home
home

    《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2017 ᠣᠨ ᠤ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠬᠡᠷᠡᠭᠴᠡᠭᠡ ᠶᠢᠨ ᠭᠠᠷᠴᠠᠭ 》 ᠢ ᠨᠡᠶᠢᠲᠡᠯᠡᠬᠦ ᠲᠣᠬᠠᠢ ᠠᠯᠪᠠᠨ ᠵᠠᠷ

2017-08-25  15:15

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠣᠷᠣᠭᠤᠯᠵᠤ ᠢᠷᠡᠬᠦ ᠠᠵᠢᠯ  ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠳ ᠢ ᠶᠡᠭᠡ ᠪᠠᠷ ᠲᠥᠪᠯᠡᠷᠡᠭᠦᠯᠦᠨ ᠥᠪᠥᠷ ᠮᠣᠩᠭᠤᠯ ᠳᠤ ᠢᠷᠡᠵᠦ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠭᠤᠯᠬᠤ ᠶᠢᠨ ᠲᠤᠰᠠᠳᠠ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ 2017 ᠣᠨ ᠤ ᠪᠥᠬᠦ ᠣᠷᠣᠨ ᠤ ᠴᠢᠳᠠᠪᠤᠷᠢᠲᠠᠨ ᠤ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠠᠵᠢᠯ ᠤᠨ ᠪᠠᠶᠢᠷᠢ ᠶᠢᠨ ᠬᠡᠷᠡᠭᠴᠡᠭᠡᠨ ᠤ ᠮᠡᠳᠡᠭᠡ ᠵᠠᠩᠭᠢ ᠶᠢ ᠥᠷᠭᠡᠨ ᠢᠶᠠᠷ ᠴᠤᠭᠯᠠᠭᠤᠯᠵᠤ᠂《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2017 ᠣᠨ ᠤ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠬᠡᠷᠡᠭᠴᠡᠭᠡ ᠶᠢᠨ ᠭᠠᠷᠴᠠᠭ 》(ᠳᠣᠷᠣᠭᠰᠢ《ᠭᠠᠷᠴᠠᠭ》ᠭᠡᠵ ᠲᠣᠪᠴᠢᠯᠠᠨ᠎ᠠ  ) ᠢ ᠨᠠᠶᠢᠷᠠᠭᠤᠯᠤᠨ ᠵᠣᠬᠢᠶᠠᠵᠤ᠂ ᠡᠳᠦᠭᠡ ᠨᠡᠶᠢᠲᠡᠯᠡᠪᠡ᠃

《ᠭᠠᠷᠴᠠᠭ 》ᠲᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠡᠮᠨᠡᠯᠭᠡ ᠶᠢᠨ ᠬᠤᠷᠢᠶ᠎ᠠ ᠵᠡᠷᠭᠡ ᠣᠷᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ᠂ ᠲᠤᠮᠤ ᠳᠤᠮᠳᠠ ᠬᠡᠯᠪᠡᠷᠢ ᠶᠢᠨ ᠠᠵᠤ ᠠᠬᠤᠶᠢᠯᠠᠯ ᠵᠢᠴᠢ ᠬᠡᠰᠡᠭ ᠠᠶᠢᠮᠠᠭ ᠬᠤᠲᠠ ᠶᠢᠨ ᠠᠵᠢᠯ ᠦᠢᠯᠡᠰ ᠤᠨ ᠨᠢᠭᠡᠴᠡ ᠪᠣᠯᠣᠨ ᠠᠵᠤ ᠠᠬᠤᠶᠢᠯᠠᠯ ᠢ ᠬᠠᠮᠤᠷᠴᠤ᠂ ᠵᠢᠭᠠᠨ ᠰᠤᠷᠭᠠᠬᠤ᠂ ᠰᠢᠨᠵᠢᠯᠡᠬᠦ ᠤᠬᠠᠭᠠᠨ ᠤ ᠰᠤᠳᠤᠯᠤᠯ᠂ ᠡᠮ ᠡᠮᠨᠡᠯᠭᠡ᠂ ᠬᠠᠮᠢᠶᠠᠷᠤᠯᠲᠠ᠂ ᠮᠡᠷᠭᠡᠵᠢᠯ ᠵᠡᠷᠭᠡ 995 ᠠᠵᠢᠯ ᠤᠨ ᠪᠠᠶᠢᠷᠢ ᠶᠢᠨ ᠨᠡᠶᠢᠲᠡ 1617 ᠬᠥᠮᠦᠨ ᠢ ᠪᠠᠭᠲᠠᠭᠠᠪᠠ᠂ ᠡᠳᠡᠭᠡᠷ  ᠨᠢ ᠴᠥᠮ ᠡᠯ᠎ᠡ ᠭᠠᠵᠠᠷ ᠣᠷᠣᠨ᠂ ᠡᠯ᠎ᠡ ᠨᠢᠭᠡᠴᠡ ᠶᠢᠨ ᠪᠠᠴᠢᠮ ᠬᠡᠷᠡᠭᠰᠡᠬᠦ ᠬᠤᠪᠣᠷ ᠴᠤᠬᠠᠭ ᠴᠢᠳᠠᠪᠤᠷᠢᠲᠠᠨ ᠪᠣᠯᠣᠨ᠎ᠠ᠃ ᠬᠥᠮᠦᠨ ᠬᠡᠷᠡᠭᠯᠡᠬᠦ ᠨᠢᠭᠡᠴᠡ ᠨᠢ ᠠᠵᠢᠯ ᠤᠨ ᠪᠠᠶᠢᠷᠢ ᠶᠢᠨ ᠣᠨᠴᠠᠯᠢᠭ ᠢᠶᠠᠨ ᠦᠨᠳᠦᠰᠦᠯᠡᠨ᠂ᠣᠷᠣᠭᠤᠯᠤᠨ ᠠᠪᠴᠢᠷᠠᠬᠤ ᠴᠢᠳᠠᠪᠤᠷᠢᠲᠠᠨ ᠤ ᠲᠤᠰᠬᠠᠶ ᠮᠡᠷᠭᠡᠵᠢᠯ᠂ ᠡᠷᠳᠡᠮ ᠰᠢᠨᠵᠢᠯᠡᠭᠡᠨ ᠤ ᠬᠢᠷᠢ ᠲᠦᠪᠰᠢᠨ ᠵᠡᠷᠭᠡ ᠲᠠᠯ᠎ᠠ ᠪᠠᠷ ᠪᠣᠳᠠᠲᠠᠶ ᠱᠠᠭᠠᠷᠳᠠᠯᠭ᠎ᠠ ᠳᠤᠷᠠᠳᠴᠤ᠂ ᠨᠥᠬᠦᠴᠡᠯ ᠳᠤ ᠨᠡᠶᠢᠴᠡᠭᠰᠡᠨ ᠡᠯ᠎ᠡ ᠲᠦᠷᠦᠯ ᠤᠨ ᠴᠢᠳᠠᠪᠤᠷᠢᠲᠠᠨ ᠨᠢ ᠬᠥᠮᠦᠨ ᠬᠡᠷᠡᠭᠯᠡᠬᠦ ᠨᠢᠭᠡᠴᠡ ᠲᠠᠢ ᠰᠢᠭᠤᠳ ᠬᠠᠷᠢᠯᠴᠠᠵᠤ ᠪᠣᠯᠤᠨ᠎ᠠ᠃

《ᠭᠠᠷᠴᠠᠭ 》 ᠢ ᠨᠡᠶᠢᠲᠡᠯᠡᠭᠰᠡᠨ ᠶᠠᠪᠤᠳᠠᠯ ᠨᠢ᠂ ᠥᠪᠥᠷ ᠮᠣᠩᠭᠤᠯ ᠤᠨ ᠪᠦᠬᠦ ᠤᠯᠤᠰ ᠲᠤ ᠬᠠᠨᠳᠤᠭᠤᠯᠤᠨ ᠳᠡᠭᠡᠳᠦ ᠲᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠵᠣᠯᠭᠠᠯᠳᠤᠭᠤᠯᠬᠤ ᠲᠠᠪᠴᠠᠩ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠢᠯᠡᠴᠡ ᠪᠣᠯᠣᠨ ᠲᠤᠲᠤᠴᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠲᠠᠷᠠᠭᠠᠴᠢ ᠶᠢᠨ ᠠᠯᠬᠤᠮ ᠳᠤ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠰᠠᠶᠢᠲᠤᠷ ᠬᠢᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃《ᠭᠠᠷᠴᠠᠭ 》 ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠪᠣᠯᠣᠨ《ᠥᠪᠥᠷ ᠮᠣᠩᠭᠤᠯ ᠤᠨ ᠡᠳᠦᠷ ᠤᠨ ᠰᠣᠨᠢᠨ 》ᠳᠡᠭᠡᠷ᠎ᠡ ᠬᠠᠮᠲᠤ ᠳᠤᠨᠢ ᠵᠠᠷᠯᠠᠨ ᠨᠡᠶᠢᠲᠡᠯᠡᠨ᠎ᠡ᠃

ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠰᠦᠯᠵᠢᠶᠡᠨ ᠤ ᠬᠠᠶ᠋ᠢᠭ᠄

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ (http://www.nmg.gov.cn)

ᠤᠮᠠᠷᠠᠲᠤ ᠶᠢᠨ ᠬᠤᠰᠢᠭᠤᠴᠢ ᠰᠦᠯᠵᠢᠶ᠎ᠡ(http://www.nmgdj.gov.cn)

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠦᠯᠵᠢᠶ᠎ᠡ(http://www.nm12333.cn)

ᠥᠪᠥᠷ ᠮᠣᠩᠭᠤᠯ ᠤᠨ ᠴᠢᠳᠠᠪᠤᠷᠢᠲᠠᠨ ᠤ ᠠᠵᠢᠯ ᠤᠨ ᠰᠦᠯᠵᠢᠶ᠎ᠡ (http://rcgz.nmgdj.gov.cn)       ᠥᠪᠥᠷ ᠮᠣᠩᠭᠤᠯ ᠤᠨ ᠴᠢᠳᠠᠪᠤᠷᠢᠲᠠᠨ ᠤ ᠰᠦᠯᠵᠢᠶ᠎ᠡ(http://www.nmgrc.com)

ᠳᠠᠭᠠᠯᠳᠤᠭᠤᠯᠤᠯ᠄ᠳᠠᠭᠠᠯᠳᠤᠭᠤᠯᠤᠯ᠄ 2017 ᠣᠨ ᠤ ᠴᠢᠳᠠᠪᠤᠷᠢᠲᠠᠨ ᠤᠷᠢᠬᠤ ᠭᠠᠷᠴᠠᠭ᠃

 

ᠢᠷᠡᠯᠲᠡ᠄      ᠨᠠᠶᠢᠷᠠᠭᠤᠯᠤᠭᠴᠢ᠄