᠠᠪᠤᠷᠢ ᠨᠤᠭᠤᠳ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠪᠦᠬᠦ ᠤᠯᠤᠰ ᠤᠨ ᠡᠮᠡᠭᠳᠡᠶᠢᠴᠤᠳ ᠤᠨ ᠬᠤᠯᠪᠤᠭ᠎ᠠ ᠶᠢᠨ ᠬᠠᠮᠢᠶ᠎ᠠ ᠪᠦᠬᠦᠢ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ  ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂《ᠠᠷᠪᠠᠨ ᠭᠤᠷᠪᠠᠳᠤᠭᠠᠷ ᠲᠠᠪᠤᠨ ᠵᠢᠯ 》 ᠤᠨ ᠭᠡᠷ ᠪᠦᠯᠢ ᠶᠢᠨ ᠬᠦᠮᠦᠵᠢᠯ ᠤᠨ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠵᠤ᠂ ᠪᠦᠬᠦ ᠤᠷᠤᠨ ᠤ ᠭᠡᠷ ᠪᠦᠯᠢ ᠶᠢᠨ ᠬᠦᠮᠦᠵᠢᠯ ᠤᠨ ᠠᠵᠢᠯ ᠤᠨ ᠰᠢᠨ᠎ᠡ ᠶᠢ ᠡᠭᠦᠳᠦᠨ ᠭᠦᠭᠵᠢᠬᠦ ᠶᠢ ᠴᠢᠨᠠᠬᠰᠢᠳᠠ ᠠᠬᠢᠭᠤᠯᠪᠠ᠃

ᠬᠤᠷᠠᠯ ᠠᠴᠠ᠂《ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠡᠷ ᠪᠦᠯᠢ ᠶᠢᠨ ᠬᠦᠮᠦᠵᠢᠯ ᠤᠨ ᠠᠵᠢᠯ ᠢ ᠵᠢᠯᠤᠭᠤᠳᠣᠨ ᠠᠬᠢᠭᠤᠯᠬᠤ ᠲᠤᠬᠠᠢ ᠲᠠᠪᠤᠨ ᠵᠢᠯ ᠤᠨ ᠲᠦᠯᠦᠪᠵᠢᠬᠦᠯᠭᠡ (2016 — 2020 ᠤᠨ) 》 ᠪᠠᠷ ᠬᠦᠳᠦᠯᠪᠤᠷᠢ ᠪᠤᠯᠭᠠᠵᠤ᠂ ᠭᠤᠤᠯᠳᠠᠯᠭ᠎ᠠ ᠪᠠᠨ ᠲᠤᠪᠤᠶᠢᠯᠭᠠᠵᠤ᠂ ᠭᠡᠷ ᠪᠦᠯᠢ ᠶᠢᠨ ᠬᠦᠮᠦᠵᠢᠯ ᠤᠨ ᠠᠵᠢᠯ ᠤᠨ ᠭᠦᠨᠵᠡᠭᠡᠶᠢᠷᠡᠨ ᠭᠦᠭᠵᠢᠬᠦ ᠶᠢ ᠠᠬᠢᠭᠤᠯᠬᠤ ᠬᠡᠷᠡᠭᠳᠡᠢ᠃ ᠶᠤᠰᠤ ᠰᠤᠷᠳᠠᠬᠤᠨ ᠢᠶᠠᠷ ᠬᠦᠮᠦᠨ ᠬᠦᠮᠦᠵᠢᠬᠦᠯᠬᠦ ᠪᠠ ᠶᠤᠰᠤ ᠮᠤᠷᠠᠯ ᠤᠨ ᠬᠦᠮᠦᠵᠢᠯ ᠢᠶᠠᠷ ᠦᠨᠳᠦᠰᠦᠨ ᠡᠭᠦᠷᠭᠡ ᠪᠤᠯᠭᠠᠵᠤ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠠ ᠶᠢ ᠪᠤᠢ ᠪᠤᠯᠭᠠᠨ ᠦᠢᠯᠡᠳᠦᠯᠭᠡᠵᠢᠬᠦᠯᠬᠦ ᠶᠢ ᠭᠤᠣᠯ ᠬᠦᠭ ᠠᠶᠠᠰ ᠪᠣᠯᠭᠠᠵᠣ᠂ ᠰᠢᠨᠵᠢᠯᠡᠬᠦ ᠤᠬᠠᠭᠠᠨ ᠤ ᠰᠣᠳᠣᠯᠭᠠᠨ᠂ ᠡᠩᠨᠡᠭᠡ ᠶᠢᠨ ᠪᠠᠶᠢᠭᠤᠯᠤᠯᠳᠠ᠂ ᠠᠵᠢᠯᠯᠠᠭ᠎ᠠ ᠶᠢᠨ ᠬᠦᠳᠦᠯᠦᠨ ᠵᠢᠯᠣᠭᠤᠳᠣᠯᠭ᠎ᠠ᠂ ᠲᠠᠪᠴᠠᠩ ᠤᠨ ᠪᠠᠶᠢᠭᠤᠯᠤᠯᠳᠠ ᠵᠡᠷᠭᠡ ᠡᠯ᠎ᠠ ᠭᠤᠬᠴᠤᠭ᠎ᠠ ᠳᠤ ᠠᠭᠤᠰᠬᠠᠵᠤ᠂ ᠭᠡᠷ ᠪᠦᠯᠢ ᠶᠢᠨ ᠬᠦᠮᠦᠵᠢᠯ ᠤᠨ ᠪᠦᠬᠦ ᠶᠠᠪᠤᠴᠠ ᠳᠤ ᠨᠠᠶᠢᠳᠠᠪᠤᠷᠢᠵᠢᠭᠤᠯᠵᠤ᠂ ᠭᠡᠷ ᠪᠦᠯᠢ ᠶᠢᠨ ᠬᠦᠮᠦᠵᠢᠯ ᠤᠨ ᠦᠢᠯᠡᠳᠦᠯ ᠢ ᠬᠦᠢᠴᠡᠳ ᠪᠠᠳᠠᠷᠠᠭᠤᠯᠬᠤ ᠬᠡᠷᠡᠭᠳᠡᠢ᠃ ᠡᠬᠦᠷᠭᠡ ᠴᠢᠳᠠᠪᠬᠢ ᠶᠢᠨ ᠬᠤᠪᠢᠶᠠᠷᠢ ᠪᠠᠷ ᠪᠠᠷᠢᠴᠠ ᠪᠤᠯᠭᠠᠵᠤ᠂ ᠬᠠᠮᠳᠤᠷᠠᠯ ᠤᠨ ᠬᠦᠴᠦᠨ ᠢ ᠪᠦᠷᠢᠯᠳᠦᠬᠦᠯᠵᠦ᠂ ᠭᠡᠷ ᠪᠦᠯᠢ ᠶᠢᠨ ᠬᠦᠮᠦᠵᠢᠯ ᠤᠨ ᠦᠢᠯᠡᠰ ᠤᠨ ᠭᠦᠭᠵᠢᠯᠳᠠ ᠳᠤ ᠬᠦᠴᠦᠨ ᠪᠦᠬᠦᠢ ᠪᠠᠳᠤᠯᠠᠭ᠎ᠠ ᠬᠠᠨᠭ᠍ᠭᠠᠬᠤ ᠬᠡᠷᠡᠭᠳᠡᠢ ᠭᠡᠵᠦ ᠱᠠᠭᠠᠷᠳᠠᠪᠠ᠃

ᠬᠤᠷᠠᠯ ᠳᠡᠭᠡᠷ᠎ᠡ᠂ ᠬᠦᠬᠡᠬᠤᠳᠠ᠂ ᠲᠦᠩᠯᠢᠶᠣᠣ ᠬᠤᠳᠠ᠂ ᠪᠣᠭᠤᠳᠣ ᠬᠤᠳᠠ᠂ ᠣᠯᠠᠭᠠᠨᠬᠠᠳᠠ ᠬᠤᠳᠠ ᠶᠢᠨ ᠰᠦᠩᠱᠠᠨ ᠳᠣᠭᠤᠷᠢᠭ ᠶᠢᠨ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠳᠠᠨ ᠦᠪᠡᠷ ᠦᠪᠡᠷᠰᠡᠳ ᠤᠨ ᠭᠡᠷ ᠪᠦᠯᠢ ᠶᠢᠨ ᠬᠦᠭᠵᠢᠯᠳᠡ ᠶᠢ ᠠᠬᠢᠭᠤᠯᠬᠤ ᠰᠡᠳᠬᠢᠴᠡ ᠪᠣᠯᠣᠨ ᠠᠷᠭ᠎ᠠ ᠬᠢᠳᠡᠯ ᠢᠶᠠᠨ ᠳᠠᠨᠢᠯᠴᠠᠭᠤᠯᠵᠠᠢ᠃

ᠢᠷᠡᠯᠲᠡ᠄      ᠨᠠᠶᠢᠷᠠᠭᠤᠯᠤᠭᠴᠢ᠄