home
home

    ᠪᠦᠬᠦ ᠤᠯᠤᠰ ᠤᠨ ᠳᠦᠷᠪᠡ ᠵᠢᠷᠭᠤᠳᠤᠭᠠᠷ ᠳᠡᠰ ᠤᠨ ᠰᠢᠯᠭᠠᠯᠲᠠ ᠶᠢᠨ ᠬᠢᠷᠢ ᠪᠦᠲᠦᠮᠵᠢ ᠶᠢ 20  ᠋  ᠋ ᠤ ᠡᠳᠦᠷ ᠪᠠᠶᠢᠴᠠᠭᠠᠨ ᠯᠠᠪᠯᠠᠵᠤ ᠪᠣᠯᠤᠨ᠎ᠠ

2017-08-25  15:07

2017 ᠣᠨ ᠤ ᠳᠡᠭᠡᠳᠦ ᠬᠠᠭᠠᠰ ᠵᠢᠯ ᠳᠤ ᠪᠤᠯᠤᠭᠰᠠᠨ ᠪᠦᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡ᠂ ᠵᠢᠷᠭᠤᠳᠤᠭᠠᠷ ᠳᠡᠰ ᠤᠨ ᠰᠢᠯᠭᠠᠯᠲᠠ(CET) ᠶᠢᠨ ᠬᠢᠷᠢ ᠪᠦᠲᠦᠮᠵᠢ (ᠶᠠᠷᠢᠶᠠᠨ ᠤ ᠬᠡᠯᠡᠨ ᠤ ᠬᠢᠷᠢ ᠪᠦᠲᠦᠮᠵᠢ ᠪᠠᠭᠲᠠᠨ᠎ᠠ ) ᠶᠢ 8 ᠳ᠋ᠤᠭᠠᠷ ᠰᠠᠷ᠎ᠠ ᠶᠢᠨ 20  ᠋  ᠋ ᠤ ᠡᠳᠦᠷ ᠨᠡᠶᠢᠲᠡᠯᠡᠨ᠎ᠡ᠂ ᠲᠤᠬᠠᠶ ᠶᠢᠨ ᠴᠠᠭ ᠲᠤ ᠰᠢᠯᠭᠠᠭᠤᠯᠤᠭᠴᠢᠳ ᠰᠤᠷᠭᠠᠨ ᠬᠥᠮᠦᠵᠢᠯ ᠤᠨ ᠶᠠᠮᠤᠨ ᠤ ᠰᠢᠯᠭᠠᠯᠲᠠ ᠶᠢᠨ ᠲᠦᠪ ᠤᠨ ᠶᠡᠷᠦᠩᠬᠡᠶᠢᠯᠡᠨ ᠪᠠᠶᠢᠴᠠᠭᠠᠨ ᠯᠠᠪᠯᠠᠬᠤ ᠰᠦᠯᠵᠢᠶ᠎ᠡ ᠪᠤᠶᠤ ᠳᠤᠮᠳᠠᠳᠤ ᠤᠯᠤᠰ ᠤᠨ ᠶᠡᠭᠡ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠰᠤᠷᠤᠭᠴᠢ ᠶᠢᠨ ᠮᠡᠳᠡᠭᠡ ᠵᠠᠩᠭᠢ ᠶᠢᠨ ᠰᠦᠯᠵᠢᠶᠡᠨ ᠠᠴᠠ ᠬᠢᠷᠢ ᠪᠦᠲᠦᠮᠵᠢ ᠪᠠᠨ ᠯᠠᠪᠯᠠᠵᠤ ᠪᠤᠯᠤᠨ᠎ᠠ᠃         ᠲᠠᠨᠢᠯᠴᠠᠭᠤᠯᠤᠭᠰᠠᠨ ᠢᠶᠠᠷ᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ 220 ᠬᠤᠪᠢ ᠠᠴᠠ ᠳᠣᠣᠷ᠎ᠠ ᠪᠤᠯ᠂ ᠪᠠᠶᠢᠴᠠᠭᠠᠨ ᠯᠠᠪᠯᠠᠬᠤ ᠰᠢᠰᠲ᠋ᠧᠮ ᠳᠤ ᠬᠢᠷᠢ ᠪᠦᠲᠦᠮᠵᠢ ᠨᠢ 0 ᠬᠤᠪᠢ ᠪᠠᠷ ᠢᠯᠡᠷᠡᠬᠦ ᠪᠤᠯᠤᠨ᠎ᠠ᠃ ᠬᠡᠷᠪᠡ ᠰᠢᠯᠭᠠᠭᠤᠯᠤᠭᠴᠢᠳ ᠬᠢᠷᠢ ᠪᠦᠲᠦᠮᠵᠢ ᠳᠡᠭᠡᠨ ᠰᠡᠵᠢᠭ ᠲᠠᠢ ᠪᠤᠯ᠂ ᠬᠢᠷᠢ ᠪᠦᠲᠦᠮᠵᠢ ᠪᠠᠨ ᠬᠢᠨᠠᠨ ᠪᠠᠶᠢᠴᠠᠭᠠᠯᠭᠠᠬᠤ ᠭᠤᠶᠤᠴᠢᠯᠠᠯ ᠢ ᠪᠦᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡ᠂ ᠵᠢᠷᠭᠤᠳᠤᠭᠠᠷ ᠳᠡᠰ ᠤᠨ ᠰᠢᠯᠭᠠᠯᠲᠠ ᠶᠢᠨ ᠺᠣᠮᠢᠰ ᠤᠨ ᠠᠯᠪᠠᠨ ᠭᠡᠷ ᠬᠦᠯᠢᠶᠡᠨ ᠠᠪᠴᠤ ᠰᠢᠢᠳᠪᠦᠷᠢᠯᠡᠨ᠎ᠡ᠂ ᠪᠣᠳᠠᠲᠠᠶ ᠰᠢᠶᠳᠪᠦᠷᠢᠯᠡᠬᠦ ᠠᠷᠭ᠎ᠠ ᠶᠢ 《ᠪᠦᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠦᠷᠪᠡ᠂ ᠵᠢᠷᠭᠤᠳᠤᠭᠠᠷ ᠳᠡᠰ ᠤᠨ ᠰᠢᠯᠭᠠᠯᠲᠠ》 ᠶᠢᠨ ᠰᠦᠯᠵᠢᠶᠡᠨ ᠤ 《ᠦᠨᠡᠮᠯᠡᠯ / ᠬᠢᠷᠢ ᠪᠦᠲᠦᠮᠵᠢ ᠶᠢᠨ ᠬᠠᠭᠤᠳᠠᠰᠤ ᠶᠢ ᠵᠠᠰᠠᠬᠤ》ᠲᠤᠰᠬᠠᠶ ᠪᠤᠯᠤᠩ ᠳᠤ ᠨᠡᠶᠢᠲᠡᠯᠡᠭᠰᠡᠨ 《ᠴᠢᠬᠤᠯᠠ ᠮᠡᠳᠡᠭᠳᠡᠯ》 ᠢ ᠦᠵᠡᠭᠡᠷᠡᠢ᠃

CET ᠶᠢᠨ ᠬᠢᠷᠢ ᠪᠦᠲᠦᠮᠵᠢ ᠶᠢᠨ ᠮᠡᠳᠡᠭᠳᠡᠯ ᠤᠨ ᠬᠠᠭᠤᠳᠠᠰᠤ (ᠶᠠᠷᠢᠶᠠᠨ ᠤ ᠬᠡᠯᠡᠨ ᠤ ᠬᠢᠷᠢ ᠪᠦᠲᠦᠮᠵᠢ ᠪᠠᠭᠲᠠᠨ᠎ᠠ ) ᠶᠢ ᠬᠢᠷᠢ ᠪᠦᠲᠦᠮᠵᠢ ᠶᠢ ᠨᠡᠶᠢᠲᠡᠯᠡᠭᠰᠡᠨ ᠠᠴᠠ 30 ᠠᠵᠢᠯᠯᠠᠬᠤ ᠡᠳᠦᠷ ᠤᠨ ᠲᠠᠷᠠᠭ᠎ᠠ ᠡᠯ᠎ᠡ ᠮᠤᠵᠢ ᠶᠢᠨ ᠱᠠᠲᠤᠨ ᠤ CETᠳᠠᠭᠠᠭᠠᠴᠢᠯᠠᠨ ᠭᠦᠢᠴᠡᠳᠬᠡᠬᠦ ᠪᠠᠶᠢᠭᠤᠯᠤᠮᠵᠢ ᠳᠤ ᠪᠠᠭᠤᠯᠭᠠᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠬᠢᠷᠢ ᠪᠦᠲᠦᠮᠵᠢ ᠶᠢᠨ ᠮᠡᠳᠡᠭᠳᠡᠯ  ᠤᠨ ᠬᠠᠭᠤᠳᠠᠰᠤ ᠶᠢ ᠤᠯᠤᠮᠠᠭᠴᠠ ᠪᠠᠨ ᠡᠯ᠎ᠡ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ ᠪᠠᠭᠤᠯᠭᠠᠨ᠎ᠠ᠃ ᠡᠶᠢᠮᠦ ᠠᠴᠠ ᠬᠢᠷᠢ ᠪᠦᠲᠦᠮᠵᠢ ᠶᠢᠨ ᠬᠠᠭᠤᠳᠠᠰᠤ ᠠᠪᠬᠤ ᠴᠠᠭ ᠨᠢ ᠰᠢᠯᠭᠠᠯᠲᠠ ᠳᠠᠭᠤᠰᠤᠭᠰᠠᠨ ᠤ ᠳᠠᠷᠠᠭᠠᠬᠢ 90 ᠡᠳᠦᠷ ᠠᠴᠠ ᠬᠤᠵᠢᠭᠤ ᠪᠤᠯᠵᠤ ᠮᠡᠳᠡᠨ᠎ᠡ᠂ ᠰᠢᠯᠭᠠᠭᠤᠯᠤᠭᠴᠢᠳ ᠬᠦᠯᠢᠴᠡᠩᠭᠦᠶ ᠪᠠᠷ ᠬᠦᠯᠢᠶᠡᠬᠦ ᠶᠢᠨ ᠬᠠᠮᠲᠤ ᠶᠡᠭᠡ ᠳᠡᠭᠡᠳᠦ ᠰᠤᠷᠭᠠᠭᠤᠯᠢ ᠶᠢᠨ ᠨᠡᠷ᠎ᠡ ᠮᠡᠳᠡᠭᠦᠯᠬᠦ ᠭᠠᠵᠠᠷ ᠠᠴᠠ ᠠᠰᠠᠭᠤᠵᠤ ᠪᠠᠶᠢᠭᠠᠳ ᠬᠢᠷᠢ ᠪᠦᠲᠦᠮᠵᠢ ᠶᠢᠨ ᠮᠡᠳᠡᠭᠳᠡᠯ ᠤᠨ ᠬᠠᠭᠤᠳᠠᠰᠤ ᠪᠠᠨ ᠠᠪᠤᠭᠠᠷᠠᠢ᠃

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠰᠢᠯᠭᠠᠭᠤᠯᠤᠭᠰᠠᠳ ᠲᠤ ᠰᠠᠨᠠᠭᠤᠯᠬᠤ ᠨᠢ᠂ ᠰᠢᠯᠭᠠᠭᠤᠯᠤᠭᠰᠠᠳ ᠤᠨ ᠬᠤᠪᠢ ᠬᠥᠮᠦᠨ ᠤ ᠠᠰᠠᠭᠤᠳᠠᠯ ᠠᠴᠠ ᠪᠤᠯᠵᠤ CETᠬᠢᠷᠢ ᠪᠦᠲᠦᠮᠵᠢ ᠶᠢᠨ ᠬᠠᠭᠤᠳᠠᠰᠤ ᠳᠡᠭᠡᠷᠡᠬᠢ ᠮᠡᠳᠡᠭᠡ ᠵᠠᠩᠭᠢ ᠨᠢ ᠪᠤᠷᠤᠭᠤ ᠪᠤᠯᠤᠭᠰᠠᠨ ᠪᠤᠯ᠂ ᠵᠠᠰᠠᠨ ᠨᠥᠬᠦᠵᠦ ᠦᠭᠬᠦ ᠦᠭᠡᠢ; ᠰᠢᠯᠭᠠᠭᠤᠯᠤᠭᠴᠢ ᠶᠢᠨ ᠬᠤᠪᠢ ᠬᠥᠮᠦᠨ ᠤ ᠠᠰᠠᠭᠤᠳᠠᠯ ᠠᠴᠠ ᠪᠤᠯᠵᠤ CET ᠶᠢᠨ ᠬᠢᠷᠢ ᠪᠦᠲᠦᠮᠵᠢ ᠶᠢᠨ ᠬᠠᠭᠤᠳᠠᠰᠤ ᠪᠠᠨ ᠭᠡᠭᠡᠭᠰᠡᠨ ᠪᠤᠯ᠂ ᠳᠠᠬᠢᠨ ᠨᠥᠬᠦᠵᠦ ᠥᠭᠬᠦ ᠦᠭᠡᠢ᠂ ᠵᠥᠪᠬᠡᠨ ᠬᠢᠷᠢ ᠪᠦᠲᠦᠮᠵᠢ ᠶᠢᠨ ᠬᠡᠷᠡᠴᠢᠯᠡᠯ ᠨᠦᠬᠦᠨ ᠦᠭᠴᠦ᠂ ᠰᠢᠯᠭᠠᠭᠤᠯᠤᠭᠴᠢ ᠥᠪᠡᠷᠲᠡᠭᠡᠨ ᠰᠢᠶᠳᠪᠦᠷᠢᠯᠡᠨ᠎ᠡ᠃ ᠪᠣᠳᠠᠲᠠᠶ ᠰᠢᠶᠳᠪᠦᠷᠢᠯᠡᠬᠦ ᠠᠷᠭ᠎ᠠ ᠶᠢ《ᠪᠦᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠦᠷᠪᠡ᠂ ᠵᠢᠷᠭᠤᠳᠤᠭᠠᠷ ᠳᠡᠰ ᠤᠨ ᠰᠢᠯᠭᠠᠯᠲᠠ 》 ᠶᠢᠨ ᠰᠦᠯᠵᠢᠶᠡᠨ ᠤ《ᠦᠨᠡᠮᠯᠡᠯ / ᠬᠢᠷᠢ ᠪᠦᠲᠦᠮᠵᠢ ᠶᠢᠨ ᠬᠠᠭᠤᠳᠠᠰᠤ ᠶᠢ ᠵᠠᠰᠠᠬᠤ 》ᠲᠤᠰᠬᠠᠶ ᠪᠤᠯᠤᠩ ᠳᠤ ᠨᠡᠶᠢᠲᠡᠯᠡᠭᠰᠡᠨ《ᠴᠢᠬᠤᠯᠠ ᠮᠡᠳᠡᠭᠳᠡᠯ 》 ᠢ ᠦᠵᠡᠭᠡᠷᠡᠢ᠃

 

ᠢᠷᠡᠯᠲᠡ᠄      ᠨᠠᠶᠢᠷᠠᠭᠤᠯᠤᠭᠴᠢ᠄